ᠲᠤᠰ ᠰᠤᠨᠢᠨ᠎ᠤ ᠪᠠᠶᠠᠨᠨᠠᠭᠤᠷ᠎ᠤᠨ ᠮᠡᠳᠡᠭᠡ ᠪᠥᠬᠦ᠌ ᠤᠯᠤᠰ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠡᠳᠦᠷᠯᠢᠭ᠎ᠤᠨ ᠪᠠᠶᠠᠨᠨᠠᠭᠤᠷ ᠬᠤᠲᠠ᠎ᠶ᠋ᠢᠨ ᠭᠤᠤᠯ ᠲᠠᠯᠠᠪᠤᠷ᠎ᠤᠨ ᠠᠵᠢᠯᠯᠠᠭ᠎ᠠ ᠬᠤᠲᠠ᠎ᠶ᠋ᠢᠨ ᠮᠣᠩᠭᠤᠯ ᠦᠨᠳᠦᠰᠦᠲᠡᠨ᠎ᠤ ᠳᠤᠮᠳᠠᠳᠤ ᠰᠤᠷᠭᠠᠭᠤᠯᠢ᠎ᠳᠤ ᠡᠬᠢᠯᠡᠪᠡ᠃ ᠠᠵᠢᠯᠯᠠᠭ᠎ᠠ᠎ᠨᠢ ᠪᠥᠬᠦ᠌ ᠬᠤᠲᠠ᠎ᠶ᠋ᠢᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠥᠮᠦᠵᠢᠯ᠎ᠤᠨ 8 ᠰᠠᠭᠤᠷᠢᠨ᠎ᠢ ᠨᠡᠢᠲᠡᠯᠡᠭ᠌ᠰᠡᠨ ᠪᠥᠭᠡᠳ 2021 — 2025 ᠣᠨ᠎ᠤ ᠪᠠᠶᠠᠨᠨᠠᠭᠤᠷ ᠬᠤᠲᠠ᠎ᠶ᠋ᠢᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠥᠮᠦᠵᠢᠯ᠎ᠤᠨ ᠰᠠᠭᠤᠷᠢᠨ᠎ᠤ ᠡᠷᠬᠡ᠎ᠶ᠋ᠢ ᠣᠯᠤᠭ᠍ᠰᠠᠨ ᠨᠢᠭᠡᠴᠢ᠎ᠳᠤ ᠫᠠᠢᠰᠠ ᠣᠯᠭᠤᠪᠠ᠃
ᠪᠠᠶᠠᠨᠨᠠᠭᠤᠷ ᠬᠤᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ᠎ᠠᠴᠠ ᠬᠤᠲᠠ᠎ᠶ᠋ᠢᠨ ᠮᠣᠩᠭᠤᠯ ᠦᠨᠳᠦᠰᠦᠲᠡᠨ᠎ᠤ ᠳᠤᠮᠳᠠᠳᠤ ᠰᠤᠷᠭᠠᠭᠤᠯᠢ᠎ᠳᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠤᠷᠱᠢᠯᠲᠠ᠎ᠶ᠋ᠢᠨ ᠪᠠᠭᠠᠵᠢ ᠬᠡᠷᠡᠭ᠌ᠰᠡᠯ ᠪᠠ ᠨᠣᠮ ᠪᠢᠴᠢᠭ ᠪᠡᠯᠡᠭ᠌ᠯᠡᠪᠡ᠃
ᠠᠵᠢᠯᠯᠠᠭ᠎ᠠ᠎ᠠᠴᠠ᠂ ᠲᠤᠰ ᠬᠤᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠲᠠᠳ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠠᠢᠨ ᠳᠤᠷᠠᠴᠤᠳ ᠥᠨᠳᠥᠷ ᠬᠢᠷᠢ ᠲᠦᠪᠱᠢᠨ ᠪᠥᠬᠦᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦ᠌᠎ᠪᠠᠷ ᠲᠡᠮᠡᠴᠡᠬᠦ᠌ ᠬᠠᠷᠠᠯᠲᠠ᠎ᠪᠠᠨ ᠪᠣᠯᠭᠠᠵᠤ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯ᠎ᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ》᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠤ ᠠᠵᠢᠯᠯᠠᠭ᠎ᠠ᠎ᠲᠠᠢ ᠤᠶᠠᠯᠳᠤᠭᠤᠯᠵᠤ᠂ ᠮᠠᠯᠵᠢᠬᠤ ᠲᠠᠷᠢᠶᠠᠯᠠᠬᠤ ᠣᠷᠣᠨ᠂ ᠨᠡᠢᠭᠡᠮ ᠲᠣᠭᠤᠷᠢᠭ᠎ᠲᠤ ᠭᠦᠨᠵᠡᠭᠡᠢᠷᠡᠵᠦ᠍᠂ ᠠᠵᠤ ᠠᠬᠤᠢᠯᠠᠯ ᠠᠵᠢᠯ ᠦᠶ᠋ᠯᠡᠰ᠎ᠤᠨ ᠨᠢᠭᠡᠴᠢ᠎ᠳᠤ ᠭᠦᠨᠵᠡᠭᠡᠢᠷᠡᠵᠦ᠍᠂ ᠳᠤᠮᠳᠠᠳᠤ ᠪᠠᠭ᠎ᠠ ᠰᠤᠷᠭᠠᠭᠤᠯᠢ᠎ᠳᠤ ᠭᠦᠨᠵᠡᠭᠡᠢᠷᠡᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯ ᠥᠷᠨᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠮᠡᠳᠡᠯᠭᠡ᠎ᠶ᠋ᠢᠨ ᠤᠯᠠᠮᠵᠢᠯᠠᠭ᠍ᠴᠢ᠂ ᠱᠢᠨᠵᠢᠯᠡᠬᠦ᠌ ᠤᠬᠠᠭᠠᠨᠴᠢ ᠵᠣᠷᠢᠭ ᠰᠠᠨᠠᠭᠠᠨ᠎ᠤ ᠪᠠᠳᠠᠷᠠᠭᠤᠯᠤᠭ᠍ᠴᠢ᠂ ᠱᠢᠨᠵᠢᠯᠡᠬᠦ᠌ ᠤᠬᠠᠭᠠᠨᠴᠢ ᠠᠷᠭ᠎ᠠ᠎ᠶ᠋ᠢᠨ ᠰᠠᠨᠠᠭᠠᠴᠢᠯᠠᠭ᠍ᠴᠢ ᠪᠣᠯᠬᠤ ᠬᠡᠷᠡᠭ᠌ᠲᠡᠶ ᠭᠡᠵᠦ᠍ ᠱᠠᠭᠠᠷᠳᠠᠵᠠᠢ᠃
ᠡᠨᠡ ᠵᠢᠯ᠎ᠤᠨ ᠪᠥᠬᠦ᠌ ᠤᠯᠤᠰ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠡᠳᠦᠷᠯᠢᠭ᠎ᠤᠨ ᠠᠵᠢᠯᠯᠠᠭ᠎ᠠ 《ᠵᠠᠭᠤᠨ ᠵᠢᠯ᠎ᠤᠨ ᠳᠠᠷᠠᠭ᠎ᠠ ᠳᠠᠬᠢᠨ ᠮᠣᠷᠳᠠᠵᠤ᠂ ᠥᠨᠳᠥᠷ ᠬᠢᠷᠢ ᠲᠦᠪᠱᠢᠨ ᠪᠥᠬᠦᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦ᠌ ᠳᠠ ᠵᠢᠰᠢ ᠤᠷᠤᠭ᠍ᠰᠢᠯᠠᠬᠤ》 ᠪᠠᠷ ᠭᠤᠤᠯ ᠰᠡᠳᠦᠪ ᠪᠣᠯᠭᠠᠪᠠ᠃ ᠲᠤᠰ ᠬᠤᠲᠠ᠎ᠶ᠋ᠢᠨ ᠭᠤᠤᠯ ᠲᠠᠯᠠᠪᠤᠷ᠎ᠤᠨ ᠠᠵᠢᠯᠯᠠᠭ᠎ᠠ 9 ᠰᠠᠷ᠎ᠠ᠎ᠶ᠋ᠢᠨ 15 ᠠᠴᠠ 9 ᠰᠠᠷ᠎ᠠ᠎ᠶ᠋ᠢᠨ 25 ᠤ ᠡᠳᠦᠷ ᠪᠣᠯᠲᠠᠯ᠎ᠠ ᠶᠠᠪᠤᠭ᠍ᠳᠠᠨ᠎ᠠ᠂ ᠡᠨᠡ ᠬᠤᠭᠤᠴᠠᠭᠠᠨ᠎ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠯᠠᠭ᠎ᠠ ᠡᠷᠭᠢᠯᠡᠬᠦ᠌᠎ᠪᠠᠷ ᠳᠠᠮᠵᠢᠭᠤᠯᠤᠨ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠮᠡᠳᠡᠯᠭᠡ᠎ᠶ᠋ᠢᠨ ᠱᠠᠩᠨᠠᠯᠲᠤ ᠤᠷᠤᠯᠳᠤᠭᠠᠨ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠶᠠᠯᠠᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠣᠷᠳᠣᠨ᠎ᠤ ᠲᠣᠭᠤᠷᠢᠨ ᠦᠵᠡᠭᠦᠯᠭᠡ ᠵᠡᠷᠭᠡ ᠡᠯᠪᠡᠭ ᠪᠠᠶᠠᠯᠢᠭ ᠠᠵᠢᠯᠯᠠᠭ᠎ᠠ ᠥᠷᠨᠢᠭᠦᠯᠵᠦ᠍᠂ ᠱᠢᠨᠵᠢᠯᠡᠬᠦ᠌ ᠤᠬᠠᠭᠠᠨ᠎ᠤ ᠵᠣᠷᠢᠭ ᠰᠠᠨᠠᠭ᠎ᠠ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠮᠵᠢ᠎ᠶ᠋ᠢ ᠪᠥᠬᠦ᠌ ᠠᠷᠠᠳ᠎ᠢᠶᠠᠷ᠎ᠢᠶᠠᠨ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂ ᠪᠥᠬᠦ᠌ ᠠᠷᠠᠳ᠎ᠤᠨ ᠱᠢᠨᠵᠢᠯᠡᠬᠦ᠌ ᠤᠬᠠᠭᠠᠨ᠎ᠤ ᠬᠡᠪ ᠪᠣᠯᠪᠠᠰᠤᠷᠠᠯ᠎ᠤᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠪᠣᠯᠤᠨ᠎ᠠ᠃