《ᠬᠠᠨ ᠲᠩᠷᠢ ᠠᠯᠠᠱᠠ》 ᠠᠯᠳᠠᠨ ᠨᠠᠮᠤᠷ᠎ᠤᠨ ᠵᠢᠭᠤᠯᠴᠢᠯᠠᠯ᠎ᠤᠨ ᠤᠯᠠᠷᠢᠯ᠎ᠤᠨ ᠱᠢᠷᠢᠰ ᠠᠵᠢᠯᠯᠠᠭ᠎ᠠ ᠶᠠᠪᠤᠭ᠍ᠳᠠᠵᠤ ᠪᠠᠢᠨ᠎ᠠ
2021-09-26 09:56:42
ᠵᠣᠬᠢᠶᠠᠭ᠍ᠴᠢ᠄
​​ ᠬᠦᠭ᠌ᠵᠢᠯᠳᠦ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠣᠢᠯᠠᠭᠠᠭ᠍ᠰᠠᠨ᠎ᠢᠶᠠᠷ᠂ ᠲᠦᠷᠦᠬᠦᠬᠡᠨ 2021 ᠣᠨ᠎ᠤ 《ᠬᠠᠨ ᠲᠩᠷᠢ ᠠᠯᠠᠱᠠ》 ᠠᠯᠳᠠᠨ ᠨᠠᠮᠤᠷ᠎ᠤᠨ ᠵᠢᠭᠤᠯᠴᠢᠯᠠᠯ᠎ᠤᠨ ᠤᠯᠠᠷᠢᠯ᠎ᠤᠨ ᠱᠢᠷᠢᠰ ᠠᠵᠢᠯᠯᠠᠭ᠎ᠠ ᠡᠬᠢᠯᠡᠵᠤ᠂ 10 ᠰᠠᠷ᠎ᠠ᠎ᠶ᠋ᠢᠨ 25 ᠎ᠤ ᠡᠳᠦᠷ ᠪᠣᠯᠲᠠᠯ᠎ᠠ ᠦᠩ ᠦᠷᠬᠡᠨ ᠠᠯᠠᠱᠠ᠎ᠳᠤ ᠶᠠᠪᠤᠭ᠍ᠳᠠᠬᠤ ᠪᠤᠯᠤᠨ᠎ᠠ᠃

2021 ᠣᠨ᠎ᠤ 《ᠬᠠᠨ ᠲᠩᠷᠢ ᠠᠯᠠᠱᠠ》 ᠠᠯᠳᠠᠨ ᠨᠠᠮᠤᠷ᠎ᠤᠨ ᠵᠢᠭᠤᠯᠴᠢᠯᠠᠯ᠎ᠤᠨ ᠤᠯᠠᠷᠢᠯ᠎ᠤᠨ ᠱᠢᠷᠢᠰ ᠠᠵᠢᠯᠯᠠᠭ᠎ᠠ᠎ᠳᠤ 9 ᠲᠦᠷᠦᠯ᠎ᠤᠨ ᠲᠣᠮᠣ ᠬᠡᠯᠪᠡᠷᠢ᠎ᠶ᠋ᠢᠨ ᠰᠣᠶᠣᠯ ᠵᠢᠭᠤᠯᠴᠢᠯᠠᠯ ᠪᠠ ᠤᠷᠤᠯᠳᠤᠭᠠᠨ᠎ᠤ ᠠᠵᠢᠯᠯᠠᠭ᠎ᠠ ᠥᠷᠨᠢᠭᠦᠯᠬᠦ᠌ ᠪᠣᠯᠤᠨ᠎ᠠ᠃ ᠲᠤᠬᠠᠢᠯᠠᠪᠠᠯ᠄ 2021 ᠣᠨ᠎ᠤ ᠠᠯᠠᠱᠠ᠎ᠶ᠋ᠢᠨ ᠪᠠᠭᠠᠲᠤᠳ᠎ᠤᠨ ᠴᠤᠭ᠍ᠯᠠᠭᠠᠨ᠂ 2021 ᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠬᠡᠭᠡᠷᠡᠯᠡᠨ ᠠᠶᠠᠯᠠᠬᠤ e ᠠᠩᠬᠢ᠎ᠶ᠋ᠢᠨ ᠪᠠᠭᠠᠲᠤᠳ᠎ᠤᠨ ᠴᠤᠭ᠍ᠯᠠᠭᠠᠨ᠂ ᠠᠷᠪᠠᠨ ᠳᠣᠯᠣᠳᠤᠭᠠᠷ ᠬᠤᠭᠤᠴᠠᠭᠠᠨ᠎ᠤ ᠠᠯᠠᠱᠠ᠎ᠶ᠋ᠢᠨ ᠬᠠᠰ · ᠴᠢᠯᠠᠭᠤ ᠰᠤᠨᠢᠷᠬᠠᠬᠤ ᠰᠣᠶᠣᠯ ᠵᠢᠭᠤᠯᠴᠢᠯᠠᠯ᠎ᠤᠨ ᠨᠠᠢᠷ᠂ 2021 ᠣᠨ᠎ᠤ ᠠᠷᠪᠠᠨ ᠳᠣᠯᠣᠳᠤᠭᠠᠷ ᠬᠤᠭᠤᠴᠠᠭᠠᠨ᠎ᠤ ᠪᠠᠳᠠᠢ᠎ᠶ᠋ᠢᠨ ᠵᠢᠷᠠᠨ ᠡᠯᠡᠰᠦᠨ᠎ᠤ ᠰᠣᠶᠣᠯ ᠵᠢᠭᠤᠯᠴᠢᠯᠠᠯ᠎ᠤᠨ ᠨᠠᠢᠷ᠂ 2021 ᠣᠨ᠎ᠤ ᠥᠪᠥᠷ ᠮᠣᠩᠭᠤᠯ᠎ᠤᠨ ᠬᠠᠲᠤᠨ ᠭᠤᠤᠯ᠎ᠤᠨ 《几》 ᠥᠰᠥᠭ᠎ᠤᠨ ᠲᠤᠬᠤᠢ᠎ᠳᠠᠬᠢ ᠠᠮᠢ ᠠᠬᠤᠢ᠎ᠶ᠋ᠢᠨ ᠵᠢᠭᠤᠯᠴᠢᠯᠠᠯ᠎ᠤᠨ ᠠᠵᠢᠯᠯᠠᠭ᠎ᠠ᠂ 2021 ᠣᠨ᠎ᠤ ᠡᠵᠡᠨ᠎ᠡ᠎ᠶ᠋ᠢᠨ ᠬᠤᠷᠢᠨ ᠬᠤᠶᠠᠳᠤᠭᠠᠷ ᠬᠤᠭᠤᠴᠠᠭᠠᠨ᠎ᠤ ᠠᠯᠲᠠᠨ ᠨᠠᠮᠤᠷ᠎ᠤᠨ ᠲᠤᠤᠷᠠᠢ᠎ᠶ᠋ᠢᠨ ᠠᠮᠢ ᠠᠬᠤᠶ᠎ᠶ᠋ᠢᠨ ᠵᠢᠭᠤᠯᠴᠢᠯᠠᠯ᠎ᠤᠨ ᠨᠠᠢᠷ᠂ ᠡᠵᠡᠨ᠎ᠡ · ᠳᠤᠮᠳᠠᠳᠤ ᠮᠣᠩᠭᠤᠯ᠎ᠤᠨ ᠤᠯᠠᠨ ᠤᠯᠤᠰ᠎ᠤᠨ ᠲᠠᠸᠠᠷ᠎ᠤᠨ ᠦᠵᠡᠰᠭᠦᠯᠡᠩ ᠵᠥᠪᠳᠡᠯᠴᠡᠭᠡᠷ᠎ᠤᠨ ᠬᠤᠷᠠᠯ᠂ 2021 ᠣᠨ᠎ᠤ ᠳᠤᠮᠳᠠᠳᠤ ᠤᠯᠤᠰ · ᠡᠵᠡᠨ᠎ᠡ᠎ᠶ᠋ᠢᠨ ᠲᠣᠣᠷᠠᠢ᠎ᠶ᠋ᠢᠨ ᠤᠢ᠎ᠶ᠋ᠢ ᠲᠤᠭᠤᠢ᠍ᠢᠯᠠᠬᠤ ᠳᠤᠭᠤᠢ ᠲᠡᠷᠭᠡᠨ᠎ᠤ ᠤᠷᠤᠯᠳᠤᠭᠠᠨ ᠪᠣᠯᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠬᠤᠭᠤᠴᠠᠭᠠᠨ᠎ᠤ 《ᠲᠠᠯ᠎ᠠ ᠨᠤᠲᠤᠭ᠎ᠤᠨ ᠠᠯᠲᠠᠨ ᠨᠠᠮᠤᠷ》 ᠳᠠᠭᠤᠤ᠎ᠶ᠋ᠢᠨ ᠤᠷᠤᠯᠳᠤᠭᠠᠨ ᠵᠡᠷᠭᠡ ᠠᠵᠢᠯᠯᠠᠭ᠎ᠠ᠎ᠶ᠋ᠢ ᠪᠠᠭ᠍ᠳᠠᠭᠠᠨ᠎ᠠ᠃

ᠠᠯᠠᠱᠠ ᠠᠢᠮᠠᠭ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠠᠯᠠᠱᠠ ᠠᠢᠮᠠᠭ᠎ᠤᠨ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠤᠨ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠤᠳᠭᠤ ᠭᠠᠵᠠᠷ᠎ᠤᠨ ᠪᠣᠳᠠᠲᠠᠶ ᠱᠠᠭᠠᠷᠳᠠᠯᠭ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠡᠯ᠎ᠡ ᠵᠦᠢᠯ᠎ᠤᠨ ᠠᠵᠢᠯᠯᠠᠭ᠎ᠠ᠎ᠶ᠋ᠢ ᠨᠠᠷᠢᠨ ᠨᠢᠮᠪᠠᠶ ᠪᠡᠯᠡᠳᠭᠡᠨ᠂ ᠲᠤᠭ᠎ᠠ ᠬᠡᠮᠵᠢᠶ᠎ᠡ᠎ᠶ᠋ᠢ ᠬᠢᠵᠠᠭᠠᠷᠯᠠᠬᠤ᠂ ᠪᠣᠯᠵᠣᠬᠤ᠂ ᠣᠷᠭᠢᠯ᠎ᠤᠨ ᠬᠤᠭᠤᠴᠠᠭ᠎ᠠ᠎ᠶ᠋ᠢ ᠵᠥᠷᠢᠭᠦᠯᠬᠦ᠌ ᠠᠵᠢᠯ᠎ᠢ ᠰᠠᠢᠲᠤᠷ ᠨᠠᠢᠳᠠᠪᠤᠷᠢᠵᠢᠭᠤᠯᠵᠤ᠂ ᠵᠢᠭᠤᠯᠴᠢᠯᠠᠭ᠍ᠰᠠᠳ ᠪᠠ ᠨᠡᠢᠭᠡᠮ ᠨᠡᠢᠳᠡ᠎ᠳᠤ ᠵᠢᠭᠤᠯᠴᠢᠯᠠᠯ᠎ᠤᠨ ᠪᠠᠯᠠ ᠣᠷᠣᠭᠤᠯᠤᠯᠲᠠ ᠪᠠ ᠯᠠᠪᠯᠠᠭ᠎ᠠ᠎ᠶ᠋ᠢᠨ ᠤᠲᠠᠰᠤ᠎ᠶ᠋ᠢ ᠨᠡᠢᠲᠡᠯᠡᠨ᠂ ᠵᠢᠭᠤᠯᠴᠢᠯᠠᠭ᠍ᠰᠠᠳ᠎ᠲᠤ ᠨᠠᠩ ᠳᠥᠭᠦᠮ ᠨᠡᠩ ᠪᠦᠲᠦᠮᠵᠢᠲᠡᠶ  ᠦᠢᠯᠡᠴᠢᠯᠡᠭᠡ ᠬᠠᠩᠭᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号