17 ᠨᠠᠰᠤᠲᠠᠢ ᠨᠢᠤ ᠭᠤᠸᠠᠩ ᠱᠧᠩ ᠡᠷᠡᠭ᠌ᠲᠡᠶ᠎ᠶ᠋ᠢᠨ 200 ᠮᠧᠲᠷ᠎ᠤᠨ ᠡᠷᠪᠡᠬᠡᠶ ᠤᠮᠪᠠᠯᠲᠠ᠎ᠶ᠋ᠢᠨ ᠬᠦᠷᠡᠯ ᠮᠧᠳᠠᠯ ᠬᠦᠷᠳᠡᠵᠦ᠍ ᠦᠪᠦᠷ ᠮᠤᠩᠭᠤᠯ᠎ᠤᠨ ᠤᠮᠪᠠᠯᠳᠠ᠎ᠶ᠋ᠢᠨ ᠠᠩᠬᠢ᠎ᠶ᠋ᠢᠨ ᠪᠦᠬᠦ᠌ ᠤᠯᠤᠰ᠎ᠤᠨ ᠲᠠᠮᠢᠷ᠎ᠤᠨ ᠴᠤᠬ᠍ᠯᠠᠭᠠᠨ᠎ᠤ ᠬᠤᠭᠤᠰᠤᠨ᠎ᠢ ᠨᠦᠬᠦᠪᠦᠷᠢᠯᠡᠪᠡ
2021-09-23 09:54:04
ᠵᠣᠬᠢᠶᠠᠭ᠍ᠴᠢ᠄
ᠨᠠᠷᠠᠨᠳᠤᠩᠭᠠᠯᠠᠭ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 22 ᠎ᠤᠨ ᠤᠷᠤᠢ᠂ ᠠᠷᠪᠠᠨ ᠳᠥᠷᠪᠡᠳᠦᠭᠡᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠡᠷᠡᠭ᠌ᠲᠡᠢ᠎ᠶ᠋ᠢᠨ 200 ᠮᠧᠲᠷ᠎ᠤᠨ ᠡᠷᠪᠡᠬᠡᠶ ᠤᠮᠪᠠᠯᠲᠠ᠎ᠶ᠋ᠢᠨ ᠱᠢᠢᠳᠪᠦᠷᠢᠲᠦ ᠤᠷᠤᠯᠳᠤᠭᠠᠨ᠎ᠳᠤ ᠥᠪᠥᠷ ᠮᠣᠩᠭᠤᠯ᠎ᠤᠨ 17 ᠨᠠᠰᠤᠲᠠᠢ ᠲᠠᠮᠢᠷᠴᠢᠨ ᠨᠢᠦ ᠭᠤᠸᠠᠩ ᠱᠧᠩ 1 ᠮᠢᠨᠦ᠋ᠲ 56 ᠰᠧᠺᠦ᠋ᠨ᠋ᠳ᠋ 76 ᠎ᠶ᠋ᠢᠨ ᠬᠢᠷᠢ ᠪᠦᠲᠦᠮᠵᠢ᠎ᠪᠠᠷ ᠬᠦᠷᠡᠯ ᠮᠧᠳᠠᠯ ᠭᠠᠷᠳᠠᠯ᠎ᠠ᠃ ᠡᠨᠡ᠎ᠨᠢ 2018 ᠣᠨ᠎ᠳᠤ ᠰᠠᠶᠢ ᠪᠠᠢᠭᠤᠯᠤᠭ᠍ᠳᠠᠭ᠍ᠰᠠᠨ ᠥᠪᠥᠷ ᠮᠣᠩᠭᠤᠯ᠎ᠤᠨ ᠤᠮᠪᠠᠯᠲᠠ᠎ᠶ᠋ᠢᠨ ᠠᠩᠬᠢ᠎ᠳᠤ ᠠᠪᠴᠦ᠍ ᠬᠡᠯᠡᠪᠡᠯ ᠨᠢᠭᠡ ᠵᠦᠢᠯ᠎ᠤᠨ ᠳᠠᠪᠠᠯᠳᠠ ᠪᠠ ᠱᠢᠪᠳᠤᠯᠤᠯᠳᠠ᠂ ᠮᠦᠨᠴᠦ᠍ ᠱᠢᠨ᠎ᠡ ᠡᠬᠢᠯᠡᠯᠳᠡ ᠪᠤᠯᠤᠬ᠍ᠰᠠᠨ ᠪᠠ ᠵᠢᠨ᠎ᠠ᠃ 

《ᠠᠩᠬ᠎ᠠ ᠤᠳᠠᠭ᠎ᠠ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠭᠠᠳ ᠱᠠᠩᠨᠠᠯ᠎ᠤᠨ ᠮᠧᠳᠠᠯ ᠤᠯᠤᠭ᠍ᠰᠠᠨ᠎ᠳᠠᠭᠠᠨ ᠮᠠᠰᠢ ᠪᠠᠶᠠᠷᠯᠠᠵᠦ᠍ ᠪᠠ ᠵᠢᠨ᠎ᠠ᠃ ᠵᠠᠯᠭᠠᠭᠠᠳ ᠪᠠᠰᠠ ᠡᠷᠡᠭ᠌ᠲᠡᠶ᠎ᠶ᠋ᠢᠨ 100 ᠮᠧᠲᠷ᠎ᠤᠨ ᠡᠷᠪᠡᠬᠡᠶ ᠤᠮᠪᠠᠯᠲᠠ ᠪᠠ 1500 ᠮᠧᠲᠷ᠎ᠤᠨ ᠴᠢᠯᠥᠭᠡᠲᠦ ᠤᠮᠪᠠᠯᠲᠠ᠎ᠶ᠋ᠢᠨ ᠤᠷᠤᠯᠳᠤᠭᠠᠨ᠎ᠳᠤ ᠤᠷᠤᠯᠴᠠᠨ᠎ᠠ》 ᠭᠡᠵᠦ᠍ ᠨᠢᠤ ᠭᠤᠸᠠᠩ ᠱᠧᠩ ᠶᠠᠷᠢᠨ᠎ᠠ᠃ ᠲᠤᠰ ᠤᠳᠠᠭᠠᠨ᠎ᠤ ᠡᠷᠡᠭ᠌ᠲᠡᠶ᠎ᠶ᠋ᠢᠨ 200 ᠮᠧᠲᠷ᠎ᠤᠨ ᠡᠷᠪᠡᠬᠡᠶ ᠤᠮᠪᠠᠯᠲᠠ᠎ᠶ᠋ᠢᠨ ᠤᠷᠤᠯᠳᠤᠭᠠᠨ᠎ᠤ ᠲᠦᠷᠦᠯ᠎ᠳᠤ ᠨᠢᠤ ᠭᠤᠸᠠᠩ ᠱᠧᠩ ᠤᠷᠢᠳ᠎ᠢᠶᠠᠷ 1 ᠮᠢᠨᠦ᠋ᠲ 59 ᠰᠧᠺᠦ᠋ᠨ᠋ᠳ᠋᠎ᠤᠨ ᠬᠤᠪᠢ ᠬᠥᠮᠦᠨ᠎ᠤ ᠬᠠᠮᠤᠭ ᠰᠠ᠊ ᠎ᠶ᠋ᠢᠨ ᠬᠢᠷᠢ ᠪᠦᠲᠦᠮᠵᠢ᠎ᠪᠠᠷ ᠬᠠᠭᠠᠰ ᠱᠢᠶ᠋ᠳᠪᠦᠷᠢᠲᠦ ᠤᠷᠤᠯᠳᠤᠭᠠᠨ᠎ᠳᠤ ᠤᠷᠤᠯᠴᠠᠬᠤ ᠡᠷᠭᠡ᠎ᠶ᠋ᠢ ᠤᠯᠪᠠ᠃ 

ᠥᠪᠥᠷ ᠮᠣᠩᠭᠤᠯ᠎ᠤᠨ ᠤᠮᠪᠠᠯᠲᠠ᠎ᠶ᠋ᠢᠨ ᠠᠩᠭᠢ᠎ᠶ᠋ᠢᠨ ᠲᠤᠰᠠᠯᠠᠬᠤ ᠳᠠᠰᠭᠠᠯᠵᠢᠭᠤᠯᠤᠭ᠍ᠴᠢ ᠫᠠᠨ ᠯᠢ ᠱᠦ᠍ ᠰᠤᠷᠪᠤᠯᠵᠢᠯᠠᠭ᠎ᠠ ᠬᠦᠯᠢᠶᠡᠬᠦ᠌᠎ᠳᠡᠭᠡᠨ᠄ 《ᠥᠪᠥᠷ ᠮᠣᠩᠭᠤᠯ᠎ᠤᠨ ᠤᠮᠪᠠᠯᠲᠠ᠎ᠶ᠋ᠢᠨ ᠠᠩᠭᠢ 2018 ᠣᠨ᠎ᠳᠤ ᠰᠠᠶᠢ ᠪᠠ ᠵᠢᠭᠤᠯᠤᠭ᠍ᠳᠠᠭ᠍ᠰᠠᠨ ᠶᠤᠮ᠂ ᠡᠨᠡ ᠤᠳᠠᠭᠠᠨ᠎ᠤ ᠪᠥᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠬᠦᠷᠡᠯ ᠮᠧᠳᠠᠯ᠎ᠤᠨ ᠬᠢᠷᠢ ᠪᠦᠲᠦᠮᠵᠢ ᠪᠣᠯ ᠦᠪᠦᠷ ᠮᠤᠩᠭᠤᠯ᠎ᠤᠨ ᠤᠮᠪᠠᠯᠲᠠ᠎ᠶ᠋ᠢᠨ ᠲᠦᠷᠦᠯ᠎ᠤᠨ ᠤᠷᠤᠯᠳᠤᠭᠠᠨ᠎ᠤ ᠬᠤᠭᠤᠰᠤᠨ᠎ᠢ ᠨᠦᠭᠦᠪᠦᠷᠢᠯᠡᠭ᠌ᠰᠡᠨ ᠨᠢᠭᠡᠨ ᠲᠡᠦᠬᠡᠲᠦ ᠴᠢᠨᠠᠷᠲᠠᠶ ᠱᠢᠪᠲᠤᠯᠤᠯᠲᠠ ᠮᠥᠨ᠃ ᠥᠪᠥᠷ ᠮᠣᠩᠭᠤᠯ᠎ᠤᠨ ᠣᠰᠣᠨ ᠳᠡᠭᠡᠷᠡᠬᠢ ᠤᠷᠤᠯᠳᠤᠭᠠᠨ᠎ᠤ ᠲᠥᠷᠥᠯ ᠵᠦᠶ᠋ᠯ᠎ᠤᠨ ᠬᠥᠭ᠌ᠵᠢᠯᠲᠡ᠎ᠶ᠋ᠢᠨ ᠰᠠᠭᠤᠷᠢ ᠪᠠᠭᠤᠷᠠᠶ ᠮᠥᠷᠲᠡᠭᠡᠨ ᠬᠦᠴᠢᠷᠳᠡᠯ ᠨᠡᠯᠢᠶᠡᠳ ᠶᠡᠭᠡ᠂ ᠡ ᠵᠢᠮᠦ᠎ᠠᠴᠠ ᠡᠨᠡ ᠤᠳᠠᠭᠠᠨ᠎ᠤ ᠬᠢᠷᠢ ᠪᠦᠲᠦᠮᠵᠢ᠎ᠨᠢ ᠢᠷᠡᠭᠡᠳᠦᠶ᠎ᠶ᠋ᠢᠨ ᠥᠪᠥᠷ ᠮᠣᠩᠭᠤᠯ᠎ᠤᠨ ᠤᠮᠪᠠᠯᠲᠠ᠎ᠶ᠋ᠢᠨ ᠤᠷᠤᠯᠳᠤᠭᠠᠨ᠎ᠤ ᠲᠥᠷᠥᠯ ᠵᠦᠶ᠋ᠯ᠎ᠤᠨ ᠬᠥᠭ᠌ᠵᠢᠯᠲᠡ᠎ᠶ᠋ᠢᠨ ᠰᠠ᠊ ᠎ᠶ᠋ᠢᠨ ᠡᠬᠢᠯᠡᠯᠲᠡ ᠪᠤᠯᠤᠬ᠍ᠰᠠᠨ ᠪᠠ ᠵᠢᠨ᠎ᠠ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号