ᠥᠪᠥᠷ ᠮᠣᠩᠭᠤᠯ᠎ᠤᠨ ᠪᠤᠤᠺᠰ᠎ᠤᠨ ᠠᠩᠭᠢ 1 ᠠᠯᠲᠠᠨ ᠮᠧᠳᠠᠯ 1 ᠮᠥᠩᠭᠦᠨ ᠮᠧᠳᠠᠯ᠎ᠤᠨ ᠰᠠᠢᠨ ᠬᠢᠷᠢ ᠪᠦᠲᠦᠮᠵᠢ ᠤᠯᠵᠠᠢ
2021-09-22 11:03:14
ᠵᠣᠬᠢᠶᠠᠭ᠍ᠴᠢ᠄
ᠨᠠᠷᠠᠨᠳᠤᠩᠭᠠᠯᠠᠭ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 21 ᠎ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠪᠤᠤᠺᠰ᠎ᠤᠨ ᠲᠡᠮᠡᠴᠡᠭᠡᠨ᠎ᠤ ᠲᠥᠷᠥᠯ᠎ᠤᠨ ᠤᠷᠤᠯᠳᠤᠭᠠᠨ ᠱᠠᠨᠰᠢ ᠮᠤᠵᠢ᠎ᠶ᠋ᠢᠨ ᠢᠦᠶ ᠯᠢᠨ ᠬᠤᠲᠠ᠎ᠳᠤ ᠥᠨᠳᠥᠷᠯᠡᠪᠡ᠃ 

ᠡᠮᠡᠭ᠌ᠲᠡᠶ᠎ᠶ᠋ᠢᠨ ᠪᠤᠤᠺᠰ᠎ᠤᠨ ᠲᠡᠮᠡᠴᠡᠭᠡᠨ᠎ᠤ 69 ᠺᠢᠯᠣᠭ᠌ᠷᠠᠮ᠎ᠤᠨ ᠲᠡᠰ᠎ᠤᠨ ᠱᠢᠢᠳᠪᠤᠷᠢᠲᠤ ᠤᠷᠤᠯᠳᠤᠭᠠᠨ᠎ᠳᠤ᠂ ᠥᠪᠥᠷ ᠮᠣᠩᠭᠤᠯ᠎ᠤᠨ ᠲᠠᠮᠢᠷᠴᠢᠨ ᠶᠠᠩ ᠯᠢᠦ ᠱᠠᠨᠰᠢ᠎ᠶ᠋ᠢᠨ ᠲᠠᠮᠢᠷᠴᠢᠨ ᠬᠥ᠋ ᠬᠤᠩ᠎ᠲᠠᠢ ᠦᠷᠢᠰᠦᠯᠳᠦᠵᠦ᠍᠂ ᠡᠴᠦᠰ᠎ᠲᠡᠭᠡᠨ ᠮᠥᠩᠭᠦᠨ ᠮᠧᠳᠠᠯ ᠭᠠᠷᠳᠠᠪᠠ᠃ 14 ᠡᠳᠦᠷ᠎ᠤᠨ ᠱᠢᠷᠦᠭᠦᠨ ᠥᠷᠢᠰᠥᠯᠳᠦᠭᠡᠨ᠎ᠢᠶᠠᠷ ᠳᠠᠮᠵᠢᠨ᠂ ᠮᠠᠨ᠎ᠤ ᠤᠷᠤᠨ᠎ᠤ ᠪᠤᠤᠺᠰ᠎ᠤᠨ ᠠᠩᠭᠢ᠎ᠶ᠋ᠢᠨ 23 ᠲᠠᠮᠢᠷᠴᠢᠨ ᠥᠪᠥᠷ ᠮᠣᠩᠭᠤᠯ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠳᠤ 1 ᠠᠯᠲᠠᠨ ᠮᠧᠳᠠᠯ 1 ᠮᠥᠩᠭᠦᠨ ᠮᠧᠳᠠᠯ ᠬᠦᠷᠳᠡᠭ᠌ᠰᠡᠨ ᠪᠠ 4 ᠤᠳᠠᠭ᠎ᠠ ᠲᠠᠪᠤᠳᠤᠭᠠᠷ ᠨᠡᠷᠡᠰ᠎ᠲᠤ ᠳᠤᠳᠤᠷᠠᠬ᠍ᠰᠠᠨ ᠰᠠᠢᠨ ᠬᠢᠷᠢ ᠪᠦᠲᠦᠮᠵᠢ᠎ᠶ᠋ᠢ ᠡᠭᠦᠳᠦᠭ᠌ᠰᠡᠨ ᠪᠠᠢᠨ᠎ᠠ᠃ ᠡᠭᠦᠨ᠎ᠳᠤ᠂ ᠯᠢ ᠴᠢᠶᠠᠨ ᠡᠮᠡᠭ᠌ᠲᠡᠶ᠎ᠶ᠋ᠢᠨ 75 ᠺᠢᠯᠣᠭ᠌ᠷᠠᠮ᠎ᠤᠨ ᠲᠠᠰ᠎ᠲᠤ ᠮᠠᠩᠯᠠᠢᠯᠠᠵᠦ᠍᠂ ᠶᠠᠩ ᠯᠢᠦ ᠡᠮᠡᠭ᠌ᠲᠡᠶ᠎ᠶ᠋ᠢᠨ 69 ᠺᠢᠯᠣᠭ᠌ᠷᠠᠮ᠎ᠤᠨ ᠲᠠᠰ᠎ᠲᠤ ᠲᠡᠳ᠋ᠯᠡᠵᠠᠢ᠃ ᠵᠣᠣ ᠳ᠋ᠠᠨ ᠳ᠋ᠠᠨ ᠡᠮᠡᠭ᠌ᠲᠡᠶ᠎ᠶ᠋ᠢᠨ 51 ᠺᠢᠯᠣᠭ᠌ᠷᠠᠮ᠎ᠤᠨ ᠲᠠᠰ᠎ᠤᠨ ᠲᠠᠪᠤᠳᠤᠭᠠᠷ᠂ ᠮᠠ ᠱᠢᠨ ᠮᠢᠩ ᠡᠷᠡᠭ᠌ᠲᠡᠶ᠎ᠶ᠋ᠢᠨ 52 ᠺᠢᠯᠣᠭ᠌ᠷᠠᠮ᠎ᠤᠨ ᠲᠠᠰ᠎ᠤᠨ ᠲᠠᠪᠤᠳᠤᠭᠠᠷ᠂ ᠪᠤᠶᠠᠨ ᠡᠷᠡᠭ᠌ᠲᠡᠶ᠎ᠶ᠋ᠢᠨ 69 ᠺᠢᠯᠣᠭ᠌ᠷᠠᠮ᠎ᠤᠨ ᠲᠠᠰ᠎ᠤᠨ ᠲᠠᠪᠤᠳᠤᠭᠠᠷ᠂ ᠸᠠᠩ ᠵᠧᠨ ᠸᠧᠶ ᠡᠷᠡᠭ᠌ᠲᠡᠶ᠎ᠶ᠋ᠢᠨ 91 ᠺᠢᠯᠣᠭ᠌ᠷᠠᠮ᠎ᠤᠨ ᠲᠠᠰ᠎ᠤᠨ ᠲᠠᠪᠤᠳᠤᠭᠠᠷ᠎ᠲᠤ ᠲᠤᠳᠤᠷᠠᠵᠠᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号