ᠥᠪᠥᠷ ᠮᠣᠩᠭᠤᠯ᠎ᠤᠨ ᠰᠣᠶᠣᠯ᠎ᠤᠨ ᠪᠦᠲᠦᠭᠡᠭ᠌ᠳᠡᠬᠦᠨ ᠎ᠨᠢ ᠣᠯᠠᠨ᠎ᠤ ᠠᠩᠬᠠᠷᠤᠯ᠎ᠢ ᠲᠠᠲᠠᠯ᠎ᠠ
2021-09-24 11:40:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 23 ᠎ᠤ ᠡᠳᠦᠷ᠂ ᠥᠪᠥᠷ ᠮᠣᠩᠭᠤᠯ᠎ᠤᠨ ᠣᠷᠳᠣᠨ ᠦᠶ ᠣᠯᠠᠨ ᠦᠵᠡᠭ᠌ᠴᠢᠳ᠎ᠤᠨ ᠠᠩᠬᠠᠷᠤᠯ᠎ᠢ ᠲᠠᠲᠠᠪᠠ᠃ ᠲᠤᠬᠠᠶ᠎ᠶ᠋ᠢᠨ ᠡᠳᠦᠷ᠂ ᠠᠷᠪᠠᠨ ᠳᠣᠯᠣᠳᠤᠭᠠᠷ ᠬᠤᠭᠤᠴᠠᠭᠠᠨ᠎ᠤ ᠳᠤᠮᠳᠠᠳᠤ ᠤᠯᠤᠰ (ᠱᠧᠨᠵᠧᠨ) ᠎ᠤᠨ ᠣᠯᠠᠨ ᠤᠯᠤᠰ᠎ᠤᠨ ᠰᠣᠶᠣᠯ᠎ᠤᠨ ᠠᠵᠤ ᠦᠢᠯᠡᠰ᠎ᠤᠨ ᠦᠵᠡᠰᠭᠦᠯᠡᠩ ᠠᠷᠠᠯᠵᠢᠶᠠᠨ᠎ᠤ ᠴᠤᠭ᠍ᠯᠠᠭᠠᠨ ᠱᠧᠨᠵᠧᠨ᠎ᠤ ᠣᠯᠠᠨ ᠤᠯᠤᠰ᠎ᠤᠨ ᠬᠤᠷᠠᠯ ᠦᠵᠡᠰᠭᠦᠯᠡᠩ᠎ᠤᠨ ᠲᠥᠪ᠎ᠲᠤ ᠡᠬᠢᠯᠡᠪᠡ᠃ ᠲᠣᠰ ᠬᠤᠭᠤᠴᠠᠭᠠᠨ᠎ᠤ ᠰᠣᠶᠣᠯ ᠦᠵᠡᠰᠭᠦᠯᠡᠩ᠎ᠤᠨ ᠴᠤᠭ᠍ᠯᠠᠭᠠᠨ ᠳᠡᠭᠡᠷ᠎ᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠬᠦᠭ᠌ᠵᠢᠯᠳᠡ᠎ᠶ᠋ᠢᠨ ᠢᠷᠡᠭᠡᠳᠦᠢ᠎ᠲᠠᠢ᠂  ᠦᠢᠯᠡᠳᠬᠦᠨ᠎ᠤ ᠣᠨᠴᠠᠯᠢᠭ᠎ᠢᠶᠠᠷ ᠲᠣᠪᠤᠢᠮ᠎ᠠ ᠪᠠᠢᠬᠤ ᠵᠡᠷᠭᠡ ᠵᠠᠷᠴᠢᠮ ᠶᠣᠰᠣᠭᠠᠷ ᠤᠬᠢ ᠱᠢᠯᠢᠳᠡᠭ 40 ᠰᠣᠶᠣᠯ ᠵᠢᠭᠤᠯᠴᠢᠯᠠᠯ᠎ᠤᠨ ᠠᠵᠤ ᠠᠬᠤᠢᠯᠠᠯ᠎ᠢ ᠰᠣᠩᠭᠤᠨ ᠴᠤᠬ᠍ᠯᠠᠭᠠᠨ᠎ᠳᠤ ᠣᠷᠣᠯᠴᠠᠭᠤᠯᠪᠠ᠃ ᠦᠵᠡᠰᠭᠦᠯᠡᠩ᠎ᠳᠤ ᠣᠷᠣᠯᠴᠠᠭ᠍ᠰᠠᠨ ᠪᠦᠲᠦᠭᠡᠭ᠌ᠳᠡᠬᠦᠨ᠎ᠳᠤ ᠭᠤᠤᠯᠳᠠᠭᠤ ᠭᠠᠷ ᠤᠷᠠᠯᠠᠯ᠎ᠤᠨ ᠪᠦᠲᠦᠭᠡᠭ᠌ᠳᠡᠬᠦᠨ᠂ ᠰᠣᠶᠣᠯ᠎ᠤᠨ ᠪᠦᠳᠦᠬᠡᠯᠴᠢ ᠪᠦᠲᠦᠭᠡᠭ᠌ᠳᠡᠬᠦᠨ᠂ ᠵᠢᠭᠤᠯᠴᠢᠯᠠᠯ᠎ᠤᠨ ᠲᠠᠸᠠᠷ᠂ ᠥᠪᠥᠷ ᠮᠣᠩᠭᠤᠯ᠎ᠤᠨ ᠤᠨᠴᠠᠯᠢᠬ᠍ᠳᠤ ᠢᠳᠡᠭᠡᠨ᠂ ᠤᠷᠠᠯᠢᠭ᠎ᠤᠨ ᠠᠷᠠᠰᠤᠨ ᠵᠢᠷᠤᠭ᠂ ᠸᠠᠭᠠᠷ ᠱᠠᠭᠠᠵᠠᠩ ᠮᠥᠩᠭᠦᠨ ᠡᠳ᠋ᠯᠡᠯ᠂ ᠬᠠᠰ ᠴᠢᠯᠠᠭᠤ ᠬᠠᠴᠢᠨ ᠴᠢᠯᠠᠭᠤ᠂ ᠰᠣᠶᠣᠯ ᠴᠢᠮᠡᠭ᠌ᠯᠡᠯ᠎ᠤᠨ ᠡᠳ᠋᠂ ᠬᠠᠳᠭᠤᠮᠠᠯ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠭᠤᠯᠪᠤᠷᠢ ᠵᠤᠬᠢᠶᠠᠮᠠᠯ ᠡᠳ᠋ ᠵᠡᠷᠭᠡ ᠪᠠᠭ᠍ᠲᠠᠨ᠎ᠠ᠃ 


QQ图片20210924112556.png


ᠲᠤᠰ ᠰᠣᠨᠢᠨ᠎ᠤ ᠰᠤᠷᠪᠤᠯᠵᠢᠯᠠᠭ᠍ᠴᠢ ᠸᠠᠩ ᠯᠸᠢ  ᠹᠧᠩ ᠱᠢᠤᠸᠠᠢ ᠢᠦᠢ ᠰᠡᠭᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号