ᠤᠮᠠᠷᠠᠳᠤ ᠬᠢᠯᠢ᠎ᠶ᠋ᠢᠨ ᠵᠢᠱ᠌ᠢᠶᠡᠴᠢ — ᠱᠢᠨ᠎ᠡ ᠴᠠᠭ ᠦᠶ᠎ᠠ᠎ᠶ᠋ᠢᠨ ᠭᠦᠳᠡᠯᠮᠦᠷᠢ᠎ᠶ᠋ᠢᠨ ᠵᠤᠷᠢᠭ ᠰᠠᠨᠠᠭ᠎ᠠ᠎ᠶ᠋ᠢ ᠣᠯᠠᠮᠵᠢᠯᠠᠨ ᠵᠠᠯᠭᠠᠮᠵᠢᠯᠠᠭ᠍ᠴᠢ ᡁᠢ ᠬᠤ᠌ ᠱᠧᠩ
2021-09-24 11:39:40
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᡁᠢ ᠬᠤ᠌ ᠱᠧᠩ᠂ ᠡᠷᠡᠭ᠌ᠳᠡᠢ᠂ ᠭᠢᠳᠡᠳ ᠦᠨᠳᠦᠰᠦᠳᠡᠨ᠂ 1954 ᠤᠨ᠎ᠤ 11 ᠰᠠᠷ᠎ᠠ᠎ᠳᠤ ᠲᠦᠷᠦᠵᠡᠢ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠭᠡᠱᠢᠭᠦᠨ᠂ ᠤᠤᠯ᠎ᠤᠨ ᠦᠪᠦᠷ ᠮᠤᠩᠭᠤᠯ᠎ᠤᠨ ᠲᠠᠷᠢᠶᠠᠯᠠᠩ᠎ᠤᠨ ᠪᠠᠩᠭᠢ᠎ᠶ᠋ᠢᠨ ᠬᠦᠬᠡᠬᠤᠳᠠ᠎ᠶ᠋ᠢᠨ ᠰᠠᠯᠪᠤᠷᠢ ᠪᠠᠩᠭᠢ᠎ᠶ᠋ᠢᠨ ᠪᠡᠯᠡᠨ ᠮᠦᠡᠭ᠌ᠭᠦ᠎ᠶ᠋ᠢᠨ ᠲᠦᠪ᠎ᠤᠨ ᠵᠠᠬᠢᠷᠣᠯ᠃ ᠲᠡᠭᠡᠷ᠎ᠠ ᠵᠠᠭᠤᠨ᠎ᠤ ᠲᠠᠯᠠᠭᠠᠳ ᠤᠨ᠎ᠳᠤ ᠴᠡᠷᠢᠭ᠎ᠠᠴᠠ ᠬᠠᠯᠠᠭ᠍ᠳᠠᠨ ᠮᠦᠡᠭ᠌ᠭᠦᠨ ᠭᠦᠢᠯᠭᠡᠭᠡᠨ᠎ᠤ ᠱᠢᠰᠲ᠋ᠧᠮ᠎ᠳᠤ ᠠᠵᠢᠯᠯᠠᠭ᠍ᠰᠠᠨ᠎ᠤ ᠲᠠᠷᠠᠭ᠎ᠠ᠂ ᠠᠮᠤᠷ᠎ᠢ ᠬᠠᠮᠠᠭᠠᠯᠠᠬᠤ ᠪᠠ ᠪᠡᠯᠡᠨ ᠮᠦᠡᠭ᠌ᠭᠦ᠎ᠶ᠋ᠢᠨ ᠬᠠᠮᠢᠶᠠᠷᠤᠯᠳᠠ᠎ᠶ᠋ᠢᠨ ᠠᠵᠢᠯ᠎ᠢ 35 ᠵᠢᠯ ᠭᠢᠵᠤ᠂ ᠪᠠᠷᠤᠭ ᠯᠠ ᠠᠮᠠᠷᠠᠯᠳᠠ᠎ᠶ᠋ᠢᠨ ᠡᠳᠦᠷ᠂ ᠪᠠᠶᠠᠷ ᠲᠤᠷᠠᠰᠭᠠᠯ᠎ᠤᠨ ᠡᠳᠦᠷ ᠵᠡᠷᠭᠡ᠎ᠪᠠᠨ ᠪᠦᠷ ᠠᠵᠢᠯ᠎ᠳᠠᠭᠠᠨ ᠵᠤᠷᠢᠭᠤᠯᠪᠠ᠃ ᠪᠦᠷᠢᠳᠭᠡᠯ᠎ᠢᠶᠠᠷ᠂ ᠨᠠᠢᠳᠡ 6 ᠲᠦᠮᠡ ᠭᠠᠷᠤᠢ ᠴᠠᠭ ᠠᠵᠢᠯᠯᠠᠵᠤ᠂ ᠡᠯ᠎ᠠ ᠡᠵᠡᠩᠨᠡᠯᠳᠡ᠎ᠶ᠋ᠢᠨ ᠴᠡᠭ᠎ᠲᠤ ᠬᠦᠷᠴᠦ᠍ ᠠᠮᠤᠷ ᠲᠦᠪᠱᠢᠨ᠎ᠤ ᠪᠠᠢᠴᠠᠭᠠᠯᠳᠠ ᠬᠢᠭ᠌ᠰᠡᠨ ᠠᠶᠠᠨ᠎ᠨᠢ 150 ᠲᠦᠮᠡ ᠭᠠᠷᠤᠢ  ᠺᠢᠯᠤᠮᠸ᠋ᠲᠷ᠎ᠲᠤ ᠬᠦᠷᠴᠦ᠍᠂ ᠲᠡᠭᠦᠨ᠎ᠤ ᠠᠵᠢᠯᠯᠠᠬᠤ ᠲᠤᠭᠤᠢ᠍ᠢᠯᠠᠩ᠎ᠢᠶᠠᠷ ᠲᠠᠮᠵᠢᠭ᠍ᠰᠠᠨ 2 ᠲᠦᠮᠡ ᠭᠠᠷᠤᠢ ᠳ᠋ᠦᠡᠭ᠌ᠰᠢᠭᠤᠷ ᠲᠦᠭᠦᠷᠢᠭ᠎ᠤᠨ ᠪᠡᠯᠡᠨ ᠮᠦᠡᠭ᠌ᠭᠦ ᠶᠠᠮᠠᠷᠴᠦ᠍ ᠠᠯᠳᠠᠭ᠎ᠠ ᠵᠦᠷᠢᠶ᠎ᠠ ᠭᠠᠷᠤᠭ᠍ᠰᠠᠨ ᠦᠭᠡᠢ᠃ ᠠᠵᠢᠯᠯᠠᠵᠤ ᠪᠠᠢᠭ᠎ᠠ ᠨᠢᠭᠡᠴᠡ᠎ᠨᠢ ᠶᠠᠮᠠᠷᠴᠤ᠌ ᠭᠡᠷᠡᠭ ᠵᠠᠷᠭᠤ ᠭᠠᠷᠤᠭ᠍ᠰᠠᠨ ᠦᠭᠡᠢ ᠪᠠᠢᠵᠤ᠂ 20 ᠵᠢᠯ ᠲᠠᠷᠠᠭᠠᠯᠠᠨ ᠬᠦᠭᠡᠬᠤᠳᠠ᠎ᠶ᠋ᠢᠨ ᠨᠠᠮ᠎ᠤᠨ ᠬᠤᠷᠢᠶ᠎ᠠ᠂ ᠬᠤᠳᠠ᠎ᠶ᠋ᠢᠨ ᠵᠠᠰᠠᠭ᠎ᠤᠨ ᠤᠷᠳᠤᠨ᠎ᠳᠤ ᠨᠠᠢᠭᠡᠮ᠎ᠤᠨ ᠠᠮᠤᠷ ᠲᠦᠪᠱᠢᠨ᠎ᠢ ᠶᠠᠷᠦᠩᠭᠡᠢᠯᠡᠨ ᠵᠠᠰᠠᠭ᠍ᠰᠠᠨ ᠲᠡᠷᠢᠭᠦᠨ᠎ᠤ ᠪᠠᠢᠭᠤᠯᠭ᠎ᠠ ᠨᠢᠭᠡᠴᠢ᠎ᠪᠠᠷ ᠨᠠᠷᠠᠢᠳᠦᠭ᠌ᠳᠡᠵᠤ᠂ ᠪᠦᠬᠦ᠌ ᠤᠯᠤᠰ᠎ᠤᠨ ᠮᠦᠡᠭ᠌ᠭᠦᠨ ᠭᠦᠢᠯᠭᠡᠭᠡᠨ᠎ᠤ ᠱᠢᠰᠲ᠋ᠧᠮ᠎ᠤᠨ ᠪᠢᠶᠤᠤᠪᠢᠩ ᠨᠢᠭᠡᠴᠢ᠎ᠪᠠᠷ ᠬᠦᠭᠢᠭᠦᠯᠦᠭ᠌ᠳᠡᠪᠡ᠃ ᡁᠢ ᠬᠤ᠌ ᠱᠧᠩ ᠨᠦᠭᠦᠷ᠎ᠤᠨ ᠭᠡᠷ᠎ᠤᠨ ᠤᠷᠤᠯᠭ᠎ᠠ᠎ᠨᠢ ᠦᠨᠳᠦᠷ ᠪᠢᠰᠢ ᠴᠤ᠌ 7 ᠰᠤᠷᠤᠭ᠍ᠴᠢ᠎ᠶ᠋ᠢ ᠲᠡᠮᠵᠢᠵᠤ ᠪᠢᠴᠢᠭ ᠦᠵᠡᠭᠦᠯᠦᠨ᠂ ᠤᠷᠢᠳ ᠬᠤᠵᠢᠳ ᠨᠠᠢᠭᠡᠮ ᠨᠠᠢᠳᠡ᠎ᠳᠤ ᠬᠠᠨᠳᠢᠪᠯᠠᠭ᠍ᠰᠠᠨ ᠮᠦᠡᠭ᠌ᠭᠦ᠎ᠨᠢ 22 ᠲᠦᠮᠡᠨ ᠲᠦᠭᠦᠷᠢᠭ᠎ᠲᠤ ᠬᠦᠷᠴᠡᠢ᠃ ᠲᠠᠷᠠ ᠨᠠᠢᠳᠡ 90 ᠭᠠᠷᠤᠢ ᠤᠳᠠᠭ᠎ᠠ ᠡᠯ᠎ᠠ ᠵᠦᠢᠯ᠎ᠤᠨ ᠢᠷᠠᠭᠤ ᠠᠯᠳᠠᠷ᠎ᠢ ᠬᠦᠷᠳᠡᠪᠡ᠂ ᠡᠭᠦᠨ᠎ᠳᠤ 4 ᠤᠳᠠᠭ᠎ᠠ ᠪᠦᠭᠦ᠌ ᠤᠯᠤᠰ᠎ᠤᠨ ᠭᠦᠳᠡᠯᠮᠦᠷᠢ᠎ᠶ᠋ᠢᠨ ᠵᠢᠱ᠌ᠢᠶᠠᠴᠢ᠂ 3 ᠤᠳᠠᠭ᠎ᠠ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠦᠳᠡᠯᠮᠦᠷᠢ᠎ᠶ᠋ᠢᠨ ᠵᠢᠱ᠌ᠢᠶᠠᠴᠢ᠎ᠶ᠋ᠢᠨ ᠢᠷᠠᠭᠤ ᠠᠯᠳᠠᠷ᠎ᠢ ᠬᠦᠷᠳᠡᠵᠤ᠂ ᠨᠠᠮ ᠪᠠ ᠲᠦᠷᠦ᠎ᠶ᠋ᠢᠨ ᠤᠳᠤᠷᠢᠳᠤᠯᠭ᠎ᠠ᠎ᠶ᠋ᠢᠨ ᠤᠯᠠᠨ ᠣᠳᠠᠭ᠎ᠠ᠎ᠶ᠋ᠢᠨ ᠠᠭᠤᠯᠵᠠᠯᠳᠠ᠎ᠶ᠋ᠢ ᠬᠦᠯᠢᠶᠡᠪᠡ᠃

2021 ᠤᠨ᠎ᠤ 8 ᠰᠠᠷ᠎ᠠ᠎ᠳᠤ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠭᠡᠯᠳᠡᠰ᠎ᠠᠴᠠ ᡁᠢ ᠬᠤ᠌ ᠱᠧᠩ ᠨᠦᠭᠦᠷ᠎ᠲᠤ 《ᠤᠮᠠᠷᠠᠳᠤ ᠬᠢᠯᠢ᠎ᠶ᠋ᠢᠨ ᠵᠢᠱ᠌ᠢᠶᠠᠴᠢ》 ᠎ᠶ᠋ᠢᠨ ᠢᠷᠠᠭᠤ ᠠᠯᠳᠠᠷ᠎ᠢ ᠤᠯᠭᠤᠪᠠ᠃


QQ图片20210924113826.png


ᠤᠢ᠍ᠢᠯᠡᠰ᠎ᠢᠶᠠᠨ ᠲᠡᠭᠡᠳᠤᠯᠡᠬᠦ᠌

ᠨᠠᠢᠭᠡᠮ ᠵᠢᠷᠤᠮ ᠎ᠤᠨ ᠭᠤᠤᠯᠯᠠᠭ᠍ᠴᠢ ᠦᠷᠳᠡᠭ᠎ᠤᠨ ᠦᠵᠡᠯᠳᠡ

ᠪᠠᠶᠠᠨ ᠬᠦᠴᠦᠷᠭᠡᠭ

ᠪᠤᠯᠪᠠᠰᠤᠨ ᠰᠠᠢᠬᠠᠨ

ᠠᠷᠠᠳᠴᠢᠯᠠᠯ᠎ᠲᠠᠢ

ᠡᠶ᠎ᠡ ᠵᠤᠭᠢᠴᠠᠩᠭᠤᠢ

ᠡᠷᠭᠡ ᠴᠢᠯᠦᠭᠡᠳᠠᠢ

ᠲᠦᠪ ᠭᠤᠤᠯᠴᠢ

ᠡᠷᠭᠡ ᠲᠡᠭ᠌ᠰᠢ

ᠬᠠᠤᠯᠢ᠎ᠪᠠᠷ ᠵᠠᠰᠠᠬᠤ

ᠤᠯᠤᠰ᠎ᠢᠶᠠᠨ ᠬᠠᠢᠷᠠᠯᠠᠬᠤ

ᠦᠢᠯᠡᠰ᠎ᠢᠶᠠᠨ ᠲᠡᠭᠡᠳᠦᠯᠡᠬᠦ᠌

ᠦᠨᠡᠨᠴᠢ ᠢᠳᠡᠭᠡᠮᠵᠢᠳᠡᠢ

ᠡᠪ ᠨᠠᠢᠷᠰᠠᠭ



ᠦᠪᠦᠷ ᠮᠤᠩᠭᠤᠯ᠎ᠤᠨ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠭᠡᠯᠳᠡᠰ᠎ᠠᠴᠠ ᠤᠬᠠᠭᠤᠯᠪᠠ

ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ ᠦᠢᠯᠡᠳᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号