ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠵᠤ ᠦᠨᠳᠦᠰᠦᠲᠡᠨ᠎ᠤ ᠡᠯ᠎ᠡ ᠵᠦᠢᠯ᠎ᠤᠨ ᠠᠵᠢᠯ᠎ᠢ ᠰᠠᠢᠲᠤᠷ ᠬᠢᠬᠦ᠌ ᠬᠡᠷᠡᠭ᠌ᠲᠡᠢ
2021-09-24 11:57:12
ᠵᠣᠬᠢᠶᠠᠭ᠍ᠴᠢ᠄
ᠭᠤᠤ ᠯᠢ ᠫᠢᠡᠭ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ᠎ᠶ᠋ᠢᠨ ᠫᠢᠩ ᠲᠦᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠳᠠᠭᠠᠨ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠤᠨ ᠵᠠᠭᠤᠨ ᠵᠢᠯ᠎ᠤᠨ ᠭᠡᠷᠡᠯ ᠰᠠᠴᠤᠷᠠᠩᠭᠤᠶ ᠥᠩᠭᠡᠷᠡᠯᠲᠡ ᠪᠠ ᠲᠡᠦᠬᠡᠨ ᠠᠮᠵᠢᠯᠲᠠ᠎ᠶ᠋ᠢ ᠪᠦᠬᠦ᠌ ᠲᠠᠯ᠎ᠠ᠎ᠪᠠᠷ ᠡᠷᠭᠢᠴᠡᠭᠦᠯᠵᠦ᠍᠂ ᠣᠳᠣᠬᠠᠨ᠎ᠤ ᠨᠠᠮ᠎ᠤᠨ ᠦᠨᠳᠦᠰᠦᠲᠡᠨ᠎ᠤ ᠠᠵᠢᠯ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ᠎ᠢ ᠭᠦᠨᠵᠡᠭᠡᠶ ᠵᠠᠳᠠᠯᠣᠨ᠂ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠱᠢᠰᠲ᠋ᠧᠮ᠎ᠲᠠᠢ ᠲᠣᠳᠣᠷᠬᠠᠢᠯᠠᠨ ᠥᠭᠦᠯᠡᠵᠦ᠍᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ ᠶᠠᠮᠠᠷ ᠲᠤᠭ᠎ᠢ ᠮᠠᠨᠳᠤᠭᠤᠯᠬᠤ᠂ ᠶᠠᠮᠠᠷ ᠵᠠᠮ᠎ᠢᠶᠠᠷ ᠵᠠᠮᠨᠠᠬᠤ ᠵᠡᠷᠭᠡ ᠴᠢᠬᠤᠯᠠ ᠶᠡᠭᠡ ᠠᠰᠠᠭᠤᠳᠠᠯ᠎ᠢ ᠱᠢᠨᠵᠢᠯᠡᠬᠦ᠌ ᠤᠬᠠᠭᠠᠨᠴᠢ᠎ᠪᠠᠷ ᠬᠠᠷᠢᠭᠤᠯᠪᠠ᠃ ᠡᠨᠡ ᠪᠤᠯ ᠨᠠᠮ᠎ᠤᠨ ᠦᠨᠳᠦᠰᠦᠲᠡᠨ᠎ᠤ ᠠᠵᠢᠯ᠎ᠤᠨ ᠦᠢᠯᠡᠳᠦᠯᠭᠡ᠎ᠶ᠋ᠢᠨ ᠬᠠᠮᠤᠭ᠎ᠤᠨ ᠱᠢᠨ᠎ᠡ ᠳ᠋ᠦᠩᠨᠡᠯᠲᠡ ᠮᠥᠨ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠤᠨ ᠳᠤᠮᠳᠠᠳᠤ ᠤᠯᠤᠰᠴᠢᠯᠠᠭ᠍ᠰᠠᠨ ᠬᠠᠮᠤᠭ᠎ᠤᠨ ᠱᠢᠨ᠎ᠡ ᠦᠷ᠎ᠡ ᠪᠦᠲᠦᠭᠡᠯ ᠮᠥᠨ᠂ ᠨᠠᠮ᠎ᠤᠨ ᠤᠯᠤᠰ᠎ᠢᠶᠠᠨ ᠵᠠᠰᠠᠬᠤ ᠠᠷᠭ᠎ᠠ ᠪᠣᠳᠣᠯᠭ᠎ᠠ᠎ᠶ᠋ᠢᠨ ᠦᠨᠳᠦᠰᠦᠲᠡᠨ᠎ᠤ ᠠᠵᠢᠯ᠎ᠤᠨ ᠬᠦᠷᠢᠶᠡᠨ᠎ᠳᠠᠬᠢ ᠲᠥᠪᠯᠡᠷᠡᠩᠭᠦᠶ ᠢᠯᠡᠷᠡᠯ ᠮᠥᠨ᠃ ᠪᠢᠳᠡ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠡᠵᠡᠮᠳᠡᠵᠦ᠍᠂ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠠᠶᠠᠨ᠎ᠠᠴᠠ ᠣᠳᠣᠬᠢ ᠱᠠᠲᠤᠨ᠎ᠤ ᠦᠨᠳᠦᠰᠦᠲᠡᠨ᠎ᠤ ᠠᠵᠢᠯ᠎ᠤᠨ ᠲᠡᠦᠬᠡᠨ ᠣᠷᠣᠨ ᠪᠠᠢᠷᠢ ᠪᠣᠯᠤᠨ ᠴᠢᠬᠤᠯᠠ ᠡᠭᠦᠷᠭᠡ᠎ᠶ᠋ᠢ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠵᠤ ᠦᠨᠳᠦᠰᠦᠲᠡᠨ᠎ᠤ ᠡᠯ᠎ᠡ ᠵᠦᠢᠯ᠎ᠤᠨ ᠠᠵᠢᠯ᠎ᠢ ᠰᠠᠢᠲᠤᠷ ᠬᠢᠬᠦ᠌ ᠬᠡᠷᠡᠭ᠌ᠲᠡᠢ᠃

《ᠠᠷᠪᠠᠨ ᠬᠤᠶᠠᠷ ᠡᠷᠬᠡᠪᠰᠢ》 ᠎ᠶ᠋ᠢᠨ ᠪᠠᠶᠠᠯᠢᠭ ᠠᠭᠤᠯᠤᠭ᠍ᠳᠠᠬᠤᠨ᠎ᠢ ᠭᠦᠨᠵᠡᠭᠡᠶ ᠣᠢᠯᠠᠭᠠᠬᠤ ᠬᠡᠷᠡᠭ᠌ᠲᠡᠶ᠃ ᠡᠨᠡ ᠤᠳᠠᠭᠠᠨ᠎ᠤ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷ᠎ᠡ ᠶᠡᠷᠦᠩᠬᠡᠢ ᠱᠦᠵᠢ ᠰᠢ᠎ᠶ᠋ᠢᠨ ᠫᠢᠩ ᠨᠠᠮ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ 《ᠠᠷᠪᠠᠨ ᠬᠤᠶᠠᠷ ᠡᠷᠬᠡᠪᠰᠢ》 ᠎ᠳᠡᠭᠡᠨ ᠬᠤᠷᠢᠶᠠᠩᠭᠤᠢᠯᠠᠪᠠ᠃ ᠡᠨᠡ 《ᠠᠷᠪᠠᠨ ᠬᠤᠶᠠᠷ ᠡᠷᠬᠡᠪᠰᠢ》 ᠪᠣᠯ ᠴᠢᠩᠭ᠎ᠠ ᠨᠢᠭ᠍ᠲᠠ ᠯᠤᠬᠢᠬ᠍ᠴᠢ ᠴᠢᠨᠠᠷ᠎ᠲᠠᠢ ᠨᠢᠭᠡᠨ ᠤᠨᠤᠯ᠎ᠤᠨ ᠱᠢᠰᠲ᠋ᠧᠮ ᠪᠠᠢᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠤᠨᠤᠯ᠎ᠤᠨ ᠯᠣᠭᠢᠭ᠎ᠢ ᠢᠯᠡᠷᠡᠭᠦᠯᠪᠡ᠃ 《ᠲᠡᠦᠬᠡ᠎ᠶ᠋ᠢᠨ ᠣᠷᠣᠨ ᠪᠠᠢᠷᠢ》 ᠎ᠨᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠯᠣᠭᠢᠭ᠎ᠢ ᠲᠣᠳᠣᠷᠬᠠᠢᠯᠠᠪᠠ᠃ ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ᠎ᠠᠴᠠ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠡᠦᠬᠡᠨ ᠣᠷᠣᠨ ᠪᠠᠢᠷᠢ᠎ᠶ᠋ᠢ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠠᠷ ᠵᠣᠷᠢᠯᠲᠠ ᠪᠠ ᠲᠤᠰᠤᠯᠳᠠ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭ᠌ᠲᠡᠢ᠃ 《ᠴᠢᠬᠤᠯᠠ ᠡᠭᠦᠷᠭᠡ》 ᠎ᠨᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠡᠮᠡᠴᠡᠬᠦ᠌ ᠬᠠᠷᠠᠯᠲᠠ᠎ᠶ᠋ᠢ ᠬᠠᠷᠠᠭᠤᠯᠪᠠ᠃ ᠡᠷᠬᠡᠪᠰᠢ ᠦᠨᠳᠦᠰᠦᠲᠡᠨ᠎ᠨᠦᠭᠦᠳ᠎ᠤᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠶ᠋ᠢᠨ ᠲᠥᠯᠥᠭᠡ ᠬᠠᠮᠲᠤ᠎ᠪᠠᠷ ᠲᠡᠮᠡᠴᠡᠬᠦ᠌᠎ᠶ᠋ᠢ ᠠᠬᠢᠭᠤᠯᠬᠤ ᠶᠠᠪᠤᠳᠠᠯ᠎ᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠬᠤᠯᠠ ᠡᠭᠦᠷᠭᠡ ᠪᠣᠯᠭᠠᠵᠤ᠂ ᠦᠨᠳᠦᠰᠦᠲᠡᠨ᠎ᠨᠦᠭᠦᠳ᠎ᠤᠨ ᠴᠠᠭ ᠦᠶ᠎ᠡ᠎ᠶ᠋ᠢᠨ ᠠᠯᠬᠤᠭ᠎ᠠ᠎ᠶ᠋ᠢ ᠰᠠᠯᠤᠯ ᠦᠭᠡᠢ ᠳᠠᠭᠠᠵᠤ᠂ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ᠃ 《ᠨᠢᠭᠡ ᠭᠤᠣᠯ ᠱᠤᠭᠤᠮ》 ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ 《ᠬᠥᠲᠥᠯᠪᠦᠷᠢ》 ᠮᠥᠨ᠂ ᠪᠤᠢ ᠪᠦᠬᠦᠢ ᠠᠵᠢᠯ᠎ᠢ ᠡᠨᠡ ᠲᠡᠭᠡᠷ᠎ᠠ ᠲᠥᠪᠯᠡᠷᠡᠭᠦᠯᠬᠦ᠌ ᠬᠡᠷᠡᠭ᠌ᠲᠡᠢ᠃ ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠱᠢᠵᠢᠮ ᠪᠣᠯᠭᠠᠵᠤ᠂ ᠦᠨᠳᠦᠰᠦᠲᠡᠨ᠎ᠨᠦᠭᠦᠳ᠎ᠤᠨ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠡᠷᠡᠰ ᠪᠠᠲᠤ ᠳᠡᠭᠡᠳᠦ ᠬᠡᠮᠵᠢᠶᠡᠨ᠎ᠤ ᠬᠠᠮᠲᠤ᠎ᠶ᠋ᠢᠨ ᠲᠠᠨᠢᠯᠲᠠ᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠪᠠᠢᠭᠤᠯᠤᠯᠲᠠ᠎ᠶ᠋ᠢ ᠲᠠᠰᠤᠷᠠᠯᠲᠠ ᠦᠭᠡᠢ ᠠᠬᠢᠭᠤᠯᠬᠤ ᠬᠡᠷᠡᠭ᠌ᠲᠡᠢ᠃ 《ᠠᠷᠪᠠᠨ ᠬᠤᠶᠠᠷ ᠡᠷᠬᠡᠪᠰᠢ》 ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠬᠤ ᠬᠡᠷᠡᠭ᠌ᠲᠡᠢ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢᠶᠠᠷ ᠭᠤᠢᠪᠢᠰᠢ ᠦᠭᠡᠢ ᠵᠠᠮᠨᠠᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠦ᠍᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠦ᠍᠂ ᠦᠨᠳᠦᠰᠦᠲᠡᠨ᠎ᠤ ᠭᠠᠵᠠᠷ ᠣᠷᠣᠨ᠎ᠤ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠠᠯᠬᠤᠴᠠ᠎ᠪᠠᠨ ᠲᠦᠷᠭᠡᠳᠭᠡᠬᠦ᠌᠎ᠶ᠋ᠢ ᠲᠦᠯᠬᠢᠨ ᠠᠬᠢᠭᠤᠯᠵᠦ᠍᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ᠎ᠶ᠋ᠢ ᠬᠠᠤᠯᠢᠵᠢᠭᠤᠯᠬᠤ ᠲᠦᠪᠱᠢᠨ᠎ᠢ ᠳᠡᠭᠡᠭ᠌ᠰᠢᠯᠡᠭᠦᠯᠵᠦ᠍᠂ ᠦᠨᠳᠦᠰᠦᠲᠡᠨ᠎ᠤ ᠬᠦᠷᠢᠶᠡᠨ᠎ᠳᠠᠬᠢ ᠠᠶᠤᠯ ᠲᠦᠭ᠌ᠰᠢᠭᠦᠷᠢ᠎ᠶ᠋ᠢᠨ ᠭᠡᠮ ᠰᠣᠭᠤᠭ᠎ᠢ ᠰᠡᠷᠭᠡᠢᠯᠡᠨ ᠠᠷᠢᠯᠭᠠᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠢᠴᠢᠯᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ᠌ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠪᠦᠯᠬᠦᠮᠳᠡᠨ ᠲᠡᠮᠡᠴᠡᠬᠦ᠌ ᠬᠡᠷᠡᠭ᠌ᠳᠡᠢ᠃

ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠴᠢᠬᠤᠯᠠ ᠶᠡᠭᠡ ᠠᠴᠢ ᠬᠤᠯᠪᠣᠭ᠍ᠳᠠᠯ᠎ᠢ ᠭᠦᠨᠵᠡᠭᠡᠶ ᠲᠠᠨᠢᠬᠤ ᠬᠡᠷᠡᠭ᠌ᠲᠡᠶ᠃ ᠡᠨᠡ ᠤᠳᠠᠭ᠎ᠠ᠎ᠶ᠋ᠢᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷ᠎ᠡ ᠶᠡᠷᠦᠩᠬᠡᠢ ᠱᠦᠵᠢ ᠰᠢ᠎ᠶ᠋ᠢᠨ ᠫᠢᠩ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠦᠨᠳᠦᠰᠦᠲᠡᠨ᠎ᠤ ᠠᠵᠢᠯ᠎ᠤᠨ 《ᠬᠥᠲᠥᠯᠪᠦᠷᠢ》 ᠎ᠶ᠋ᠢᠨ ᠦᠨᠳᠦᠷᠴᠡ᠎ᠳᠤ ᠳᠡᠭᠡᠭ᠌ᠰᠢᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠱᠢᠵᠢᠮ ᠪᠣᠯᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ ᠪᠣᠯ ᠳᠠᠷᠤᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠦᠲᠦᠯᠦᠨ ᠵᠢᠯᠣᠭᠤᠳᠴᠤ᠌ ᠪᠠᠢᠭᠠᠳ ᠬᠦᠴᠢᠷ ᠪᠡᠷᠭᠡ᠎ᠶ᠋ᠢ ᠬᠠᠮᠳᠣ᠎ᠪᠠᠷ ᠲᠣᠭᠤᠯᠬᠤ᠂ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠠᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠠᠬᠢ ᠪᠤᠢ ᠪᠣᠯᠭᠠᠬᠤ ᠶᠠᠪᠤᠳᠠᠯ ᠪᠣᠯᠤᠨ᠎ᠠ᠃ ᠡᠨᠡ ᠪᠣᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠦᠵᠡᠯ ᠤᠬᠠᠮᠰᠠᠷ᠎ᠤᠨ ᠣᠨᠣᠯ᠎ᠤᠨ ᠠᠭᠤᠯᠤᠭ᠍ᠳᠠᠬᠤᠨ᠎ᠢ ᠪᠠᠲᠤ ᠴᠣᠭ᠍ᠴᠠᠯᠠᠬᠤ᠎ᠶ᠋ᠢᠨ ᠤᠯᠠᠮ ᠨᠢᠭᠡ ᠠᠯᠬᠤᠮ ᠭᠦᠨᠵᠡᠭᠡᠢᠷᠡᠯᠲᠡ ᠮᠥᠨ᠂ 《ᠳᠥᠷᠪᠡᠨ ᠬᠠᠮᠲᠤ᠎ᠶ᠋ᠢᠨ》 ᠪᠠ 《ᠲᠠᠪᠤ᠎ᠶ᠋ᠢ ᠮᠡᠳᠡᠷᠡᠬᠦ᠌》 ᠎ᠶ᠋ᠢᠨ ᠳᠡᠭᠡᠳᠦ ᠬᠡᠮᠵᠢᠶᠡᠨ᠎ᠤ ᠬᠤᠷᠢᠶᠠᠩᠭᠤᠢᠯᠠᠯ ᠪᠠ ᠳ᠋ᠦᠩᠨᠡᠯᠲᠡ ᠮᠥᠨ᠂ ᠡᠨᠡ᠎ᠨᠢ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠤᠨ ᠣᠨᠣᠯ ᠪᠠ  ᠦᠢᠯᠡᠳᠦᠯᠭᠡ᠎ᠶ᠋ᠢᠨ ᠰᠥᠪᠡᠭ᠌ᠴᠢᠯᠡᠯᠲᠡ ᠳᠤᠮᠳᠠ ᠨᠠᠩ ᠪᠠᠲᠤ ᠪᠠᠬᠢ ᠣᠨᠣᠯ᠎ᠤᠨ ᠰᠠᠭᠤᠷᠢ᠂ ᠨᠠᠩ ᠲᠣᠳᠣᠷᠬᠠᠶ ᠣᠨᠣᠯ᠎ᠤᠨ ᠯᠣᠭᠢᠭ᠂ ᠨᠠᠩ ᠡᠷᠡᠰ ᠪᠠᠲᠤ ᠣᠨᠣᠯ᠎ᠤᠨ ᠢᠲᠡᠭᠡᠯ᠂ ᠨᠠᠩ ᠪᠣᠯᠪᠠᠰᠤᠷᠠᠩᠭᠤᠶ ᠣᠨᠣᠯ᠎ᠤᠨ ᠱᠢᠰᠲ᠋ᠧᠮ᠎ᠢ ᠪᠦᠷᠢᠯᠳᠦᠭᠦᠯᠦᠭ᠌ᠰᠡᠨ᠎ᠢ ᠬᠠᠷᠠᠭᠤᠯᠵᠤ ᠪᠠᠢᠨ᠎ᠠ᠃

ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠦᠨᠳᠦᠰᠦᠲᠡᠨ᠎ᠨᠦᠭᠦᠳ᠎ᠤᠨ ᠦᠨᠳᠦᠰᠦᠨ ᠠᠱᠢᠭ ᠲᠤᠰᠠ᠎ᠶ᠋ᠢ ᠬᠠᠮᠠᠭᠠᠯᠠᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠡᠷᠬᠡ ᠲᠡᠭ᠌ᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭ᠍ᠰᠠᠨ ᠡᠶ᠎ᠡ ᠵᠣᠬᠢᠴᠠᠯ᠎ᠲᠠᠢ ᠨᠡᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ᠎ᠶ᠋ᠢ ᠪᠠᠬᠢᠵᠢᠭᠦᠯᠦᠨ ᠬᠥᠭ᠌ᠵᠢᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠨᠠᠮ᠎ᠤᠨ ᠦᠨᠳᠦᠰᠦᠲᠡᠨ᠎ᠤ ᠠᠵᠢᠯ᠎ᠤᠨ ᠱᠢᠨ᠎ᠡ ᠪᠠᠢᠳᠠᠯ᠎ᠢ ᠡᠭᠦᠳᠦᠨ ᠪᠤᠢ ᠪᠤᠯᠭᠠᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠬᠠᠮᠲᠤ ᠴᠣᠭ᠍ᠴᠠ᠎ᠶ᠋ᠢᠨ ᠣᠢᠯᠠᠭᠠᠭ᠍ᠳᠠᠬᠤᠨ᠎ᠤ ᠰᠠᠭᠤᠷᠢᠨ ᠳᠡᠭᠡᠷ᠎ᠡ ᠳᠤᠷᠠᠳᠤᠭ᠍ᠰᠠᠨ 《ᠲᠦᠷᠪᠡᠨ ᠵᠠᠢᠯᠠᠰᠢ ᠦᠭᠡᠢ ᠱᠠᠭᠠᠷᠳᠠᠯᠭ᠎ᠠ》 ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠡᠦᠬᠡ᠎ᠶ᠋ᠢᠨ ᠵᠠᠢᠯᠠᠰᠢ ᠦᠭᠡᠢ ᠴᠢᠨᠠᠷ᠎ᠢ ᠤᠯᠠᠮ ᠨᠢᠭᠡ ᠠᠯᠬᠤᠮ ᠲᠣᠳᠣᠷᠬᠠᠢᠯᠠᠨ ᠥᠭᠦᠯᠡᠵᠦ᠍᠂ ᠱᠢᠨ᠎ᠡ ᠴᠠᠭ ᠦᠶ᠎ᠡ᠎ᠳᠤ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠴᠢᠬᠤᠯᠠ ᠶᠡᠭᠡ ᠠᠴᠢ ᠬᠤᠯᠪᠣᠭ᠍ᠳᠠᠯ᠎ᠢ ᠢᠯᠡᠷᠡᠭᠦᠯᠪᠡ᠃

ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠦᠢᠯᠡᠳᠦᠯᠭᠡ᠎ᠶ᠋ᠢᠨ ᠠᠷᠭ᠎ᠠ ᠵᠠᠮ᠎ᠢ ᠣᠨᠣᠪᠴᠢᠲᠠᠶ ᠡᠵᠡᠮᠳᠡᠬᠦ᠌ ᠬᠡᠷᠡᠭ᠌ᠲᠡᠶ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠤᠨᠤᠯ᠎ᠤᠨ ᠯᠣᠭᠢᠭ᠎ᠢ ᠳ᠋ᠦᠩᠨᠡᠭ᠌ᠰᠡᠨ᠎ᠢᠶᠠᠷ ᠪᠠᠷᠠᠬᠤ ᠦᠭᠡᠢ᠂ ᠪᠠᠰᠠ ᠤᠨᠤᠯ᠎ᠢᠶᠠᠷ ᠦᠢᠯᠡᠳᠦᠯᠭᠡ᠎ᠶ᠋ᠢ ᠬᠡᠷᠬᠢᠨ ᠵᠢᠯᠤᠭᠤᠳᠭᠤ᠎ᠳᠤ ᠴᠢᠭ᠌ᠯᠡᠯ᠎ᠢ ᠲᠣᠳᠣᠷᠬᠠᠢ ᠵᠢᠭᠠᠨ ᠥᠭ᠌ᠴᠦ᠂ ᠨᠡᠢᠲᠡᠯᠢᠭ ᠴᠢᠨᠠᠷ ᠪᠣᠯᠤᠨ ᠵᠥᠷᠢᠶᠡᠲᠦ ᠴᠢᠨᠠᠷ᠎ᠤᠨ ᠬᠠᠷᠢᠴᠠᠭ᠎ᠠ᠎ᠶ᠋ᠢ ᠵᠥᠪ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ ᠪᠣᠯᠤᠨ ᠦᠨᠳᠦᠰᠦᠲᠡᠨ᠎ᠨᠦᠭᠦᠳ᠎ᠤᠨ ᠤᠬᠠᠮᠰᠠᠷ᠎ᠤᠨ ᠬᠠᠷᠢᠴᠠᠭ᠎ᠠ᠎ᠶ᠋ᠢ ᠵᠥᠪ ᠡᠵᠡᠮᠳᠡᠵᠦ᠍᠂ ᠳᠤᠮᠳᠠᠳᠤ᠎ᠶ᠋ᠢᠨ ᠰᠣᠶᠣᠯ ᠪᠣᠯᠤᠨ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠴᠠᠭ᠎ᠠ᠎ᠶ᠋ᠢ ᠵᠥᠪ ᠡᠵᠡᠮᠳᠡᠵᠦ᠍᠂ ᠪᠣᠳᠠᠰ ᠪᠣᠯᠤᠨ ᠤᠶᠤᠨ᠎ᠤ ᠬᠠᠷᠢᠴᠠᠭ᠎ᠠ᠎ᠶ᠋ᠢ ᠵᠥᠪ ᠡᠵᠡᠮᠳᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠭᠦᠨ᠎ᠤ ᠬᠠᠮᠲᠤ᠌᠂ ᠦᠨᠳᠦᠰᠦᠲᠡᠨ᠎ᠤ ᠠᠵᠢᠯ᠎ᠢ ᠥᠷᠨᠢᠭᠦᠯᠬᠦ᠌ ᠦᠢᠯᠡᠳᠦᠯᠭᠡ᠎ᠶ᠋ᠢᠨ ᠠᠷᠭ᠎ᠠ ᠵᠠᠮ᠎ᠢ ᠳᠤᠷᠠᠳᠤᠨ ᠭᠠᠷᠭᠠᠪᠠ᠂ ᠲᠤᠬᠠᠢᠯᠠᠪᠠᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠦᠨᠳᠦᠰᠦᠲᠡᠨ᠎ᠨᠦᠭᠦᠳ᠎ᠤᠨ ᠨᠡᠢᠭᠡᠮ ᠵᠢᠷᠤᠮᠳᠤ ᠣᠳᠣᠬᠢᠴᠢᠯᠠᠯᠲᠠ ᠲᠡᠢᠰᠢ ᠬᠠᠮᠲᠤ᠎ᠪᠠᠷ ᠤᠷᠤᠭ᠍ᠰᠢᠯᠠᠬᠤ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠱᠢᠰᠲ᠋ᠧᠮ ᠪᠠ ᠵᠠᠰᠠᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠦᠨᠳᠦᠰᠦᠲᠡᠨ᠎ᠤ ᠬᠦᠷᠢᠶᠡᠨ᠎ᠳᠠᠬᠢ ᠬᠦᠨᠳᠦ ᠶᠡᠭᠡ ᠠᠶᠤᠯ ᠲᠦᠭ᠌ᠰᠢᠭᠦᠷᠢ᠎ᠶ᠋ᠢᠨ ᠲᠠᠯᠳᠠ ᠭᠡᠮ᠎ᠢ ᠡᠷᠡᠰ ᠰᠡᠷᠭᠡᠢᠯᠡᠵᠦ᠍᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠨ ᠲᠡᠭᠦᠯᠳᠡᠷᠵᠢᠭᠦᠯᠬᠦ᠌ ᠬᠡᠷᠡᠭ᠌ᠲᠡᠢ᠃

ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠳᠤ ᠥᠪᠥᠷ ᠮᠣᠩᠭᠤᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠣᠯ ᠱᠢᠵᠢᠮ᠎ᠢ ᠪᠠᠲᠤ ᠡᠵᠡᠮᠳᠡᠵᠦ᠍᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠯᠠᠪᠳᠠᠭᠤᠨ ᠪᠠᠲᠤᠲᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭ᠌ᠲᠡᠢ᠃ ᠨᠢᠭᠡ᠎ᠳᠤ᠂ ᠤᠬᠠᠭᠤᠯᠤᠨ ᠲᠠᠢᠯᠪᠤᠷᠢᠯᠠᠬᠤ ᠠᠵᠢᠯ᠎ᠢ ᠭᠦᠨᠵᠡᠭᠡᠢ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠷᠠᠳ ᠤᠯᠠᠨ᠎ᠤ ᠰᠡᠳᠭᠢᠯ᠎ᠳᠤ ᠭᠦᠨ ᠦᠨᠳᠦᠰᠦᠯᠡᠭᠦᠯᠬᠦ᠌ ᠬᠡᠷᠡᠭ᠌ᠲᠡᠢ᠃ ᠬᠤᠶᠠᠷ᠎ᠲᠤ᠌᠂ ᠠᠷᠠᠳ ᠤᠯᠠᠨ᠎ᠤ ᠦᠵᠡᠵᠦ᠍ ᠰᠣᠨᠢᠷᠬᠠᠬᠤ ᠳᠤᠷᠠᠲᠠᠢ ᠬᠡᠯᠪᠡᠷᠢ᠎ᠪᠠᠷ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠡᠭᠦᠳᠦᠨ ᠪᠠᠢᠭᠤᠯᠤᠯᠲᠠ᠎ᠶ᠋ᠢ ᠭᠦᠨᠵᠡᠭᠡᠢ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠦᠨ ᠵᠤᠵᠠᠭᠠᠨ ᠨᠡᠢᠭᠡᠮ᠎ᠤᠨ ᠠᠭᠤᠷ ᠠᠮᠢᠰᠭᠤᠯ᠎ᠢ ᠪᠤᠢ ᠪᠣᠯᠭᠠᠬᠤ ᠬᠡᠷᠡᠭ᠌ᠲᠡᠢ᠃ ᠭᠤᠷᠪᠠ᠎ᠳᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠺᠠᠳ᠋ᠷ᠎ᠤᠨ ᠡᠩᠨᠡᠭᠡ᠎ᠶ᠋ᠢ ᠪᠠᠢᠭᠤᠯᠵᠤ᠂ ᠪᠣᠯᠪᠠᠰᠤᠷᠠᠯ ᠪᠠ ᠬᠥᠮᠦᠵᠢᠯ᠎ᠢ ᠴᠢᠩᠭᠠᠳᠭᠠᠨ᠂ ᠺᠠᠳ᠋ᠷ᠎ᠤᠨ ᠡᠩᠨᠡᠭᠡᠨ᠎ᠤ ᠦᠨᠳᠦᠰᠦᠲᠡᠨ᠎ᠤ ᠠᠵᠢᠯ᠎ᠢ ᠥᠷᠨᠢᠭᠦᠯᠬᠦ᠌ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠬᠦ᠌ ᠬᠡᠷᠡᠭ᠌ᠲᠡᠢ᠃ ᠲᠦᠷᠪᠡ᠎ᠳᠤ᠂ ᠦᠨᠳᠦᠰᠦᠲᠡᠨ᠎ᠤ ᠠᠵᠢᠯ᠎ᠤᠨ ᠪᠣᠳᠠᠲᠠᠢ ᠠᠰᠠᠭᠤᠳᠠᠯ᠎ᠠᠴᠠ ᠡᠭᠦᠰᠴᠦ᠍᠂ ᠨᠡᠢᠲᠡᠯᠢᠭ ᠴᠢᠨᠠᠷ ᠪᠣᠯᠤᠨ ᠵᠥᠷᠢᠶᠡᠲᠦ ᠴᠢᠨᠠᠷ᠎ᠤᠨ ᠬᠠᠷᠢᠴᠠᠭ᠎ᠠ᠎ᠶ᠋ᠢ ᠵᠥᠪ ᠱᠢᠢᠳᠪᠦᠷᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠪᠦᠬᠦᠯᠢ ᠴᠣᠭ᠍ᠴᠠ᠎ᠶ᠋ᠢᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠌ ᠠᠬᠢᠴᠠ ᠳᠤᠮᠳᠠ ᠦᠨᠳᠦᠰᠦᠲᠡᠨ᠎ᠨᠦᠭᠦᠳ᠎ᠤᠨ ᠪᠣᠳᠠᠲᠠᠢ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠌ ᠬᠡᠷᠡᠭ᠌ᠲᠡᠢ᠃

(ᠵᠣᠬᠢᠶᠠᠭ᠍ᠴᠢ᠄ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号