ᠳᠦᠷᠪᠡᠨ ᠵᠦᠢᠯ᠎ᠤᠨ ᠬᠠᠷᠢᠴᠠᠭ᠎ᠠ᠎ᠶ᠋ᠢ ᠵᠥᠪ ᠡᠵᠡᠮᠳᠡᠵᠦ᠍ ᠨᠠᠮ᠎ᠤᠨ ᠦᠨᠳᠣᠰᠣᠳᠠᠨ᠎ᠤ ᠠᠵᠢᠯ᠎ᠤᠨ ᠱᠢᠨ᠎ᠡ᠎ᠶ᠋ᠢ ᠡᠬᠦᠳᠦᠨ ᠬᠦᠭ᠌ᠵᠢᠬᠦᠯᠦᠶ᠎ᠡ
2021-09-24 11:57:28
ᠵᠣᠬᠢᠶᠠᠭ᠍ᠴᠢ᠄
ᠶᠠᠩ ᠱᠢᠩ ᠮᠧᠩ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ᠎ᠶ᠋ᠢᠨ ᠫᠢᠩ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷ᠎ᠡ᠄ 《ᠨᠠᠮ᠎ᠤᠨ ᠦᠨᠳᠦᠰᠦᠲᠡᠨ᠎ᠤ ᠠᠵᠢᠯ᠎ᠤᠨ ᠱᠢᠨ᠎ᠡ᠎ᠶ᠋ᠢ ᠡᠭᠦᠳᠦᠨ ᠬᠦᠭ᠌ᠵᠢᠬᠦᠯᠬᠦ᠌ ᠪᠣᠯ ᠵᠥᠪ ᠣᠨᠣᠪᠴᠢᠲᠠᠢ᠎ᠶ᠋ᠢ᠎ᠨᠢ ᠪᠠᠷᠢᠮᠳᠠᠯᠠᠵᠦ᠍᠂ ᠴᠠᠭ᠎ᠠᠴᠠ ᠬᠤᠴᠣᠷᠤᠭ᠍ᠰᠠᠨ᠎ᠳᠤᠨᠢ ᠲᠣᠬᠢᠷᠠᠭᠤᠯᠣᠯᠳᠠ ᠬᠢᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠱᠢᠭ᠎ᠢ ᠨᠡᠩ ᠰᠠᠢᠲᠤᠷ ᠪᠠᠲᠤᠯᠠᠬᠤ ᠶᠠᠪᠤᠳᠠᠯ ᠪᠣᠯᠤᠨ᠎ᠠ》 ᠭᠡᠵᠦ᠍ ᠵᠢᠭᠠᠵᠤ ᠭᠠᠷᠭᠠᠪᠠ᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠳᠤᠤᠷᠠᠬᠢ ᠳᠥᠷᠪᠡᠨ ᠵᠦᠢᠯ᠎ᠤᠨ ᠬᠠᠷᠢᠴᠠᠭ᠎ᠠ᠎ᠶ᠋ᠢ ᠭᠤᠤᠯᠳᠠᠯᠭ᠎ᠠ᠎ᠲᠠᠢ ᠰᠠᠢᠲᠤᠷ ᠡᠵᠡᠮᠳᠡᠬᠦ᠌ ᠬᠡᠷᠡᠭ᠌ᠲᠡᠶ᠃

ᠨᠢᠭᠡᠳᠦᠭᠡᠷ᠎ᠲᠤ᠌᠂ ᠨᠡᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠠᠷᠢᠴᠠᠭ᠎ᠠ᠎ᠶ᠋ᠢ ᠵᠥᠪ ᠡᠵᠡᠮᠳᠡᠬᠦ᠌ ᠬᠡᠷᠡᠭ᠌ᠲᠡᠢ᠃ ᠡᠩ ᠲᠡᠷᠢᠭᠦᠨ᠎ᠳᠤ᠂ ᠨᠡᠢᠲᠡᠯᠢᠭ ᠴᠢᠨᠠᠷ᠎ᠢ ᠨᠡᠮᠡᠭ᠌ᠳᠡᠭᠦᠯᠬᠦ᠌ ᠪᠣᠯ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠤᠨ ᠴᠢᠭ᠌ᠯᠡᠯ ᠪᠠ ᠴᠢᠬᠤᠯᠠ ᠵᠠᠷᠴᠢᠮ ᠪᠣᠯᠬᠤ᠎ᠶ᠋ᠢ ᠭᠦᠨᠵᠡᠭᠡᠢ ᠲᠠᠨᠢᠵᠤ ᠡᠵᠡᠮᠱᠢᠬᠦ᠌ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ ᠪᠣᠯ ᠨᠢᠭᠡᠨ ᠲᠤᠮᠤ ᠭᠡᠷ ᠪᠦᠯᠢ ᠮᠥᠨ᠂ 56 ᠦᠨᠳᠦᠰᠦᠲᠡᠨ᠎ᠲᠠᠢ᠂ ᠦᠨᠳᠦᠰᠦᠲᠡᠨ ᠨᠢᠭᠡᠪᠦᠷᠢ ᠴᠥᠮ ᠥᠪᠡᠷ᠎ᠤᠨ ᠣᠨᠴᠠᠯᠢᠭ᠎ᠲᠠᠢ ᠪᠠᠢᠳᠠᠭ᠃ ᠭᠡᠪᠡᠴᠦ᠍ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠠᠰᠤᠷᠠᠯᠳᠠ ᠦᠭᠡᠢ ᠭᠦᠨᠵᠡᠭᠡᠢᠷᠡᠬᠦ᠌᠎ᠶ᠋ᠢ ᠲᠠᠭᠠᠯᠳᠤᠨ᠂ ᠦᠨᠳᠦᠰᠦᠲᠡᠨ᠎ᠤ ᠬᠤᠭᠤᠷᠣᠨᠳᠣᠬᠢ ᠨᠡᠢᠲᠡᠯᠢᠭ ᠴᠢᠨᠠᠷᠲᠠᠢ ᠡᠯᠧᠮᠧᠨ᠋ᠲ ᠲᠠᠰᠤᠷᠠᠯᠳᠠ ᠦᠭᠡᠢ ᠨᠡᠮᠡᠭ᠌ᠳᠡᠵᠦ᠍᠂ ᠨᠡᠢᠭᠡᠮ᠎ᠤᠨ ᠨᠢᠭᠡ ᠴᠤᠬ᠍ᠴᠠᠵᠢᠬᠤ ᠪᠠ ᠨᠡᠢᠳᠭᠡᠬᠦ᠌ ᠴᠢᠨᠠᠷ ᠲᠠᠰᠤᠷᠠᠯᠳᠠ ᠦᠭᠡᠢ ᠳᠡᠭᠡᠭ᠌ᠰᠢᠯᠡᠬᠦ᠌ ᠪᠣᠯ ᠲᠡᠦᠬᠡ᠎ᠶ᠋ᠢᠨ ᠬᠥᠭ᠌ᠵᠢᠯᠲᠡ᠎ᠶ᠋ᠢᠨ ᠵᠠᠢᠯᠠᠰᠢ ᠦᠭᠡᠢ ᠬᠠᠨᠳᠤᠰᠢ ᠪᠣᠯᠬᠤ᠎ᠶ᠋ᠢ ᠣᠯᠵᠤ ᠬᠠᠷᠠᠬᠤ ᠬᠡᠷᠡᠭ᠌ᠲᠡᠢ᠃ ᠳᠠᠷᠠᠭᠠᠯᠠᠪᠠᠯ᠂ ᠦᠨᠳᠦᠰᠦᠲᠡᠨ᠎ᠤ ᠵᠦᠷᠢᠶ᠎ᠡ ᠪᠣᠯ ᠪᠤᠰᠤᠳᠴᠢ ᠣᠷᠣᠱᠢᠵᠤ ᠪᠠᠢᠭ᠎ᠠ ᠨᠡᠢᠭᠡᠮ ᠲᠡᠦᠬᠡ᠎ᠶ᠋ᠢᠨ ᠦᠵᠡᠭ᠌ᠳᠡᠯ ᠮᠥᠨ ᠭᠡᠳᠡᠭ᠎ᠢ ᠭᠦᠨᠵᠡᠭᠡᠢ ᠲᠠᠨᠢᠵᠤ ᠡᠵᠡᠮᠱᠢᠬᠦ᠌ ᠬᠡᠷᠡᠭ᠌ᠲᠡᠢ᠃ ᠦᠨᠳᠦᠰᠦᠲᠡᠨ ᠪᠣᠯ ᠨᠢᠭᠡᠨ ᠲᠡᠦᠬᠡᠨ ᠠᠢ ᠪᠣᠯᠤᠭ᠍ᠰᠠᠨ᠎ᠤ ᠬᠤᠪᠢ᠎ᠳᠤ᠂ ᠬᠥᠮᠦᠨ ᠲᠥᠷᠥᠯᠬᠢᠲᠡᠨ᠎ᠤ ᠨᠡᠢᠭᠡᠮ ᠬᠥᠭ᠌ᠵᠢᠭᠡᠳ ᠵᠣᠬᠢᠬᠤ ᠱᠠᠲᠤᠨ᠎ᠳᠤ ᠬᠦᠷᠦᠭ᠌ᠰᠡᠨ᠎ᠤ ᠪᠦᠲᠦᠭᠡᠭ᠌ᠳᠡᠬᠦᠨ ᠮᠥᠨ᠂ ᠦᠨᠳᠦᠰᠦᠲᠡᠨ᠎ᠤ ᠪᠤᠢ ᠪᠣᠯᠬᠤ᠂ ᠬᠥᠭ᠌ᠵᠢᠬᠦ᠌ ᠪᠠ ᠤᠰᠠᠳᠭᠤ ᠪᠣᠯ ᠨᠢᠭᠡᠨ ᠤᠷᠳᠤ ᠤᠳᠠᠭᠠᠨ ᠲᠡᠦᠬᠡᠨ ᠶᠠᠪᠤᠴᠠ ᠮᠥᠨ᠂ ᠲᠡᠭᠦᠨ᠎ᠳᠤ ᠣᠨᠴᠠᠭᠠᠢ ᠵᠢᠮ᠎ᠡ ᠶᠣᠰᠣ᠎ᠲᠠᠢ ᠪᠠᠢᠳᠠᠭ᠂ ᠲᠡᠷᠡ᠎ᠨᠢ ᠬᠥᠮᠦᠨ᠎ᠤ ᠵᠣᠷᠢᠭ ᠰᠠᠨᠠᠭ᠎ᠠ᠎ᠪᠠᠷ ᠱᠢᠯᠵᠢᠳᠡᠭ ᠦᠭᠡᠢ ᠶᠤᠮ᠃ ᠤᠯᠠᠨ ᠦᠨᠳᠦᠰᠦᠲᠡᠨ᠎ᠲᠠᠢ ᠪᠠᠢᠬᠤ᠎ᠨᠢ ᠮᠠᠨ᠎ᠤ ᠤᠯᠤᠰ᠎ᠤᠨ ᠨᠢᠭᠡᠨ ᠶᠡᠭᠡ ᠣᠨᠴᠠᠯᠢᠭ ᠮᠥᠨ᠂ ᠪᠠᠰᠠ ᠴᠤ᠌ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠨᠢᠭᠡᠨ ᠶᠡᠭᠡ ᠠᠱᠢᠭ᠍ᠲᠠᠢ ᠬᠦᠴᠦᠨ ᠵᠦᠢᠯ ᠮᠥᠨ᠃ ᠮᠠᠨ᠎ᠤ ᠤᠯᠤᠰ᠎ᠤᠨ ᠨᠢᠭᠡᠳᠦᠭ᠌ᠰᠡᠨ ᠤᠯᠠᠨ ᠦᠨᠳᠦᠰᠦᠲᠡᠨ᠎ᠲᠠᠢ ᠤᠯᠤᠰ᠎ᠤᠨ ᠦᠨᠳᠦᠰᠦᠨ ᠤᠯᠤᠰ᠎ᠤᠨ ᠪᠠᠢᠳᠠᠯ᠎ᠢ ᠣᠨᠣᠪᠴᠢᠲᠠᠢ ᠡᠵᠡᠮᠳᠡᠵᠦ᠍᠂ ᠵᠦᠷᠢᠶ᠎ᠡ᠎ᠶ᠋ᠢ ᠬᠦᠨᠳᠦᠳᠭᠡᠬᠦ᠌ ᠪᠣᠯ ᠤᠯᠠᠨ ᠶᠠᠩᠵᠤ᠎ᠶ᠋ᠢ ᠪᠠᠭ᠍ᠲᠠᠭᠠᠬᠤ᠎ᠶ᠋ᠢᠨ ᠲᠥᠯᠥᠭᠡ ᠶᠤᠮ᠂ ᠭᠡᠪᠡᠴᠦ᠍ ᠵᠦᠷᠢᠶ᠎ᠡ᠎ᠶ᠋ᠢ ᠴᠢᠩᠭᠠᠳᠭᠠᠬᠤ ᠪᠤᠶᠤ ᠲᠣᠭ᠍ᠲᠠᠪᠤᠷᠢᠵᠢᠭᠤᠯᠵᠤ ᠪᠣᠯᠬᠤ ᠦᠭᠡᠢ᠂ ᠵᠥᠷᠢᠶᠡᠲᠦ ᠴᠢᠨᠠᠷ᠎ᠢᠶᠠᠷ ᠨᠡᠢᠲᠡᠯᠢᠭ ᠴᠢᠨᠠᠷ᠎ᠢ ᠪᠠᠭᠠᠰᠭᠠᠬᠤ ᠪᠤᠶᠤ ᠣᠷᠣᠯᠠᠭᠤᠯᠵᠤ ᠪᠣᠯᠬᠤ ᠦᠭᠡᠢ᠃ ᠲᠠᠬᠢᠪᠠᠯ᠂ ᠨᠡᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠤᠪᠢᠰᠤᠩᠭᠤᠢ ᠨᠢᠭᠡᠳᠦᠯ᠎ᠢ ᠭᠦᠨᠵᠡᠭᠡᠢ ᠲᠠᠨᠢᠵᠤ ᠡᠵᠡᠮᠱᠢᠬᠦ᠌ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠤ ᠣᠯᠠᠨ ᠡᠱᠢᠲᠦ ᠨᠢᠭᠡ ᠴᠣᠭ᠍ᠴᠠᠵᠢᠭ᠍ᠰᠠᠨ ᠪᠠᠢᠷᠢᠱᠢᠯ᠎ᠳᠤ᠂ ᠨᠢᠭᠡ ᠴᠣᠭ᠍ᠴᠠ᠎ᠨᠢ ᠣᠯᠠᠨ ᠡᠰᠢ᠎ᠪᠠᠨ ᠪᠠᠭ᠍ᠳᠠᠭᠠᠵᠦ᠍᠂ ᠣᠯᠠᠨ ᠡᠰᠢ᠎ᠨᠢ ᠨᠢᠬᠡ ᠴᠣᠭ᠍ᠴᠠ᠎ᠪᠠᠨ ᠪᠦᠷᠢᠯᠳᠦᠬᠦᠯᠦᠨ᠎ᠠ᠂ ᠨᠢᠭᠡ ᠴᠣᠭ᠍ᠴᠠ᠎ᠨᠢ ᠣᠯᠠᠨ ᠡᠰᠢ᠎ᠠᠴᠠ ᠰᠠᠯᠵᠦ᠍ ᠪᠣᠯᠬᠤ ᠦᠬᠡᠢ᠂ ᠣᠯᠠᠨ ᠡᠰᠢ᠎ᠨᠢ ᠴᠤ᠌ ᠨᠢᠬᠡ ᠴᠣᠭ᠍ᠴᠠ᠎ᠠᠴᠠ ᠰᠠᠯᠵᠦ᠍ ᠪᠤᠯᠬᠤ ᠦᠬᠡᠢ᠃ ᠨᠢᠭᠡ ᠴᠣᠭ᠍ᠴᠠ᠎ᠨᠢ ᠭᠤᠤᠯ ᠱᠤᠭᠤᠮ ᠪᠠ ᠴᠢᠭ᠌ᠯᠡᠯ ᠪᠠᠢᠵᠦ᠍᠂ ᠣᠯᠠᠨ ᠡᠰᠢ᠎ᠨᠢ ᠴᠢᠬᠤᠯᠠ ᠡᠯᠧᠮᠧᠨ᠋ᠲ ᠪᠠ ᠬᠥᠳᠡᠯᠭᠡᠬᠦ᠌ ᠬᠦᠴᠦᠨ ᠮᠦᠨ᠂ ᠡᠨᠡ ᠬᠤᠶᠠᠷ ᠬᠤᠪᠢᠰᠤᠩᠭᠤᠶ ᠨᠢᠭᠡᠳᠦᠯ᠎ᠲᠠᠢ ᠪᠠᠢᠳᠠᠭ᠃ ᠨᠡᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠤᠪᠢᠰᠤᠩᠭᠤᠢ ᠨᠢᠭᠡᠳᠦᠯ᠎ᠢ ᠴᠢᠬᠤᠯᠠᠴᠢᠯᠠᠵᠤ ᠪᠠᠢᠬᠤ᠎ᠨᠢ ᠳᠠᠷᠤᠢ ᠵᠥᠷᠢᠶᠡᠲᠦ ᠴᠢᠨᠠᠷ᠎ᠢ ᠬᠦᠨᠳᠦᠳᠭᠡᠵᠦ᠍᠂ ᠤᠯᠠᠨ ᠶᠠᠩᠵᠤᠲᠤ ᠴᠢᠨᠠᠷ᠎ᠢ ᠪᠠᠭ᠍ᠲᠠᠭᠠᠬᠤ᠎ᠪᠠᠷ ᠪᠠᠷᠠᠬᠤ ᠦᠭᠡᠢ ᠪᠠᠰᠠ ᠨᠡᠢᠲᠡᠯᠢᠭ ᠴᠢᠨᠠᠷ᠎ᠢ ᠬᠦᠴᠦᠯᠡᠨ ᠨᠡᠮᠡᠭ᠌ᠳᠡᠭᠦᠯᠵᠦ᠍᠂ ᠨᠢᠭᠡ ᠴᠤᠬ᠍ᠴᠠ᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠪᠠᠭ᠍ᠲᠠᠭᠠᠮᠵᠢᠲᠤ ᠴᠢᠨᠠᠷ ᠨᠡᠩ ᠴᠢᠩᠭ᠎ᠠ᠂ ᠨᠢᠭ᠍ᠲᠠᠷᠠᠯ᠎ᠤᠨ ᠬᠦᠴᠦᠨ ᠨᠡᠩ ᠶᠡᠭᠡ ᠬᠤᠪᠢ ᠵᠠᠶᠠᠭᠠᠨ᠎ᠤ ᠬᠠᠮᠲᠤ ᠴᠣᠭ᠍ᠴᠠ ᠲᠡᠢᠰᠢ ᠤᠷᠤᠭ᠍ᠰᠢᠯᠠᠬᠤ᠎ᠶ᠋ᠢ ᠠᠬᠢᠭᠤᠯᠬᠤ ᠶᠠᠪᠤᠳᠠᠯ ᠪᠣᠯᠤᠨ᠎ᠠ᠃

ᠬᠤᠶᠠᠳᠤᠭᠠᠷ᠎ᠲᠤ᠌᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ ᠪᠠ ᠦᠨᠳᠦᠰᠦᠲᠡᠨ᠎ᠨᠦᠭᠦᠳ᠎ᠤᠨ ᠤᠬᠠᠮᠰᠠᠷ᠎ᠤᠨ ᠬᠠᠷᠢᠴᠠᠭ᠎ᠠ᠎ᠶ᠋ᠢ ᠵᠥᠪ ᠡᠵᠡᠮᠳᠡᠬᠦ᠌ ᠬᠡᠷᠡᠭ᠌ᠲᠡᠢ᠃ ᠡᠩ ᠲᠡᠷᠢᠭᠦᠨ᠎ᠳᠤ᠂ ᠲᠤᠰ ᠦᠨᠳᠦᠰᠦᠲᠡᠨ᠎ᠤ ᠤᠬᠠᠮᠰᠠᠷ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠲᠠᠭᠠᠬᠤ ᠪᠠ ᠲᠡᠭᠦᠨ᠎ᠳᠤ ᠦᠢᠯᠡᠴᠢᠯᠡᠬᠦ᠌ ᠬᠡᠷᠡᠭ᠌ᠲᠡᠢ ᠭᠡᠳᠡᠭ᠎ᠢ ᠭᠦᠨᠵᠡᠭᠡᠢ ᠲᠠᠨᠢᠵᠤ ᠡᠵᠡᠮᠱᠢᠬᠦ᠌ ᠬᠡᠷᠡᠭ᠌ᠲᠡᠢ᠃ ᠦᠨᠳᠦᠰᠦᠲᠡᠨ ᠪᠣᠯ ᠬᠥᠮᠦᠨ ᠲᠥᠷᠥᠯᠬᠢᠲᠡᠨ᠎ᠤ ᠨᠡᠢᠭᠡᠮ᠎ᠤᠨ ᠬᠥᠭ᠌ᠵᠢᠯᠲᠡ᠎ᠶ᠋ᠢᠨ ᠶᠠᠪᠤᠴᠠ᠎ᠳᠠᠬᠢ ᠪᠤᠰᠤᠳᠴᠢ ᠣᠷᠣᠱᠢᠬᠤᠢ ᠮᠥᠨ᠂ ᠦᠨᠳᠦᠰᠦᠲᠡᠨ ᠣᠷᠣᠱᠢᠵᠤ ᠪᠠᠢᠪᠠᠯ ᠳᠠᠷᠤᠢ ᠦᠨᠳᠦᠰᠦᠲᠡᠨ᠎ᠤ ᠤᠬᠠᠮᠰᠠᠷ ᠪᠠᠢᠳᠠᠭ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ ᠪᠣᠯ ᠤᠯᠤᠰ᠎ᠤᠨ ᠲᠠᠰ ᠳᠠᠪᠬᠤᠷᠭ᠎ᠠ᠎ᠶ᠋ᠢᠨ ᠬᠠᠮᠤᠭ᠎ᠤᠨ ᠳᠡᠭᠡᠳᠦ ᠨᠡᠢᠭᠡᠮ᠎ᠤᠨ ᠬᠠᠷᠢᠶᠠᠯᠠᠭ᠍ᠳᠠᠬᠤ ᠰᠡᠳᠭᠢᠯᠭᠡ ᠮᠥᠨ᠂ ᠳᠡᠯᠡᠬᠡᠶ ᠳ᠋ᠠᠬᠢᠨ᠎ᠳᠤ ᠬᠠᠨᠳᠤᠭᠤᠯᠤᠭ᠍ᠰᠠᠨ ᠤᠯᠤᠰ ᠲᠥᠷᠥ᠎ᠶ᠋ᠢᠨ ᠬᠠᠷᠢᠶᠠᠯᠠᠭ᠍ᠳᠠᠬᠤ ᠰᠡᠳᠭᠢᠯᠭᠡ ᠮᠥᠨ᠂ ᠦᠨᠳᠦᠰᠦᠲᠡᠨ᠎ᠨᠦᠭᠦᠳ᠎ᠤᠨ ᠦᠵᠡᠯ ᠤᠬᠠᠮᠰᠠᠷ᠎ᠤᠨ ᠪᠦᠲᠦᠮᠵᠢᠲᠡᠶ ᠲᠦᠷᠢᠮ᠎ᠤᠨ ᠰᠠᠭᠤᠷᠢᠨ ᠳᠡᠭᠡᠷ᠎ᠡ ᠪᠦᠷᠢᠯᠳᠦᠭ᠌ᠰᠡᠨ ᠨᠠᠩ ᠥᠨᠳᠥᠷ ᠲᠠᠰ ᠳᠠᠪᠬᠤᠷᠭ᠎ᠠ᠎ᠶ᠋ᠢᠨ᠂ ᠨᠠᠩ ᠶᠡᠭᠡ ᠬᠡᠪᠴᠢᠶᠡᠨ᠎ᠤ ᠪᠠᠶ᠎ᠠ᠎ᠶ᠋ᠢᠨ ᠭᠠᠷᠤᠯ᠎ᠤᠨ ᠮᠡᠳᠡᠷᠡᠮᠵᠢ᠎ᠶ᠋ᠢᠨ ᠤᠬᠠᠮᠰᠠᠷ ᠮᠥᠨ᠂ ᠠᠷᠠᠳ ᠢᠷᠭᠡᠨ᠎ᠤ ᠪᠣᠳᠠᠭᠠᠯᠢ ᠪᠡᠶ᠎ᠡ᠎ᠶ᠋ᠢᠨ ᠤᠯᠤᠰ᠎ᠤᠨ ᠮᠡᠳᠡᠷᠡᠮᠵᠢ᠎ᠶ᠋ᠢᠨ ᠤᠬᠠᠮᠰᠠᠷ᠎ᠤᠨ ᠪᠣᠳᠠᠲᠠᠶ ᠢᠯᠡᠷᠡᠯ ᠮᠥᠨ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ᠎ᠳᠤ ᠬᠢᠲᠠᠳ᠎ᠤᠨ ᠳᠡᠭᠡᠷᠡᠩᠭᠦᠢ ᠦᠵᠡᠯ᠎ᠢ ᠡᠰᠡᠷᠭᠦᠴᠡᠬᠦ᠌ ᠮᠥᠷᠲᠡᠭᠡᠨ ᠪᠠᠰᠠ ᠣᠷᠣᠨ ᠨᠤᠲᠤᠭ᠎ᠤᠨ ᠦᠨᠳᠦᠰᠦᠲᠡᠨ᠎ᠤ ᠦᠵᠡᠯ᠎ᠢ ᠡᠰᠡᠷᠭᠦᠴᠡᠵᠦ᠍᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠦᠲᠦᠯᠦᠨ ᠵᠢᠯᠣᠭᠤᠳᠴᠤ᠌ ᠪᠠᠢᠭᠠᠳ ᠬᠦᠴᠢᠷ ᠪᠡᠷᠬᠡ᠎ᠶ᠋ᠢ ᠬᠠᠮᠳᠣ᠎ᠪᠠᠷ ᠲᠣᠭᠤᠯᠬᠤ᠂ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠠᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠠᠬᠢ ᠪᠤᠢ ᠪᠣᠯᠭᠠᠬᠤ ᠬᠡᠷᠡᠭ᠌ᠲᠡᠢ᠃ ᠳᠠᠷᠠᠭᠠᠯᠠᠪᠠᠯ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠪᠦᠬᠦᠯᠢ ᠴᠣᠭ᠍ᠴᠠ᠎ᠶ᠋ᠢᠨ ᠠᠱᠢᠭ ᠲᠤᠰᠠ ᠬᠢᠭᠡᠳ ᠦᠨᠳᠦᠰᠦᠲᠡᠨ᠎ᠨᠦᠭᠦᠳ᠎ᠤᠨ ᠪᠣᠳᠠᠲᠠᠢ ᠠᠱᠢᠭ ᠲᠤᠰᠠ᠎ᠶ᠋ᠢᠨ ᠨᠢᠭᠡᠳᠦᠯᠲᠦ ᠴᠢᠨᠠᠷ᠎ᠢ ᠭᠦᠨᠵᠡᠭᠡᠢ ᠲᠠᠨᠢᠵᠤ ᠡᠵᠡᠮᠱᠢᠬᠦ᠌ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠪᠦᠬᠦᠯᠢ ᠴᠣᠭ᠍ᠴᠠ᠎ᠶ᠋ᠢᠨ ᠠᠱᠢᠭ ᠲᠤᠰᠠ ᠬᠢᠭᠡᠳ ᠦᠨᠳᠦᠰᠦᠲᠡᠨ᠎ᠨᠦᠭᠦᠳ᠎ᠤᠨ ᠪᠣᠳᠠᠲᠠᠢ ᠠᠱᠢᠭ ᠲᠤᠰᠠ ᠪᠣᠯ ᠪᠦᠬᠦᠯᠢ ᠴᠣᠭ᠍ᠴᠠ ᠬᠢᠭᠡᠳ ᠬᠡᠰᠡᠭ ᠲᠠᠯ᠎ᠠ᠎ᠶ᠋ᠢᠨ ᠬᠠᠷᠢᠴᠠᠭ᠎ᠠ ᠮᠥᠨ᠂ ᠡᠨᠡ ᠬᠤᠶᠠᠷ ᠪᠣᠯ ᠬᠤᠪᠢᠰᠤᠩᠭᠤᠢ ᠨᠢᠭᠡᠳᠦᠯ ᠮᠥᠨ᠃ ᠨᠢᠭᠡ ᠲᠠᠯ᠎ᠠ᠎ᠪᠠᠷ᠂ ᠦᠨᠳᠦᠰᠦᠲᠡᠨ᠎ᠨᠦᠭᠦᠳ ᠢᠮᠠᠭ᠍ᠲᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠪᠦᠬᠦᠯᠢ ᠴᠣᠭ᠍ᠴᠠ᠎ᠶ᠋ᠢᠨ ᠠᠱᠢᠭ ᠲᠤᠰᠠ᠎ᠶ᠋ᠢ ᠲᠡᠷᠢᠭᠦᠨ ᠪᠠᠢᠷᠢᠨ᠎ᠳᠤ ᠲᠠᠯᠪᠢᠬᠤ ᠬᠡᠷᠡᠭ᠌ᠲᠡᠢ᠃ ᠤᠯᠤᠰ ᠣᠷᠣᠨ ᠨᠢᠭᠡᠳᠴᠦ᠍᠂ ᠦᠨᠳᠦᠰᠦᠲᠡᠨ ᠪᠦᠯᠬᠦᠮᠳᠡᠪᠡᠯ ᠲᠦᠷᠦ᠍ ᠲᠦᠪᠱᠢᠨ ᠲᠦᠮᠡᠨ ᠠᠮᠤᠭᠤᠯᠠᠩ᠂ ᠠᠯᠢᠪᠠ ᠦᠢᠯᠡᠰ ᠬᠥᠭ᠌ᠵᠢᠨ ᠪᠠᠳᠠᠷᠠᠨ᠎ᠠ; ᠤᠯᠤᠰ ᠣᠷᠣᠨ ᠬᠠᠭᠠᠴᠠᠨ ᠵᠠᠳᠠᠷᠠᠵᠤ᠂ ᠦᠨᠳᠦᠰᠦᠲᠡᠨ᠎ᠤ ᠵᠢᠭᠤᠷᠠᠯᠳᠤᠭᠠᠨ ᠡᠭᠦᠰᠪᠡᠯ ᠠᠯᠢᠪᠠ ᠦᠢᠯᠡᠰ ᠲᠤᠷᠦ᠋ᠢᠳᠠᠵᠤ᠂ ᠠᠷᠠᠳ ᠲᠦᠮᠡᠨ ᠵᠣᠪᠠᠯᠠᠩ ᠠᠮᠰᠠᠬᠤ ᠪᠣᠯᠤᠨ᠎ᠠ ᠭᠡᠳᠡᠭ᠎ᠢ ᠲᠡᠦᠬᠡ ᠭᠦᠢᠴᠡᠳ ᠭᠡᠷᠡᠴᠢᠯᠡᠵᠡᠢ᠃ ᠡᠬᠡ ᠤᠯᠤᠰ᠎ᠤᠨ ᠨᠢᠭᠡᠳᠦᠯ ᠪᠣᠯ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠤᠭ᠎ᠤᠨ ᠳᠡᠭᠡᠳᠦ ᠠᠱᠢᠭ ᠲᠤᠰᠠ ᠮᠥᠨ᠂ ᠦᠨᠳᠦᠰᠦᠲᠡᠨ᠎ᠤ ᠪᠦᠯᠬᠦᠮᠳᠡᠯ ᠪᠣᠯ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠨ ᠰᠤᠳᠠᠰᠤ ᠮᠥᠨ᠃ ᠦᠨᠳᠦᠰᠦᠲᠡᠨ᠎ᠨᠦᠭᠦᠳ ᠡᠬᠡ ᠣᠷᠣᠨ᠎ᠤ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠬᠤ ᠶᠠᠪᠤᠳᠠᠯ᠎ᠢ ᠢᠮᠠᠭ᠍ᠲᠠ ᠲᠤᠰ ᠪᠡᠶ᠎ᠡ᠎ᠶ᠋ᠢᠨ ᠠᠱᠢᠭ ᠲᠤᠰᠠ᠎ᠪᠠᠨ ᠪᠡᠶᠡᠯᠡᠭᠦᠯᠬᠦ᠌᠎ᠶ᠋ᠢᠨ ᠤᠷᠢᠲᠠᠯ ᠪᠠ ᠰᠠᠭᠤᠷᠢ ᠪᠣᠯᠭᠠᠬᠤ ᠬᠡᠷᠡᠭ᠌ᠲᠡᠢ᠃ ᠨᠦᠬᠦᠭᠡ ᠲᠠᠯ᠎ᠠ᠎ᠪᠠᠷ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠪᠦᠬᠦᠯᠢ ᠴᠣᠭ᠍ᠴᠠ᠎ᠶ᠋ᠢᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠌ ᠠᠬᠢᠴᠠ ᠳᠤᠮᠳᠠ ᠦᠨᠳᠦᠰᠦᠲᠡᠨ᠎ᠨᠦᠭᠦᠳ᠎ᠤᠨ ᠪᠣᠳᠠᠲᠠᠢ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠌ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ ᠪᠣᠯ ᠬᠤᠪᠢ ᠵᠠᠶᠠᠭᠠᠨ᠎ᠤ ᠬᠠᠮᠲᠤ ᠴᠣᠭ᠍ᠴᠠ ᠮᠥᠨ᠂ ᠦᠨᠳᠦᠰᠦᠲᠡᠨ᠎ᠨᠦᠭᠦᠳ ᠨᠢᠭᠡ᠎ᠨᠢ ᠬᠥᠭ᠌ᠵᠢᠪᠡᠯ ᠪᠦᠭᠦᠳᠡᠭᠡᠷ ᠮᠠᠨᠳᠤᠵᠤ᠂ ᠨᠢᠭᠡ᠎ᠨᠢ ᠬᠤᠬᠢᠷᠠᠪᠠᠯ ᠪᠦᠭᠦᠳᠡᠭᠡᠷ ᠬᠤᠬᠢᠷᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ ᠤᠯᠤᠰ᠎ᠤᠨ ᠵᠡᠭᠦᠳᠦ᠎ᠶ᠋ᠢ ᠪᠡᠶᠡᠯᠡᠭᠦᠯᠬᠦ᠌ ᠪᠠ ᠦᠨᠳᠦᠰᠦᠲᠡᠨ᠎ᠨᠦᠭᠦᠳ ᠨᠡᠢᠭᠡᠮ ᠵᠢᠷᠤᠮᠳᠤ ᠣᠳᠣᠬᠢᠴᠢᠯᠠᠯᠲᠠ ᠲᠡᠢᠰᠢ ᠬᠠᠮᠲᠤ᠎ᠪᠠᠷ ᠤᠷᠤᠭ᠍ᠰᠢᠯᠠᠬᠤ᠎ᠶ᠋ᠢ ᠠᠬᠢᠭᠤᠯᠬᠤ ᠠᠬᠢᠴᠠ ᠳᠤᠮᠳᠠ᠂ ᠦᠨᠳᠦᠰᠦᠲᠡᠨ᠎ᠨᠦᠭᠦᠳ᠎ᠤᠨ ᠪᠣᠳᠠᠲᠠᠢ ᠠᠱᠢᠭ ᠲᠤᠰᠠ᠎ᠶ᠋ᠢ ᠦᠨᠡᠨ ᠬᠦ᠌ ᠰᠠᠢᠲᠤᠷ ᠪᠡᠶᠡᠯᠡᠭᠦᠯᠵᠦ᠍᠂ ᠰᠠᠢᠲᠤᠷ ᠬᠠᠮᠠᠭᠠᠯᠠᠵᠤ᠂ ᠰᠠᠢᠲᠤᠷ ᠬᠥᠭ᠌ᠵᠢᠭᠦᠯᠬᠦ᠌ ᠬᠡᠷᠡᠭ᠌ᠲᠡᠢ᠃

ᠭᠤᠷᠪᠠᠳᠤᠭᠠᠷ᠎ᠲᠤ᠌᠂ ᠳᠤᠮᠳᠠᠳᠤ᠎ᠶ᠋ᠢᠨ ᠰᠣᠶᠣᠯ ᠪᠣᠯᠤᠨ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠴᠠᠭ᠎ᠠ᠎ᠶ᠋ᠢ ᠵᠥᠪ ᠡᠵᠡᠮᠳᠡᠬᠦ᠌ ᠬᠡᠷᠡᠭ᠌ᠲᠡᠢ᠃ ᠡᠩ ᠲᠡᠷᠢᠭᠦᠨ᠎ᠳᠤ᠂ ᠦᠨᠳᠦᠰᠦᠲᠡᠨ᠎ᠨᠦᠭᠦᠳ᠎ᠤᠨ ᠱᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ᠎ᠶ᠋ᠢᠨ ᠰᠣᠶᠣᠯ᠎ᠤᠨ ᠪᠦᠷᠢᠯᠳᠦᠬᠦᠨ ᠬᠡᠰᠡᠭ ᠮᠥᠨ ᠭᠡᠳᠡᠭ᠎ᠢ ᠭᠦᠨᠵᠡᠭᠡᠢ ᠲᠠᠨᠢᠵᠤ ᠡᠵᠡᠮᠱᠢᠬᠦ᠌ ᠬᠡᠷᠡᠭ᠌ᠲᠡᠢ᠃ ᠳᠤᠮᠳᠠᠳᠤ᠎ᠶ᠋ᠢᠨ ᠰᠣᠶᠣᠯ ᠪᠣᠯ ᠦᠨᠳᠦᠰᠦᠲᠡᠨ᠎ᠨᠦᠭᠦᠳ᠎ᠤᠨ ᠰᠣᠶᠣᠯ᠎ᠤᠨ ᠬᠤᠷᠠᠮᠠᠯ ᠮᠥᠨ᠂ ᠦᠨᠳᠦᠰᠦᠲᠡᠨ᠎ᠨᠦᠭᠦᠳ ᠴᠥᠮ ᠳᠤᠮᠳᠠᠳᠤ᠎ᠶ᠋ᠢᠨ ᠰᠣᠶᠣᠯ᠎ᠤᠨ ᠪᠦᠷᠢᠯᠳᠦᠨ ᠬᠥᠭ᠌ᠵᠢᠬᠦ᠌᠎ᠳᠤ ᠬᠤᠪᠢ ᠨᠡᠮᠡᠷᠢ ᠦᠵᠡᠭᠦᠯᠦᠭ᠌ᠰᠡᠨ ᠶᠤᠮ᠂ ᠦᠨᠳᠦᠰᠦᠲᠡᠨ᠎ᠨᠦᠭᠦᠳ ᠬᠠᠷᠢᠯᠴᠠᠨ ᠪᠠᠭ᠍ᠠᠷᠬᠠᠵᠤ᠂ ᠬᠠᠷᠢᠯᠴᠠᠨ ᠰᠤᠷᠤᠯᠴᠠᠬᠤ ᠬᠡᠷᠡᠭ᠌ᠲᠡᠢ᠃ ᠳᠠᠷᠠᠭᠠᠯᠠᠪᠠᠯ᠂ ᠳᠤᠮᠳᠠᠳᠤ᠎ᠶ᠋ᠢᠨ ᠰᠣᠶᠣᠯ ᠪᠣᠯᠤᠨ ᠦᠨᠳᠦᠰᠦᠲᠡᠨ᠎ᠨᠦᠭᠦᠳ᠎ᠤᠨ ᠰᠣᠶᠣᠯ ᠪᠣᠯ 《ᠭᠤᠣᠯ ᠡᠰᠢ》 ᠪᠣᠯᠤᠨ 《ᠰᠠᠯᠠᠭ᠎ᠠ ᠮᠥᠴᠢᠷ》 ᠎ᠤᠨ ᠬᠠᠷᠢᠴᠠᠭ᠎ᠠ ᠪᠣᠯᠬᠤ᠎ᠶ᠋ᠢ ᠭᠦᠨᠵᠡᠭᠡᠢ ᠲᠠᠨᠢᠵᠤ ᠡᠵᠡᠮᠱᠢᠬᠦ᠌ ᠬᠡᠷᠡᠭ᠌ᠲᠡᠢ᠃ ᠨᠢᠭᠡ ᠲᠠᠯ᠎ᠠ᠎ᠪᠠᠷ᠂ ᠳᠤᠮᠳᠠᠳᠤ᠎ᠶ᠋ᠢᠨ ᠰᠣᠶᠣᠯ᠎ᠢ ᠮᠡᠳᠡᠷᠡᠬᠦ᠌ ᠪᠠ ᠲᠤᠰ ᠦᠨᠳᠦᠰᠦᠲᠡᠨ᠎ᠤ ᠰᠣᠶᠣᠯ᠎ᠢ ᠮᠡᠳᠡᠷᠡᠬᠦ᠌᠎ᠨᠢ ᠵᠥᠷᠢᠴᠡᠯᠳᠦᠬᠦ᠌ ᠦᠭᠡᠢ ᠶᠤᠮ᠂ ᠦᠨᠳᠦᠰᠦ᠎ᠨᠢ ᠭᠦᠨ ᠪᠣᠯ ᠰᠠᠶᠢ ᠰᠠᠯᠠᠭ᠎ᠠ ᠨᠠᠮᠠᠭ᠎ᠠ᠎ᠨᠢ ᠢᠭ᠍ᠴᠤ ᠰᠠᠬᠤᠯᠢᠭ ᠪᠠᠢᠳᠠᠭ᠃ ᠨᠦᠭᠦᠭᠡ ᠲᠠᠯ᠎ᠠ᠎ᠪᠠᠷ᠂ ᠦᠨᠳᠦᠰᠦᠲᠡᠨ᠎ᠨᠦᠭᠦᠳ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠌᠎ᠶ᠋ᠢ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠳᠣ᠎ᠶ᠋ᠢᠨ ᠲᠠᠨᠢᠯᠳᠠ᠎ᠶ᠋ᠢ ᠴᠢᠩᠭᠠᠳᠭᠠᠭ᠍ᠰᠠᠨ ᠰᠠᠭᠤᠷᠢᠨ ᠳᠡᠭᠡᠷ᠎ᠡ ᠶᠠᠪᠤᠭ᠍ᠳᠠᠭᠤᠯᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠪᠦᠯᠬᠦᠮᠳᠡᠯ᠎ᠢ ᠴᠢᠩᠭᠠᠳᠭᠠᠬᠤ᠎ᠶ᠋ᠢᠨ ᠠᠯᠤᠰ ᠬᠡᠳᠦ᠎ᠶ᠋ᠢᠨ ᠪᠠ ᠦᠨᠳᠦᠰᠦᠨ ᠵᠦᠢᠯ ᠪᠣᠯ ᠰᠣᠶᠣᠯ᠎ᠤᠨ ᠬᠠᠮᠳᠣ᠎ᠶ᠋ᠢᠨ ᠲᠠᠨᠢᠯᠳᠠ᠎ᠶ᠋ᠢ ᠴᠢᠩᠭᠠᠳᠭᠠᠬᠤ ᠶᠠᠪᠤᠳᠠᠯ ᠪᠣᠯᠤᠨ᠎ᠠ᠃ ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶ᠋ᠢᠨ ᠬᠠᠮᠲᠤ᠎ᠶ᠋ᠢᠨ ᠲᠠᠨᠢᠯᠲᠠ ᠮᠥᠨ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠦᠨᠳᠦᠰᠦᠲᠡᠨ᠎ᠤ ᠡᠶ᠎ᠡ ᠨᠠᠢᠷᠠᠮᠳᠠᠭᠤ᠎ᠶ᠋ᠢᠨ ᠰᠦᠭ ᠰᠦᠨᠡᠰᠦ ᠮᠥᠨ᠃ ᠰᠣᠶᠣᠯ᠎ᠤᠨ ᠬᠠᠮᠲᠤ᠎ᠶ᠋ᠢᠨ ᠲᠠᠨᠢᠯᠲᠠ ᠱᠢᠢᠳᠪᠦᠷᠢᠯᠡᠭ᠌ᠳᠡᠪᠡᠯ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠬᠠᠮᠲᠤ᠎ᠶ᠋ᠢᠨ ᠲᠠᠨᠢᠯᠲᠠ ᠰᠠᠶᠢ ᠪᠠᠬᠢᠵᠢᠵᠦ᠍ ᠴᠢᠳᠠᠨ᠎ᠠ᠃ ᠠᠳᠡ ᠴᠢᠬᠤᠯᠠᠴᠢᠯᠠᠵᠤ ᠪᠠᠢᠭ᠎ᠠ 《ᠰᠣᠶᠣᠯ᠎ᠤᠨ ᠬᠠᠮᠲᠤ᠎ᠶ᠋ᠢᠨ ᠲᠠᠨᠢᠯᠲᠠ》 ᠭᠡᠳᠡᠭ᠎ᠨᠢ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠵᠢᠭᠠᠵᠤ ᠪᠠᠢᠨ᠎ᠠ᠂ ᠶᠠᠮᠠᠷ ᠨᠢᠭᠡᠨ ᠦᠨᠳᠦᠰᠦᠲᠡᠨ ᠪᠤᠶᠤ ᠶᠠᠮᠠᠷ ᠨᠢᠭᠡᠨ ᠭᠠᠵᠠᠷ ᠣᠷᠣᠨ᠎ᠤ ᠰᠣᠶᠣᠯ᠎ᠢ ᠥᠷᠥᠭᠡᠰᠦᠭᠡᠯ᠎ᠢᠶᠠᠷ ᠳᠤᠮᠳᠠᠳᠤ᠎ᠶ᠋ᠢᠨ ᠰᠣᠶᠣᠯ᠎ᠲᠠᠢ ᠠᠳᠠᠯᠢ᠎ᠪᠠᠷ ᠦᠵᠡᠵᠦ᠍ ᠪᠣᠯᠬᠤ ᠦᠭᠡᠢ᠂ 《ᠰᠠᠯᠠᠭ᠎ᠠ ᠨᠠᠮᠠᠭ᠎ᠠ》 ᠎ᠪᠠᠷ 《ᠭᠤᠣᠯ ᠡᠰᠢ》 ᠎ᠶ᠋ᠢ ᠣᠷᠣᠯᠠᠭᠤᠯᠵᠤ ᠪᠣᠯᠬᠤ ᠦᠭᠡᠢ᠂ ᠡᠬᠢ ᠠᠳᠠᠭ᠎ᠢ ᠲᠣᠩᠭᠤᠷᠠᠭᠤᠯᠵᠤ ᠪᠣᠯᠬᠤ ᠦᠭᠡᠢ᠃

ᠳᠥᠷᠪᠡᠳᠦᠭᠡᠷ᠎ᠲᠤ᠌᠂ ᠪᠣᠳᠠᠰ ᠪᠠ ᠤᠶᠤᠨ ᠰᠠᠨᠠᠭᠠᠨ᠎ᠤ ᠬᠠᠷᠢᠴᠠᠭ᠎ᠠ᠎ᠶ᠋ᠢ ᠵᠥᠪ ᠡᠵᠡᠮᠳᠡᠬᠦ᠌ ᠬᠡᠷᠡᠭ᠌ᠲᠡᠢ᠃ ᠡᠩ ᠲᠡᠷᠢᠭᠦᠨ᠎ᠳᠤ᠂ ᠬᠥᠭ᠌ᠵᠢᠭᠦᠯᠬᠦ᠌ ᠪᠣᠯ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠶᠡᠷᠦᠩᠬᠡᠢ ᠲᠦᠯᠬᠢᠭᠦᠷ ᠪᠣᠯᠬᠤ᠎ᠶ᠋ᠢ ᠭᠦᠨᠵᠡᠭᠡᠢ ᠲᠠᠨᠢᠵᠤ ᠡᠵᠡᠮᠱᠢᠬᠦ᠌ ᠬᠡᠷᠡᠭ᠌ᠲᠡᠢ᠃ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠬᠢᠴᠠ ᠳᠤᠮᠳᠠ᠂ ᠴᠥᠭᠡᠨ ᠲᠣᠭᠠᠲᠤ ᠦᠨᠳᠦᠰᠦᠲᠡᠨ ᠪᠣᠯᠤᠨ ᠦᠨᠳᠦᠰᠦᠲᠡᠨ᠎ᠤ ᠭᠠᠵᠠᠷ ᠣᠷᠣᠨ᠎ᠤ ᠬᠥᠭ᠌ᠵᠢᠯᠲᠡ᠎ᠶ᠋ᠢ ᠲᠦᠷᠭᠡᠳᠭᠡᠵᠦ᠍᠂ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠳᠡᠩᠴᠡᠬᠦᠷᠢᠱᠢᠬᠦᠯᠬᠦ᠌᠎ᠶ᠋ᠢ ᠠᠬᠢᠭᠤᠯᠵᠤ᠂ 《ᠬᠥᠬᠡᠮᠳᠦᠭ ᠨᠣᠭᠤᠭᠠᠨ ᠠᠭᠤᠯᠠ ᠤᠰᠤ》 ᠎ᠶ᠋ᠢ 《ᠠᠯᠳᠠ ᠮᠥᠩᠭᠦᠨ ᠠᠭᠤᠯᠠ》 ᠪᠣᠯᠭᠠᠨ ᠬᠤᠪᠢᠷᠠᠭᠤᠯᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠨᠡᠩ ᠤᠯᠠᠨ ᠨᠡᠩ ᠡᠷᠬᠡ ᠲᠡᠭ᠌ᠰᠢ᠎ᠪᠠᠷ ᠬᠦᠷᠲᠡᠭᠡᠵᠦ᠍᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ᠃ ᠳᠠᠷᠠᠭᠠᠯᠠᠪᠠᠯ᠂ ᠪᠤᠢ ᠪᠦᠬᠦᠢ ᠥᠭᠡᠷᠡᠴᠢᠯᠡᠯᠲᠡ ᠬᠥᠭ᠌ᠵᠢᠯᠲᠡ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠢᠯᠡᠷᠡᠭᠦᠯᠬᠦ᠌ ᠠᠴᠢ ᠬᠤᠯᠪᠣᠭ᠍ᠳᠠᠯ ᠣᠯᠭᠤᠬᠤ ᠬᠡᠷᠡᠭ᠌ᠲᠡᠢ᠃ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠵᠤ᠂ ᠦᠨᠳᠦᠰᠦᠲᠡᠨ᠎ᠤ ᠬᠠᠭᠠᠴᠠᠭᠤᠯᠤᠯ᠎ᠢ ᠡᠰᠡᠷᠭᠦᠴᠡᠬᠦ᠌᠎ᠳᠤ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ᠎ᠶ᠋ᠢᠨ ᠬᠥᠭ᠌ᠵᠢᠯᠲᠡ᠎ᠶ᠋ᠢ ᠴᠢᠬᠤᠯᠠᠴᠢᠯᠠᠬᠤ ᠬᠡᠷᠡᠭ᠌ᠲᠡᠢ᠂ ᠭᠡᠪᠡᠴᠦ᠍ ᠡᠭᠦᠨ᠎ᠳᠤ ᠲᠦᠱᠢᠭ᠌ᠯᠡᠭᠡᠳ ᠪᠣᠯᠴᠢᠬᠠᠬᠤ ᠪᠢᠰᠢ ᠶᠤᠮ᠃ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠶ᠋ᠢᠨ ᠬᠠᠮᠤᠭ᠎ᠤᠨ ᠵᠠᠩᠭᠢᠯᠠᠭ᠎ᠠ᠎ᠨᠢ ᠦᠨᠳᠦᠰᠦᠲᠡᠨ᠎ᠤ ᠪᠦᠯᠬᠦᠮᠳᠡᠯ᠎ᠢ ᠰᠠᠢᠲᠤᠷ ᠬᠢᠵᠦ᠍᠂ ᠬᠥᠮᠦᠰ᠎ᠤᠨ ᠰᠡᠳᠭᠢᠯ᠎ᠢ ᠤᠯᠬᠤ ᠶᠠᠪᠤᠳᠠᠯ ᠪᠣᠯᠤᠨ᠎ᠠ᠃ ᠠᠵᠤ ᠠᠬᠤᠢ᠎ᠶ᠋ᠢ ᠬᠥᠭ᠌ᠵᠢᠭᠦᠯᠬᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠪᠣᠯ ᠬᠥᠮᠦᠰ᠎ᠤᠨ ᠰᠡᠳᠭᠢᠯ᠎ᠢ ᠨᠢᠭ᠍ᠲᠠᠷᠠᠭᠤᠯᠬᠤ ᠰᠠᠭᠤᠷᠢ ᠮᠥᠨ᠂ ᠭᠠᠭ᠍ᠴᠠ ᠬᠦ᠌ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠪᠠᠯ ᠰᠠᠶᠢ ᠪᠠᠲᠤ ᠪᠠᠬᠢ ᠪᠣᠳᠠᠰ᠎ᠤᠨ ᠰᠠᠭᠤᠷᠢ᠎ᠲᠠᠢ ᠪᠤᠯᠵᠤ ᠴᠢᠳᠠᠨ᠎ᠠ᠃

(ᠵᠣᠬᠢᠶᠠᠭ᠍ᠴᠢ᠄ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠦᠨᠳᠦᠰᠦᠲᠡᠨ᠎ᠤ ᠣᠨᠣᠯ ᠵᠢᠭᠠᠨ ᠰᠤᠳᠤᠯᠬᠤ ᠬᠡᠯᠲᠡᠰ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号