9 ᠰᠠᠷ᠎ᠠ᠎ᠶ᠋ᠢᠨ 22 ᠤᠨ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠣᠯᠠᠨ ᠲᠦᠮᠡᠨᠴᠢ ᠳᠤᠭᠤ ᠵᠢᠯᠠᠩᠤᠨ ᠳᠤᠮᠳᠠᠳᠤ ᠮᠠᠶᠢᠭ᠎ᠤᠨ ᠪᠥᠬᠡ᠎ᠶ᠋ᠢᠨ ᠤᠷᠤᠯᠳᠤᠭᠠᠨ ᠱᠠᠨᠰᠢ ᠮᠤᠵᠢ᠎ᠶ᠋ᠢᠨ ᠸᠧᠢᠨᠠᠨ ᠬᠤᠲᠠ᠎ᠶ᠋ᠢᠨ ᠾᠧ ᠶᠠᠩ ᠱᠢᠶᠠᠨ᠎ᠳᠤ ᠶᠠᠪᠤᠭ᠍ᠳᠠᠵᠦ᠍᠂ ᠮᠠᠨ᠎ᠤ ᠤᠷᠤᠨ᠎ᠤ ᠲᠠᠮᠢᠷᠴᠢᠨ 2 ᠠᠯᠲᠠᠨ ᠮᠧᠳᠠᠯ 1 ᠮᠥᠩᠭᠦᠨ ᠮᠧᠳᠠᠯ 3 ᠬᠦᠷᠡᠯ ᠮᠧᠳᠠᠯ᠎ᠤᠨ ᠰᠠ᠊ ᠶ᠋ᠢᠨ ᠬᠢᠷᠢ ᠪᠦᠲᠦᠮᠵᠢ ᠣᠯᠵᠠᠶ᠂ ᠡᠭᠦᠨ᠎ᠳᠤ ᠴᠠᠭᠠᠨᠵᠠᠭᠠᠨ ᠡᠷᠡᠭ᠌ᠲᠡᠶ᠎ᠶ᠋ᠢᠨ 100 ᠺᠢᠯᠣᠭ᠌ᠷᠠᠮ᠎ᠤᠨ ᠲᠡᠰ᠎ᠤᠨ ᠤᠷᠤᠯᠳᠤᠭᠠᠨ᠎ᠳᠤ ᠮᠠᠩᠯᠠᠢᠯᠠᠵᠦ᠍᠂ ᠴᠢᠶᠣᠤ ᠶᠠᠨ ᠹᠠᠩ ᠡᠮᠡᠭ᠌ᠲᠡᠶ᠎ᠶ᠋ᠢᠨ 75 ᠺᠢᠯᠣᠭ᠌ᠷᠠᠮ᠎ᠤᠨ ᠲᠡᠰ᠎ᠤᠨ ᠤᠷᠤᠯᠳᠤᠭᠠᠨ᠎ᠳᠤ ᠮᠠᠩᠯᠠᠢᠯᠠᠪᠠ᠂ ᠰᠠᠷᠠᠨ᠎ᠠ ᠡᠮᠡᠭ᠌ᠲᠡᠶ᠎ᠶ᠋ᠢᠨ 86 ᠺᠢᠯᠣᠭ᠌ᠷᠠᠮ᠎ᠤᠨ ᠲᠡᠰ᠎ᠤᠨ ᠤᠷᠤᠯᠳᠤᠭᠠᠨ᠎ᠳᠤ ᠳᠡᠳ᠋ᠯᠡᠵᠦ᠍᠂ ᠬᠤᠤ ᠴᠢᠨ ᠡᠮᠡᠭ᠌ᠲᠡᠶ᠎ᠶ᠋ᠢᠨ 65 ᠺᠢᠯᠣᠭ᠌ᠷᠠᠮ᠎ᠤᠨ ᠲᠡᠰ᠎ᠤᠨ ᠤᠷᠤᠯᠳᠤᠭᠠᠨ᠎ᠳᠤ ᠭᠤᠷᠪᠠᠳᠤᠭᠠᠷ᠎ᠲᠤ ᠣᠷᠣᠵᠠᠶ᠂ ᠪᠠᠲᠤᠵᠢᠷᠭᠠᠯ ᠡᠷᠡᠭ᠌ᠲᠡᠶ᠎ᠶ᠋ᠢᠨ 100 ᠺᠢᠯᠣᠭ᠌ᠷᠠᠮ᠎ᠠᠴᠠ ᠳᠡᠭᠡᠭ᠌ᠰᠢᠬᠢ ᠲᠡᠰ᠎ᠤᠨ ᠤᠷᠤᠯᠳᠤᠭᠠᠨ᠎ᠳᠤ ᠭᠤᠷᠪᠠᠳᠤᠭᠠᠷ᠂ ᠤᠷᠲᠤᠨᠠᠰᠤᠳᠤ 90 ᠺᠢᠯᠣᠭ᠌ᠷᠠᠮ᠎ᠤᠨ ᠲᠡᠰ᠎ᠤᠨ ᠤᠷᠤᠯᠳᠤᠭᠠᠨ᠎ᠳᠤ ᠭᠤᠷᠪᠠᠳᠤᠭᠠᠷ᠎ᠲᠤ ᠲᠤᠳᠤᠷᠠᠵᠠᠢ᠃
ᠤ ᠵᠢᠯᠠᠭᠠᠭ᠍ᠰᠠᠨᠢᠶᠠᠷ᠂ ᠲᠣᠰ ᠤᠳᠠᠭ᠎ᠠ ᠪᠥᠬᠦ᠌ ᠤᠯᠤᠰ᠎ᠤᠨ 23 ᠮᠤᠵᠢ ᠣᠷᠣᠨ ᠬᠤᠲᠠ᠎ᠶ᠋ᠢᠨ 346 ᠲᠠᠮᠢᠷᠴᠢᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠣᠯᠠᠨ ᠲᠦᠮᠡᠨᠴᠢ ᠳᠤᠭᠤᠢᠯᠠᠩ᠎ᠤᠨ ᠳᠤᠮᠳᠠᠳᠤ ᠮᠠᠶᠢᠭ᠎ᠤᠨ ᠪᠥᠬᠡ᠎ᠶ᠋ᠢᠨ ᠲᠥᠷᠥᠯ᠎ᠤᠨ ᠪᠡᠯᠡᠳᠭᠡᠯ᠂ ᠱᠢᠶ᠋ᠳᠪᠦᠷᠢᠲᠦ ᠤᠷᠤᠯᠳᠤᠭᠠᠨ᠎ᠳᠤ ᠣᠷᠣᠯᠴᠠᠵᠤ᠂ ᠥᠪᠥᠷ ᠮᠣᠩᠭᠤᠯ᠎ᠤᠨ 25 ᠲᠠᠮᠢᠷᠴᠢᠨ ᠱᠢᠶ᠋ᠳᠪᠦᠷᠢᠲᠦ ᠤᠷᠤᠯᠳᠤᠭᠠᠨ᠎ᠳᠤ ᠤᠷᠤᠬᠤ ᠡᠷᠭᠡ᠎ᠶ᠋ᠢ ᠤᠯᠪᠠ᠃ 《ᠳᠤᠮᠳᠠᠳᠤ ᠮᠠᠶᠢᠭ᠎ᠤᠨ ᠪᠥᠬᠡ᠎ᠨᠢ ᠠᠷᠠᠳ ᠣᠯᠠᠨ᠎ᠤ ᠦᠵᠡᠵᠦ᠍ ᠰᠣᠨᠢᠷᠬᠠᠬᠤ ᠳᠤᠷᠠᠲᠠᠶ ᠠᠷᠠᠳ᠎ᠤᠨ ᠳᠤᠮᠳᠠᠬᠢ ᠲᠥᠷᠥᠯ ᠵᠦᠢᠯ ᠪᠣᠯᠤᠭ᠍ᠰᠠᠨ᠎ᠤ ᠬᠤᠪᠢ᠎ᠳᠤ᠂ ᠪᠦᠬᠦ᠌ ᠠᠷᠠᠳ᠎ᠤᠨ ᠲᠤᠮᠳᠠ ᠲᠤᠩ ᠬᠦᠷᠢᠶᠡᠯᠡᠯ᠎ᠲᠠᠢ ᠮᠦᠷᠲᠡᠭᠡᠨ ᠪᠡᠶ᠎ᠡ ᠮᠠᠬᠠᠪᠣᠳ᠎ᠢᠶᠠᠨ ᠴᠢᠭᠢᠷᠠᠭ᠍ᠵᠢᠭᠤᠯᠬᠤ᠂ ᠪᠡᠶ᠎ᠡ᠎ᠪᠠᠨ ᠬᠠᠮᠠᠭᠠᠯᠠᠬᠤ᠎ᠳᠤ ᠠᠱᠢᠭ᠍ᠲᠠᠶ ᠪᠠ ᠵᠢᠳᠠᠭ᠃ ᠳᠤᠮᠳᠠᠳᠤ ᠮᠠᠶᠢᠭ᠎ᠤᠨ ᠪᠥᠬᠡ᠎ᠨᠢ ᠥᠪᠥᠷ ᠮᠣᠩᠭᠤᠯ᠎ᠳᠤ ᠮᠠᠰᠢ ᠰᠠᠢᠨ ᠬᠥᠭ᠌ᠵᠢᠵᠦ᠍ ᠪᠠ ᠵᠢᠭ᠎ᠠ ᠶᠤᠮ᠂ ᠳᠤᠮᠳᠠᠳᠤ ᠮᠠᠶᠢᠭ᠎ᠤᠨ ᠪᠥᠬᠡ᠎ᠶ᠋ᠢ ᠮᠠᠨ᠎ᠤ ᠤᠷᠤᠨ᠎ᠤ ᠬᠥᠬᠡᠬᠤᠲᠠ᠂ ᠱᠢᠯᠢ᠎ᠶ᠋ᠢᠨ ᠭᠤᠤᠯ᠂ ᠬᠥᠯᠥᠨ ᠪᠤᠢᠷ ᠵᠡᠷᠭᠡ ᠭᠠᠵᠠᠷ᠎ᠲᠤ ᠴᠥᠮ ᠲᠠᠮᠢᠷ᠎ᠤᠨ ᠬᠢᠴᠢᠶᠡᠯ᠎ᠳᠤ ᠤᠷᠤᠭᠤᠯᠤᠭ᠍ᠰᠠᠨ ᠪᠠ ᠵᠢᠨ᠎ᠠ᠃ ᠮᠠᠰᠢ ᠣᠯᠠᠨ ᠳᠤᠮᠳᠠᠳᠤ ᠰᠤᠷᠭᠠᠭᠤᠯᠢ ᠥᠪᠡᠷ᠎ᠤᠨ ᠳᠤᠮᠳᠠᠳᠤ ᠮᠠᠶᠢᠭ᠎ᠤᠨ ᠪᠥᠬᠡ᠎ᠶ᠋ᠢᠨ ᠠᠩᠭᠢ᠎ᠲᠠᠢ ᠪᠠᠢᠵᠤ᠂ ᠰᠤᠷᠭᠠᠭᠤᠯᠢ᠎ᠪᠠᠨ ᠲᠥᠯᠥᠭᠡᠯᠡᠨ ᠡᠯ᠎ᠡ ᠱᠠᠲᠤᠨ᠎ᠤ ᠡᠯ᠎ᠡ ᠲᠥᠷᠥᠯ᠎ᠤᠨ ᠲᠠᠮᠢᠷ᠎ᠤᠨ ᠤᠷᠤᠯᠳᠤᠭᠠᠨ᠎ᠳᠤ ᠤᠷᠤᠯᠴᠠᠭᠤᠯᠳᠠᠭ᠃ ᠡᠨᠡ ᠤᠳᠠᠭᠠᠨ᠎ᠤ ᠰᠠ᠊ ᠶ᠋ᠢᠨ ᠬᠢᠷᠢ ᠪᠦᠲᠦᠮᠵᠢ᠎ᠶ᠋ᠢ ᠣᠯᠤᠭ᠍ᠰᠠᠨ᠎ᠨᠢ ᠨᠠᠩ ᠣᠯᠠᠨ ᠬᠥᠮᠦᠰ᠎ᠢ ᠳᠠᠢᠴᠢᠯᠠᠨ ᠳᠤᠮᠳᠠᠳᠤ ᠮᠠᠶᠢᠭ᠎ᠤᠨ ᠪᠥᠬᠡ᠎ᠶ᠋ᠢᠨ ᠤᠷᠤᠯᠳᠤᠭᠠᠨ᠎ᠳᠤ ᠣᠷᠣᠯᠴᠠᠭᠤᠯᠬᠤ ᠪᠠ ᠳᠤᠮᠳᠠᠳᠤ᠎ᠶ᠋ᠢᠨ ᠦᠨᠳᠦᠰᠦᠲᠡᠨ᠎ᠤ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠰᠣᠶᠣᠯ᠎ᠢ ᠬᠠᠮᠲᠤ᠎ᠪᠠᠷ ᠤᠬᠠᠭᠤᠯᠤᠨ ᠪᠠᠳᠠᠷᠠᠭᠤᠯᠬᠤ᠎ᠳᠤ ᠠᠱᠢᠭ᠍ᠲᠠᠢ ᠶᠤᠮ》 ᠭᠡᠵᠦ᠍ ᠥᠪᠥᠷ ᠮᠣᠩᠭᠤᠯ᠎ᠤᠨ ᠳᠤᠮᠳᠠᠳᠤ ᠮᠠᠶᠢᠭ᠎ᠤᠨ ᠪᠥᠬᠡ᠎ᠶ᠋ᠢᠨ ᠨᠡᠢᠭᠡᠮᠯᠢᠭ᠎ᠤᠨ ᠳᠠᠷᠤᠭ᠎ᠠ ᠵᠠᠩ ᠯᠢᠨ ᠶᠠᠷᠢᠭ᠍ᠰᠠᠨ ᠪᠢᠯᠡ᠃
9 ᠰᠠᠷ᠎ᠠ᠎ᠶ᠋ᠢᠨ 23 ᠤ ᠡᠳᠦᠷ᠂ ᠳᠤᠮᠳᠠᠳᠤ ᠮᠠᠶᠢᠭ᠎ᠤᠨ ᠪᠥᠬᠡ᠎ᠶ᠋ᠢᠨ ᠤᠷᠤᠯᠳᠤᠭᠠᠨ᠎ᠤ ᠡᠷᠡᠭ᠌ᠲᠡᠶ᠂ ᠡᠮᠡᠭ᠌ᠲᠡᠶ᠎ᠶ᠋ᠢᠨ ᠬᠠᠮᠳᠤᠷᠠᠭ᠍ᠰᠠᠨ ᠪᠦᠯᠬᠦᠮ᠎ᠤᠨ ᠱᠢᠶ᠋ᠳᠪᠦᠷᠢᠲᠦ ᠤᠷᠤᠯᠳᠤᠭᠠᠨ ᠶᠠᠪᠤᠭ᠍ᠳᠠᠨ᠎ᠠ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号