ᠪᠡᠯᠡ ᠤᠷᠤᠭᠤᠯᠤᠯᠳᠠ᠎ᠶ᠋ᠢᠨ ᠨᠡᠮᠡᠭ᠌ᠳᠡᠯ ᠪᠦᠬᠦ᠌ ᠤᠯᠤᠰ᠎ᠲᠤ ᠲᠠᠳ᠋ᠯᠡᠵᠤ ᠮᠠᠨ᠎ᠤ ᠤᠷᠤᠨ᠎ᠤ ᠴᠢᠬᠤᠯᠡ ᠶᠡᠭᠡ ᠲᠦᠷᠦᠯ ᠵᠦᠢᠯ᠎ᠤᠨ ᠪᠦᠲᠦᠭᠡᠨ ᠪᠠ ᠵᠢᠭᠤᠯᠤᠯᠳᠠ ᠴᠢᠩᠭ᠎ᠠ ᠡᠷᠴᠢᠮᠲᠠᠢ ᠶᠠᠪᠤᠭ᠍ᠳᠠᠵᠤ ᠪᠠ ᠵᠢᠨ᠎ᠠ
2021-09-21 11:03:48
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠪᠤᠯᠤᠩ ᠨᠡᠬᠡᠬᠡᠬᠦ᠌ ᠦᠭᠡ᠄

ᠲᠦᠷᠦᠯ ᠵᠦᠢᠯ᠎ᠤᠨ ᠪᠦᠲᠦᠭᠡᠨ ᠪᠠ ᠵᠢᠭᠤᠯᠤᠯᠳᠠ ᠪᠤᠯ ᠠᠵᠤ ᠠᠬᠤᠢ ᠨᠡ ᠵᠢᠭᠡᠮ᠎ᠤᠨ ᠬᠦᠭ᠌ᠵᠢᠯᠳᠡ᠎ᠶ᠋ᠢᠨ ᠪᠦᠬᠦ᠌ ᠲᠠᠯ᠎ᠠ᠎ᠶ᠋ᠢ ᠲᠠ ᠵᠢᠴᠢᠯᠠᠬᠤ 《ᠵᠢᠯᠤᠭᠤ》 ᠮᠦᠨ᠃ ᠡᠨᠡ ᠵᠢᠯ᠎ᠠᠴᠠ ᠨᠠᠭᠠᠰᠢ ᠮᠠᠨ᠎ᠤ ᠤᠷᠤᠨ ᠲᠦᠷᠦᠯ ᠵᠦᠢᠯ᠎ᠤᠨ ᠪᠦᠲᠦᠭᠡᠨ ᠪᠠ ᠵᠢᠭᠤᠯᠤᠯᠳᠠ᠎ᠶ᠋ᠢ ᠮᠦᠨ ᠬᠦ᠌ ᠴᠢᠩᠭ᠎ᠠ ᠠᠳᠭᠤᠵᠤ᠂ ᠪᠦᠲᠦᠮᠵᠢᠳᠠᠢ ᠨᠠ ᠵᠢᠳᠠᠪᠤᠷᠢᠵᠢᠭᠤᠯᠤᠭ᠍ᠰᠠᠨ᠎ᠢᠶᠠᠷ 《ᠠᠷᠪᠠᠨ ᠳᠦᠷᠪᠡᠳᠦᠭᠡᠷ ᠳᠠᠪᠤᠨ ᠵᠢᠯ》 ᠎ᠢ ᠰᠠ᠊ ᠎ᠶ᠋ᠢᠨ ᠰᠠ ᠵᠢᠬᠠᠨ᠎ᠢᠶᠠᠷ ᠡᠬᠢᠯᠡᠬᠦᠯᠬᠦ᠌᠎ᠳᠤ ᠪᠠᠳᠤ ᠰᠠᠭᠤᠷᠢ ᠲᠠᠯᠪᠢᠵᠠᠢ᠃ ᠲᠤᠰ ᠰᠤᠨᠢᠨ ᠡᠨᠡ ᠡᠳᠦᠷ᠎ᠠᠴᠠ ᠡᠬᠢᠯᠡᠨ 《ᠬᠦᠭ᠌ᠵᠢᠯᠳᠡ᠎ᠶ᠋ᠢ ᠡᠷᠢᠯᠬᠢᠯᠡᠨ ᠬᠡᠯᠪᠡᠷᠢ᠎ᠪᠠᠨ ᠬᠤᠪᠢᠷᠠᠭᠤᠯᠵᠤ ᠲᠦᠷᠦᠯ ᠵᠦᠢᠯ᠎ᠢ ᠠᠳᠭᠤᠶ᠎ᠠ》 ᠭᠡᠬᠦ᠌ ᠲᠤᠰᠭᠠᠢ ᠪᠤᠯᠤᠩ ᠨᠡᠭᠡᠭᠡᠵᠦ᠍᠂ ᠠᠷᠠᠯᠵᠢᠶᠠᠴᠢᠨ ᠤᠷᠢᠵᠤ ᠪᠡᠯᠡ ᠤᠷᠤᠭᠤᠯᠤᠯᠳᠠ᠎ᠶ᠋ᠢ ᠳᠤᠭ᠍ᠳᠠᠪᠤᠷᠢᠵᠢᠭᠤᠯᠤᠨ᠂ ᠴᠢᠬᠤᠯᠠ ᠶᠡᠭᠡ ᠲᠦᠷᠦᠯ ᠵᠦᠢᠯ᠎ᠤᠨ ᠪᠦᠲᠦᠭᠡᠨ ᠪᠠ ᠵᠢᠭᠤᠯᠤᠯᠳᠠ᠎ᠶ᠋ᠢ ᠠᠬᠢᠭᠤᠯᠤᠭ᠍ᠰᠠᠨ; ᠠᠵᠤ ᠠᠬᠤ ᠵᠢᠯᠠᠯ᠎ᠤᠨ ᠪᠡᠯᠡ ᠬᠤᠷᠠᠮᠳᠤᠭᠤᠯᠬᠤ ᠬᠦᠴᠢᠷᠳᠡᠯ᠎ᠢ ᠱᠢᠢᠳᠪᠤᠷᠢᠯᠡᠵᠤ᠂ ᠲᠦᠷᠦᠯ ᠵᠦᠢᠯ᠎ᠤᠨ ᠨᠠ ᠵᠢᠳᠠᠪᠤᠷᠢᠵᠢᠭᠤᠯᠤᠯᠳᠠ᠎ᠶ᠋ᠢ ᠪᠠᠳᠤᠯᠠᠭ᠍ᠰᠠᠨ; ᠳᠤᠳᠠᠭᠤᠳᠠᠯ᠎ᠢᠶᠠᠨ ᠨᠦᠬᠦᠪᠤᠷᠢᠯᠡᠵᠦ᠍᠂ ᠰᠠᠭᠤᠷᠢ ᠲᠦᠬᠦᠭᠡᠷᠦᠮᠵᠢ᠎ᠶ᠋ᠢᠨ ᠪᠦᠲᠦᠭᠡᠨ ᠪᠠ ᠵᠢᠭᠤᠯᠤᠯᠳᠠ᠎ᠶ᠋ᠢ ᠴᠢᠩᠭᠠᠳᠭᠠᠭ᠍ᠰᠠᠨ ᠵᠡᠷᠭᠡ ᠲᠠᠯ᠎ᠠ᠎ᠶ᠋ᠢᠨ ᠪᠠ ᠵᠢᠳᠠᠯ᠎ᠢ ᠲᠦᠪᠯᠡᠷᠡᠭᠦᠯᠦᠨ ᠮᠡᠳᠡᠭᠡᠯᠡᠬᠦ᠌ ᠪᠤᠯᠤᠨ᠎ᠠ᠃ ᠠᠩᠬᠠᠷᠤᠨ ᠤᠩᠱᠢᠮᠤ! — ᠨᠠ ᠵᠢᠷᠠᠭᠤᠯᠤᠭ᠍ᠴᠢ᠎ᠠᠴᠠ



ᠡᠨᠡ ᠵᠢᠯ ᠮᠠᠨ᠎ᠤ ᠤᠷᠤᠨ ᠨᠡ ᠵᠢᠳᠡ 4974 ᠳ᠋ᠦᠩᠱᠢᠭᠤᠷ ᠲᠦᠭᠦᠷᠢᠭ᠎ᠤᠨ ᠪᠡᠯᠡ ᠤᠷᠤᠭᠤᠯᠤᠯᠳᠠ᠎ᠲᠠᠢ 3228 ᠴᠢᠬᠤᠯᠠ ᠶᠡᠭᠡ ᠲᠦᠷᠦᠯ ᠵᠦᠢᠯ᠎ᠢ ᠬᠡᠷᠡᠭ᠌ᠵᠢᠭᠦᠯᠬᠦ᠌᠎ᠪᠠᠷ ᠲᠦᠯᠦᠪᠯᠡᠵᠦ᠍ ᠪᠤᠢ᠃ ᠡᠨᠡ ᠬᠦ᠌ ᠬᠠᠷᠠᠯᠳᠠ᠎ᠳᠠᠭᠠᠨ ᠬᠦᠷᠬᠦ᠌᠎ᠶ᠋ᠢᠨ ᠲᠦᠯᠦᠭᠡ ᠵᠢᠯ᠎ᠤᠨ ᠡᠬᠢᠨ᠎ᠠᠴᠠ ᠨᠠᠭᠠᠰᠢ ᠦᠪᠡᠷᠳᠡᠭᠡᠨ ᠵᠠᠰᠠᠬᠤ ᠤᠷᠤᠨ᠎ᠤ ᠡᠯ᠎ᠠ ᠬᠤᠯᠪᠤᠭ᠍ᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠨᠠᠮ᠎ᠤᠨ ᠲᠦᠪ ᠬᠤᠷᠢᠶ᠎ᠠ᠂ ᠲᠦᠷᠦ᠎ᠶ᠋ᠢᠨ ᠶᠠᠪᠤᠳᠠᠯ᠎ᠤᠨ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠤᠷᠳᠤᠨ᠎ᠤ ᠪᠡᠯᠡ ᠤᠷᠤᠭᠤᠯᠤᠯᠳᠠ᠎ᠶ᠋ᠢ ᠳᠤᠭ᠍ᠳᠠᠪᠤᠷᠢᠵᠢᠭᠤᠯᠬᠤ ᠲᠤᠬᠠᠢ ᠡᠯ᠎ᠠ ᠵᠦᠢᠯ᠎ᠤᠨ ᠱᠢᠢᠳᠪᠤᠷᠢᠳᠦ ᠪᠤᠳᠤᠯᠭ᠎ᠠ ᠪᠠ ᠵᠢᠷᠢᠯᠠᠭᠤᠯᠤᠯᠳᠠ᠎ᠶ᠋ᠢ ᠨᠠᠷᠢᠨ ᠬᠢᠨᠠᠮᠠᠭᠠᠢ ᠨᠠ ᠵᠢᠳᠠᠪᠤᠷᠢᠵᠢᠭᠤᠯᠵᠤ᠂ ᠪᠦᠲᠦᠮᠵᠢᠳᠠᠢ ᠪᠡᠯᠡ ᠤᠷᠤᠭᠤᠯᠤᠯᠳᠠ᠎ᠶ᠋ᠢ ᠵᠤᠬᠢᠰᠳᠠᠢ ᠦᠷᠭᠡᠳᠭᠡᠭ᠌ᠰᠡᠨ᠎ᠢᠶᠠᠷ ᠪᠡᠯᠡ ᠤᠷᠤᠭᠤᠯᠤᠯᠳᠠ᠎ᠶ᠋ᠢᠨ ᠨᠡᠮᠡᠭ᠌ᠳᠡᠯ ᠪᠦᠬᠦ᠌ ᠤᠯᠤᠰ᠎ᠲᠤ ᠲᠡᠳ᠋ᠯᠡᠵᠤ᠂ ᠴᠢᠬᠤᠯᠡ ᠶᠡᠭᠡ ᠲᠦᠷᠦᠯ ᠵᠦᠢᠯ᠎ᠤᠨ ᠪᠦᠲᠦᠭᠡᠨ ᠪᠠ ᠵᠢᠭᠤᠯᠤᠯᠳᠠ ᠴᠢᠩᠭ᠎ᠠ ᠡᠷᠴᠢᠮᠲᠠᠢ ᠶᠠᠪᠤᠭ᠍ᠳᠠᠵᠤ ᠪᠠ ᠵᠢᠨ᠎ᠠ᠃

2 ᠰᠠᠷ᠎ᠠ᠎ᠶ᠋ᠢᠨ 28 ᠎ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ ᠬᠤᠷᠠᠯ ᠬᠤᠷᠠᠯᠳᠤᠭᠤᠯᠵᠤ᠂ ᠡᠯ᠎ᠠ ᠠ ᠵᠢᠮᠠᠭ ᠬᠤᠳᠠ᠎ᠶ᠋ᠢᠨ ᠡᠨᠡ ᠵᠢᠯ᠎ᠤᠨ ᠴᠢᠬᠤᠯᠠ ᠶᠡᠭᠡ ᠲᠦᠷᠦᠯ ᠵᠦᠢᠯ᠎ᠤᠨ ᠪᠦᠲᠦᠭᠡᠨ ᠪᠠ ᠵᠢᠭᠤᠯᠤᠯᠳᠠ᠎ᠶ᠋ᠢᠨ ᠠᠵᠢᠯ᠎ᠢ ᠰᠠ ᠵᠢᠳᠦᠷ ᠠᠳᠭᠤᠬᠤ ᠲᠤᠬᠠᠢ ᠪᠠ ᠵᠢᠷᠢᠯᠠᠭᠤᠯᠤᠯᠳᠠ ᠬᠢᠪᠡ; 3 ᠰᠠᠷ᠎ᠠ᠎ᠶ᠋ᠢᠨ 18 ᠎ᠤ ᠡᠳᠦᠷ᠂ ᠦᠪᠡᠷᠳᠡᠭᠡᠨ ᠵᠠᠰᠠᠬᠤ ᠤᠷᠤᠨ᠎ᠠᠴᠠ ᠰᠤᠳᠤᠯᠤᠨ ᠵᠤᠬᠢᠴᠠᠭᠤᠯᠬᠤ ᠬᠤᠷᠠᠯ ᠬᠤᠷᠠᠯᠳᠤᠭᠤᠯᠵᠤ᠂ ᠲᠦᠷᠦᠯ ᠵᠦᠢᠯ᠎ᠤᠨ ᠡᠮᠦᠨᠡᠬᠢ ᠬᠤᠭᠤᠴᠠᠭᠠᠨ᠎ᠤ ᠠᠵᠢᠯ᠎ᠢ ᠲᠦᠷᠭᠡᠳᠭᠡᠨ ᠠᠬᠢᠭᠤᠯᠵᠤ᠂ ᠴᠢᠬᠤᠯᠠ ᠶᠡᠭᠡ ᠲᠦᠷᠦᠯ ᠵᠦᠢᠯ᠎ᠤᠨ ᠪᠦᠲᠦᠭᠡᠨ ᠪᠠ ᠵᠢᠭᠤᠯᠤᠯᠳᠠ᠎ᠶ᠋ᠢ ᠪᠠᠷᠢᠯᠭ᠎ᠠ᠎ᠶ᠋ᠢ ᠡᠬᠢᠯᠡᠭᠦᠯᠬᠦ᠌ ᠪᠠ ᠰᠡᠷᠭᠦᠭᠡᠬᠦ᠌ ᠲᠤᠬᠠᠢ ᠪᠠ ᠵᠢᠷᠢᠯᠠᠭᠤᠯᠪᠠ; 4 ᠰᠠᠷ᠎ᠠ᠎ᠶ᠋ᠢᠨ 18 ᠎ᠠᠴᠠ 19 ᠎ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ᠎ᠤ ᠨᠠᠮ ᠵᠠᠰᠠᠭ᠎ᠤᠨ ᠱᠢᠨᠵᠢᠯᠡᠨ ᠪᠠ ᠵᠢᠴᠠᠭᠠᠬᠤ ᠪᠦᠯᠬᠦᠮ ᠱᠠᠩᠬᠠᠢ ᠬᠤᠳᠠ ᠪᠤᠯᠤᠨ ᠵᠢᠶᠠᠩᠰᠤ ᠮᠤᠵᠢ᠎ᠳᠤ ᠱᠢᠨᠵᠢᠯᠡᠨ ᠪᠠ ᠵᠢᠴᠠᠭᠠᠵᠤ᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ ᠬᠢᠭᠡᠳ ᠵᠦᠩ ᠶᠤᠸᠠᠨ ᠳᠠᠯᠠᠢ᠎ᠶ᠋ᠢᠨ ᠲᠡᠭᠡᠭᠡᠪᠤᠷᠢ᠎ᠶ᠋ᠢᠨ ᠪᠦᠯᠦᠭ᠌ᠯᠡᠯ᠂ ᠪᠤᠭᠤᠳᠤ ᠬᠤᠳᠠ᠎ᠶ᠋ᠢᠨ ᠵᠠᠰᠠᠭ᠎ᠤᠨ ᠤᠷᠳᠤᠨ ᠬᠢᠭᠡᠳ ᠲᠦᠩ ᠴᠧᠩ ᠵᠢᠭᠤᠯᠴᠢᠯᠠᠯ᠎ᠤᠨ ᠪᠦᠯᠦᠭ᠌ᠯᠡᠯ᠂ ᠤᠷᠳᠤᠰ ᠬᠤᠳᠠ᠎ᠶ᠋ᠢᠨ ᠵᠠᠰᠠᠭ᠎ᠤᠨ ᠤᠷᠳᠤᠨ ᠬᠢᠭᠡᠳ ᠶᠤᠸᠠᠨ ᠵᠢᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠦᠯᠦᠭ᠌ᠯᠡᠯ᠂ ᠱᠧᠩ ᠬᠤᠩ ᠪᠦᠯᠦᠭ᠌ᠯᠡᠯ᠂ ᠦᠪᠦᠷ ᠮᠤᠩᠭᠤᠯ᠎ᠤᠨ ᠴᠠᠬᠢᠯᠭᠠᠨ ᠬᠦᠴᠦᠨ᠎ᠤ ᠪᠦᠯᠦᠭ᠌ᠯᠡᠯ ᠬᠢᠭᠡᠳ ᠶᠤᠸᠠᠨ ᠵᠢᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠦᠯᠦᠭ᠌ᠯᠡᠯ ᠲᠤᠰ ᠲᠤᠰ ᠬᠠᠮᠳᠤᠷᠠᠯᠴᠠᠭᠠᠨ᠎ᠤ ᠵᠦᠪᠯᠡᠯᠴᠡᠭᠡᠷ ᠳᠤᠬᠢᠷᠠᠯᠴᠠᠪᠠ; 4 ᠰᠠᠷ᠎ᠠ᠎ᠶ᠋ᠢᠨ 21 ᠎ᠠᠴᠠ 22 ᠎ᠤᠨ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ᠎ᠠᠴᠠ ᠴᠢᠨᠠᠷ ᠰᠠ ᠵᠢᠳᠠᠢ ᠬᠦᠭ᠌ᠵᠢᠯᠳᠡ᠎ᠶ᠋ᠢ ᠠᠬᠢᠭᠤᠯᠬᠤ ᠴᠢᠬᠤᠯᠠ ᠶᠡᠭᠡ ᠲᠦᠷᠦᠯ ᠵᠦᠢᠯ᠎ᠤᠨ ᠪᠦᠲᠦᠭᠡᠨ ᠪᠠ ᠵᠢᠭᠤᠯᠤᠯᠳᠠ᠎ᠶ᠋ᠢᠨ ᠲᠠ ᠵᠢᠴᠢᠯᠠᠯᠳᠠ᠎ᠶ᠋ᠢᠨ ᠶᠡᠭᠡ ᠬᠤᠷᠠᠯ ᠬᠤᠷᠠᠯᠳᠤᠭᠤᠯᠵᠤ᠂ ᠰᠠᠭᠤᠷᠢ ᠲᠦᠬᠦᠭᠡᠷᠦᠮᠵᠢ᠎ᠶ᠋ᠢᠨ ᠪᠦᠲᠦᠭᠡᠨ ᠪᠠ ᠵᠢᠭᠤᠯᠤᠯᠳᠠ᠂ ᠱᠢᠨ᠎ᠠ᠎ᠪᠠᠷ ᠮᠠᠨᠳᠤᠭ᠍ᠰᠠᠨ ᠠᠵᠤ ᠦᠢᠯᠡᠰ᠂ ᠦᠨᠳᠦᠰᠦᠨ ᠤᠯᠠᠨ ᠨᠡ ᠵᠢᠳᠡ᠎ᠶ᠋ᠢᠨ ᠦᠢᠯᠡᠴᠢᠯᠡᠭᠡ᠂ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠡᠷᠭᠡ ᠤᠯᠠᠨ ᠬᠦᠷᠢᠶᠡᠨ᠎ᠳᠤ ᠬᠤᠯᠪᠤᠭ᠍ᠳᠠᠭ᠍ᠰᠠᠨ ᠪᠦᠬᠦ᠌ ᠤᠷᠤᠨ᠎ᠤ 610 ᠴᠢᠬᠤᠯᠠ ᠶᠡᠭᠡ ᠲᠦᠷᠦᠯ ᠵᠦᠢᠯ᠎ᠢ ᠲᠦᠪᠯᠡᠷᠡᠭᠦᠯᠦᠨ ᠪᠠᠷᠢᠯᠭ᠎ᠠ ᠡᠬᠢᠯᠡᠭᠦᠯᠪᠡ; 7 ᠰᠠᠷ᠎ᠠ᠎ᠶ᠋ᠢᠨ 21 ᠎ᠤ ᠡᠳᠦᠷ᠂ ᠪᠦᠬᠦ᠌ ᠤᠯᠤᠰ᠎ᠤᠨ ᠦᠢᠯᠡᠳᠪᠤᠷᠢ ᠬᠤᠳᠠᠯᠳᠤᠭᠠᠨ᠎ᠤ ᠬᠤᠯᠪᠤᠭ᠎ᠠ᠎ᠶ᠋ᠢᠨ ᠲᠡᠷᠢᠭᠦᠯᠡᠭ᠌ᠴᠢ᠎ᠶ᠋ᠢᠨ ᠳᠡᠭᠡᠳᠦ ᠳᠡᠰ᠎ᠤᠨ ᠲᠦᠷᠦᠭᠦᠴᠤᠳ᠎ᠤᠨ ᠬᠤᠷᠠᠯ ᠵᠢᠴᠢ ᠪᠦᠬᠦ᠌ ᠤᠯᠤᠰ᠎ᠤᠨ ᠱᠢᠯᠢᠳᠡᠭ ᠬᠦᠴᠦᠷᠬᠡᠭ ᠠᠷᠠᠳ᠎ᠤᠨ ᠡᠵᠡᠩᠨᠡᠯᠳᠡ᠎ᠶ᠋ᠢᠨ ᠠᠵᠤ ᠠᠬᠤ ᠵᠢᠯᠠᠯ᠎ᠤᠨ ᠦᠪᠦᠷ ᠮᠤᠩᠭᠤᠯ᠎ᠤᠨ ᠴᠢᠨᠠᠷ ᠰᠠ ᠵᠢᠳᠠᠢ ᠬᠦᠭ᠌ᠵᠢᠯᠳᠡ᠎ᠶ᠋ᠢ ᠳᠡᠮᠵᠢᠨ ᠠᠬᠢᠭᠤᠯᠬᠤ ᠶᠡᠭᠡ ᠬᠤᠷᠠᠯ ᠬᠦᠬᠡᠬᠤᠳᠠ᠎ᠳᠤ ᠬᠤᠷᠠᠯᠳᠤᠵᠤ᠂ ᠬᠤᠷᠠᠯ ᠳᠡᠭᠡᠷ᠎ᠠ ᠨᠡ ᠵᠢᠳᠡ 3593.7 ᠳ᠋ᠦᠩᠱᠢᠭᠤᠷ ᠲᠦᠭᠦᠷᠢᠭ᠎ᠤᠨ ᠪᠡᠯᠡ ᠤᠷᠤᠭᠤᠯᠤᠯᠳᠠ᠎ᠳᠤ ᠬᠤᠯᠪᠤᠭ᠍ᠳᠠᠬᠤ 156 ᠲᠦᠷᠦᠯ ᠵᠦᠢᠯ᠎ᠤᠨ ᠭᠡᠷ᠎ᠠ ᠳᠤᠬᠢᠷᠠᠯᠴᠠᠭ᠍ᠰᠠᠨ ᠪᠠ ᠵᠢᠨ᠎ᠠ ᠁

ᠡᠨᠡ ᠮᠡᠳᠦ᠎ᠪᠠᠷ ᠵᠢᠯ᠎ᠤᠨ ᠡᠬᠢᠨ᠎ᠠᠴᠠ ᠨᠠᠭᠠᠰᠢ ᠮᠠᠨ᠎ᠤ ᠤᠷᠤᠨ ᠪᠠᠷᠤᠭ ᠰᠠᠷ᠎ᠠ ᠪᠤᠯᠭᠠᠨ᠎ᠳᠤ ᠴᠢᠬᠤᠯᠠ ᠶᠡᠭᠡ ᠲᠦᠷᠦᠯ ᠵᠦᠢᠯ᠎ᠤᠨ ᠪᠦᠲᠦᠭᠡᠨ ᠪᠠ ᠵᠢᠭᠤᠯᠤᠯᠳᠠ᠎ᠶ᠋ᠢᠨ ᠲᠤᠬᠠᠢ ᠴᠢᠬᠤᠯᠡ ᠶᠡᠭᠡ ᠬᠤᠷᠠᠯ ᠪᠤᠶᠤ ᠠᠵᠢᠯᠯᠠᠭ᠎ᠠ ᠶᠠᠪᠤᠭ᠍ᠳᠠᠭᠤᠯᠵᠤ᠂ ᠤᠯᠠᠨ ᠠᠷᠭ᠎ᠠ ᠬᠡᠮᠵᠢᠶ᠎ᠠ᠎ᠶ᠋ᠢ ᠵᠡᠷᠭᠡ᠎ᠪᠠᠷ ᠬᠡᠷᠡᠭ᠌ᠯᠡᠨ ᠴᠢᠬᠤᠯᠠ ᠶᠡᠭᠡ ᠲᠦᠷᠦᠯ ᠵᠦᠢᠯ᠎ᠤᠨ ᠪᠦᠲᠦᠭᠡᠨ ᠪᠠ ᠵᠢᠭᠤᠯᠤᠯᠳᠠ᠎ᠶ᠋ᠢ ᠠᠬᠢᠭᠤᠯᠵᠠᠢ᠃ ᠡᠭᠦᠨ᠎ᠤ ᠬᠠᠮᠳᠤ ᠬᠠᠭᠠᠰ ᠰᠠᠷ᠎ᠠ ᠪᠦᠷᠢ᠎ᠳᠤ ᠴᠢᠬᠤᠯᠠ ᠶᠡᠭᠡ ᠲᠦᠷᠦᠯ ᠵᠦᠢᠯ᠎ᠤᠨ ᠠᠬᠢᠴᠠ᠎ᠶ᠋ᠢᠨ ᠪᠠ ᠵᠢᠳᠠᠯ᠎ᠢ ᠪᠠ ᠵᠢᠴᠠᠭᠠᠨ ᠵᠤᠬᠢᠴᠠᠭᠤᠯᠵᠤ᠂ ᠪᠦᠳᠦᠬᠡᠨ ᠪᠠ ᠵᠢᠭᠤᠯᠤᠯᠳᠠ᠎ᠶ᠋ᠢᠨ ᠳᠠᠷᠤᠯᠳᠠ᠎ᠶ᠋ᠢ ᠱᠠᠳᠤ ᠱᠠᠳᠤ᠎ᠪᠠᠷ ᠳᠠᠮᠵᠢᠭᠤᠯᠤᠨ ᠡᠷᠴᠢᠮ᠎ᠢ ᠴᠢᠩᠭᠠᠷᠠᠭᠤᠯᠤᠭ᠍ᠰᠠᠨ᠎ᠢᠶᠠᠷ᠂ ᠡᠨᠡ ᠵᠢᠯ᠎ᠤᠨ ᠲᠦᠷᠦᠭᠦᠦ ᠤᠯᠠᠷᠢᠯ᠎ᠳᠤ ᠪᠦᠬᠦ᠌ ᠤᠷᠤᠨ᠎ᠤ ᠴᠢᠬᠤᠯᠠ ᠶᠡᠭᠡ ᠲᠦᠷᠦᠯ ᠵᠦᠢᠯ᠎ᠤᠨ ᠪᠡᠯᠡ ᠤᠷᠤᠭᠤᠯᠤᠯᠳᠠ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 72.3% ᠎ᠪᠠᠷ ᠨᠡᠮᠡᠭ᠌ᠳᠡᠵᠦ᠍᠂ ᠴᠢᠬᠤᠯᠠ ᠶᠡᠭᠡ ᠲᠦᠷᠦᠯ ᠵᠦᠢᠯ᠎ᠤᠨ ᠠᠵᠢᠯ ᠦᠢᠯᠡᠳᠪᠤᠷᠢᠯᠡᠯ᠎ᠢᠶᠠᠨ ᠰᠡᠷᠭᠦᠭᠡᠭ᠌ᠰᠡᠨ ᠨᠤᠷᠮ᠎ᠠ 60% ᠎ᠶ᠋ᠢ ᠳᠠᠪᠠᠵᠤ᠂ 8 ᠰᠠᠷ᠎ᠠ᠎ᠶ᠋ᠢᠨ ᠰᠡᠭᠦᠯᠴᠢ ᠪᠤᠯᠳᠠᠯ᠎ᠠ ᠪᠦᠬᠦ᠌ ᠤᠷᠤᠨ᠎ᠤ ᠡᠨᠡ ᠵᠢᠯ᠎ᠤᠨ ᠬᠡᠷᠡᠭ᠌ᠵᠢᠭᠦᠯᠬᠦ᠌᠎ᠪᠠᠷ ᠲᠦᠯᠤᠪᠯᠡᠵᠦ᠍ ᠪᠠ ᠵᠢᠭ᠍ᠰᠠᠨ 5000 ᠲᠦᠮᠡᠨ ᠲᠦᠭᠦᠷᠢᠭ᠎ᠠᠴᠠ ᠳᠡᠭᠡᠭ᠌ᠰᠢᠬᠢ ᠵᠠᠰᠠᠭ᠎ᠤᠨ ᠤᠷᠳᠤᠨ᠎ᠠᠴᠠ ᠪᠡᠯᠡ ᠤᠷᠤᠭᠤᠯᠬᠤ ᠵᠢᠴᠢ ᠳ᠋ᠦᠩᠱᠢᠭᠤᠷ ᠲᠦᠭᠦᠷᠢᠭ᠎ᠠᠴᠠ ᠳᠡᠭᠡᠭ᠌ᠰᠢᠬᠢ ᠠᠵᠤ ᠠᠬᠤ ᠵᠢᠯᠠᠯ᠎ᠠᠴᠠ ᠪᠡᠯᠡ ᠤᠷᠤᠭᠤᠯᠬᠤ 2948 ᠲᠦᠷᠦᠯ ᠵᠦᠢᠯ᠎ᠤᠨ ᠠᠵᠢᠯ ᠦᠢᠯᠡᠳᠪᠤᠷᠢᠯᠡᠯ᠎ᠢ ᠰᠡᠷᠭᠦᠭᠡᠵᠦ᠍᠂ ᠠᠵᠢᠯ ᠦᠢᠯᠡᠳᠪᠤᠷᠢᠯᠡᠯ᠎ᠢ ᠰᠡᠷᠭᠦᠭᠡᠭ᠌ᠰᠡᠨ ᠨᠤᠷᠮ᠎ᠠ 92.8% ᠎ᠳᠤ ᠬᠦᠷᠪᠡ᠃ ᠡᠭᠦᠨ᠎ᠳᠤ 7 ᠰᠠᠷ᠎ᠠ᠎ᠳᠤ ᠠᠵᠢᠯ ᠦᠢᠯᠡᠳᠪᠤᠷᠢᠯᠡᠯ᠎ᠢᠶᠠᠨ ᠰᠡᠷᠭᠦᠭᠡᠭ᠌ᠰᠡᠨ ᠲᠦᠷᠦᠯ ᠵᠦᠢᠯ 78 ᠪᠠ ᠵᠢᠵᠤ᠂ ᠨᠡ ᠵᠢᠳᠡ 2836 ᠳ᠋ᠦᠩᠱᠢᠭᠤᠷ ᠲᠦᠭᠦᠷᠢᠭ᠎ᠤᠨ ᠪᠡᠯᠡ ᠤᠷᠤᠭᠤᠯᠤᠯᠳᠠ᠎ᠶ᠋ᠢ ᠪᠡᠶᠡᠯᠡᠭᠦᠯᠵᠦ᠍᠂ ᠪᠦᠬᠦ᠌ ᠵᠢᠯ᠎ᠤᠨ ᠶᠠᠷᠤᠩᠬᠡᠢ ᠪᠡᠯᠡ ᠤᠷᠤᠭᠤᠯᠤᠯᠳᠠ᠎ᠶ᠋ᠢᠨ ᠲᠦᠯᠦᠪᠯᠡᠭᠡ᠎ᠶ᠋ᠢᠨ 59.3% ᠎ᠳᠤ ᠬᠦᠷᠦᠭ᠌ᠰᠡᠨ ᠪᠠ ᠵᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号