— ᠦᠪᠡᠷᠳᠡᠭᠡᠨ ᠵᠠᠰᠠᠬᠤ ᠤᠷᠤᠨ᠎ᠤ ᠱᠢᠯᠢᠳᠡᠭ ᠡᠪ ᠬᠠᠮᠳᠤ ᠨᠠᠮ᠎ᠤᠨ ᠭᠡᠱᠢᠭᠦᠨ ᠸᠠᠩ ᠵᠢᠶᠦ᠋ᠨ᠎ᠢ ᠳᠡᠮᠳᠡᠭ᠌ᠯᠡᠪᠠ
ᠬᠤᠷᠴᠢᠨ ᠪᠠᠷᠠᠭᠤᠨ ᠭᠠᠷᠤᠨ ᠡᠮᠦᠨᠡᠳᠦ ᠬᠤᠱᠢᠭᠤᠨ᠎ᠤ ᠴᠡᠷᠠᠰᠤᠨ ᠪᠠᠯᠭᠠᠰᠤ᠎ᠶ᠋ᠢᠨ ᠪᠤᠷᠤᠬᠤᠱᠢᠭᠤ ᠭᠠᠴᠠᠭ᠎ᠠ ᠪᠤᠯ ᠶᠡᠭᠡ ᠬᠢᠩᠭᠠᠨ ᠳᠠᠪᠠᠭᠠᠨ᠎ᠤ ᠡᠮᠦᠨ᠎ᠡ ᠬᠤᠷᠮᠤᠢ᠎ᠳᠤ ᠪᠠᠢᠷᠢᠯᠠᠵᠤ᠂ ᠲᠠᠷᠢᠶᠠᠨ ᠭᠠᠵᠠᠷ᠂ ᠲᠠᠯ᠎ᠠ ᠨᠤᠳᠤᠭ᠂ ᠠᠭᠤᠯᠠ ᠲᠤᠯᠤᠭᠠᠳ᠎ᠢᠶᠠᠷ ᠬᠦᠷᠢᠶᠡᠯᠡᠭ᠌ᠳᠡᠭ᠌ᠰᠡᠨ ᠦᠵᠡᠰᠭᠦᠯᠡᠩᠳᠦ ᠰᠠᠢᠬᠠᠨ ᠲᠤᠰᠭᠤᠨ ᠪᠤᠯᠬᠤ ᠶᠤᠮ᠃ ᠠᠳᠡᠬᠢ ᠪᠠᠢᠳᠠᠯ᠎ᠤᠨ ᠲᠤᠬᠠᠢ ᠶᠠᠷᠢᠭ᠍ᠰᠠᠨᠠ ᠸᠠᠩ ᠵᠢᠶᠦ᠋ᠨ ᠶᠡᠷᠦ᠎ᠨᠢ ᠭᠡᠯᠡᠭᠡᠳ ᠪᠠᠷᠠᠬᠤ ᠦᠭᠡᠢ ᠵᠤᠭᠤᠭ ᠲᠡᠯᠭᠡᠵᠤ᠂ ᠪᠤᠷᠤᠬᠤᠱᠢᠭᠤ ᠭᠠᠴᠠᠭ᠎ᠠ᠎ᠨᠢ ᠠᠯᠢ ᠬᠡᠳᠦ᠋ᠢᠨ ᠲᠡᠭᠦᠨ᠎ᠤ ᠬᠤᠯᠠ᠎ᠶ᠋ᠢᠨ ᠲᠡᠷᠳᠡᠭᠡᠬᠢ ᠨᠤᠳᠤᠭ᠎ᠨᠢ ᠪᠤᠯᠤᠬ᠍ᠰᠠᠨ ᠪᠠᠢᠵᠠᠢ᠃

ᠸᠠᠩ ᠵᠢᠶᠦ᠋ᠨ (ᠵᠡᠬᠦᠨᠳᠡᠬᠢ) ᠡᠷᠦᠬᠡ᠎ᠪᠠᠷ ᠬᠦᠷᠴᠦ᠍ ᠲᠦᠷᠦ᠎ᠶ᠋ᠢᠨ ᠪᠤᠳᠤᠯᠭ᠎ᠠ᠎ᠶ᠋ᠢᠨ ᠲᠤᠬᠠᠢ ᠲᠠᠢᠯᠪᠤᠷᠢ ᠬᠢᠵᠦ᠍ ᠪᠠᠢᠨ᠎ᠠ
《ᠠᠩᠬ᠎ᠠ ᠡᠬᠢᠯᠡᠭᠡᠳ ᠠᠢᠯ ᠲᠤᠭᠤᠷᠢᠨ ᠰᠤᠷᠪᠤᠯᠵᠢᠯᠠᠷ᠎ᠠ ᠬᠢᠬᠦ᠌᠎ᠳᠤ᠂ ᠲᠤᠰᠭᠤᠨ᠎ᠤ ᠠᠷᠠᠳ ᠨᠠᠮᠠᠶ᠋ᠢ ᠢᠳᠡᠭᠡᠬᠦ᠌ ᠦᠭᠡᠢ ᠪᠠᠢᠬ᠍ᠰᠠᠨ᠂ ᠳᠡᠳᠡᠨ᠎ᠤ ᠠᠮᠢᠳᠤᠷᠠᠯ ᠰᠠᠢᠵᠢᠷᠠᠬᠤ ᠡᠰᠡᠬᠦ᠌᠎ᠳᠤ ᠢᠳᠡᠭᠡᠯ ᠦᠭᠡᠢ ᠪᠠᠢᠬ᠍ᠰᠠᠨ ᠶᠤᠮ》 ᠭᠡᠵᠤ ᠰᠠᠶᠢ ᠲᠤᠰᠭᠤᠨ᠎ᠳᠤ ᠢᠷᠡᠬᠦ᠌ ᠦᠶ᠎ᠡ᠎ᠪᠠᠨ ᠡᠷᠬᠢᠴᠡᠬᠦᠯᠬᠦ᠌᠎ᠪᠠᠷ ᠸᠠᠩ ᠵᠢᠶᠦ᠋ᠨ᠎ᠳᠤ ᠤᠯᠠᠨ ᠵᠦᠢᠯ ᠳᠤᠷᠠᠰᠤᠬ᠍ᠳᠠᠨᠠ᠃ 2017 ᠤᠨ᠎ᠤ 5 ᠰᠠᠷ᠎ᠠ᠎ᠳᠤ᠂ ᠦᠪᠡᠷᠳᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶᠠᠨ᠎ᠤ ᠪᠢᠴᠢᠯ ᠲᠤᠯᠬᠢᠶᠠᠨ᠎ᠤ ᠳᠠᠮᠵᠢᠭᠤᠯᠭ᠎ᠠ᠎ᠶ᠋ᠢᠨ ᠶᠡᠷᠦᠩᠬᠡᠢ ᠦᠷᠳᠡᠭᠡ᠎ᠶ᠋ᠢᠨ ᠳᠠᠯᠠᠨ ᠬᠠᠷ᠎ᠠ ᠠᠭᠤᠯᠠ᠎ᠶ᠋ᠢᠨ ᠪᠢᠴᠢᠯ ᠲᠤᠯᠬᠢᠶᠠᠨ᠎ᠤ ᠦᠷᠳᠡᠭᠡ᠎ᠶ᠋ᠢᠨ ᠳᠠᠷᠤᠭ᠎ᠠ ᠸᠠᠩ ᠵᠢᠶᠦ᠋ᠨ ᠪᠤᠷᠤᠬᠤᠱᠢᠭᠤ ᠭᠠᠴᠠᠭᠠᠨ᠎ᠳᠤ ᠲᠤᠮᠢᠯᠠᠬ᠍ᠳᠠᠨ ᠭᠠᠴᠠᠭᠠᠨ᠎ᠳᠤ ᠰᠠᠭᠤᠬᠤ ᠠᠵᠢᠯᠯᠠᠬᠤ ᠲᠤᠭᠤᠢ᠍ᠢᠯᠠᠩ᠎ᠤᠨ ᠠᠮᠢᠳᠤᠷᠠᠯ᠎ᠢᠶᠠᠨ ᠡᠬᠢᠯᠡᠭᠦᠯᠦᠭ᠌ᠰᠡᠨ ᠪᠢᠯᠡ᠃ 4 ᠵᠢᠯ᠎ᠤᠨ ᠲᠤᠷᠰᠢ᠂ ᠸᠠᠩ ᠵᠢᠶᠦ᠋ᠨ ᠪᠤᠷᠤᠬᠤᠱᠢᠭᠤ ᠭᠠᠴᠠᠭᠠᠨ᠎ᠤ ᠡᠷᠦᠬᠡ ᠪᠤᠯᠭᠠᠨ᠎ᠳᠤ ᠬᠦᠷᠴᠦ᠍᠂ ᠭᠠᠴᠠᠭ᠎ᠠ᠎ᠶ᠋ᠢ ᠦᠨᠴᠦᠭ ᠪᠤᠯᠤᠩ ᠦᠯᠡᠳᠡᠭᠡᠭ᠌ᠰᠡᠨ ᠦᠭᠡᠢ ᠲᠤᠭᠤᠷᠢᠨ ᠶᠠᠪᠤᠵᠤ᠂ ᠮᠠᠯᠴᠢᠨ ᠲᠠᠷᠢᠶᠠᠴᠢᠨ᠎ᠲᠠᠢ ᠬᠠᠮᠳᠤ ᠬᠤᠭᠤᠯᠠᠯᠠᠵᠤ᠂ ᠬᠠᠮᠳᠤ ᠰᠠᠭᠤᠵᠤ᠂ ᠬᠠᠮᠳᠤ ᠬᠦᠳᠡᠯᠮᠦᠷᠢᠯᠡᠵᠤ ᠢᠷᠡᠵᠠᠢ᠃ ᠮᠤᠬᠤᠰᠢ ᠦᠭᠡᠢ ᠴᠢᠷᠮᠠᠢᠯᠭ᠎ᠠ᠎ᠪᠠᠷ ᠳᠠᠮᠵᠢᠨ᠂ ᠪᠤᠷᠤᠬᠤᠱᠢᠭᠤ ᠭᠠᠴᠠᠭ᠎ᠠ᠎ᠶ᠋ᠢᠨ ᠲᠠᠩᠰᠠᠯᠠᠵᠤ ᠺᠠᠷᠲᠯᠠᠭ᠍ᠰᠠᠨ ᠶᠠᠳᠠᠭᠤ ᠬᠦᠴᠢᠷᠳᠡᠯᠳᠡᠢ ᠡᠷᠦᠬᠡ ᠪᠦᠬᠦᠨ᠎ᠢᠶᠠᠷ᠎ᠢᠶᠠᠨ ᠶᠠᠳᠠᠭᠤ᠎ᠠᠴᠠ ᠠᠩᠬᠢᠵᠢᠷᠠᠵᠤ᠂ ᠲᠤᠰᠭᠤᠨ᠎ᠤ ᠲᠦᠷᠢ ᠲᠦᠷᠬᠦ᠂ ᠤᠯᠠᠨ ᠲᠦᠮᠡᠨ᠎ᠤ ᠦᠵᠡᠯ ᠳᠠᠨᠢᠯᠳᠠ᠎ᠳᠤ ᠴᠦᠮ ᠬᠦᠮᠦᠰ᠎ᠢ ᠰᠤᠴᠢᠭᠠᠮ᠎ᠠ ᠬᠤᠪᠢᠷᠠᠯᠳᠠ ᠭᠠᠷᠴᠠᠢ᠃
ᠠᠩᠬ᠎ᠠ ᠪᠤᠷᠤᠬᠤᠱᠢᠭᠤ ᠭᠠᠴᠠᠭᠠᠨ᠎ᠳᠤ ᠢᠷᠡᠬᠦ᠌᠎ᠳᠤ᠂ ᠸᠠᠩ ᠵᠢᠶᠦ᠋ᠨ ᠲᠤᠰᠭᠤᠨ᠎ᠳᠤ ᠨᠡᠢᠳᠡ 213 ᠡᠷᠦᠬᠡ᠎ᠶ᠋ᠢᠨ 876 ᠬᠦᠮᠦᠨ ᠠᠮᠠ᠎ᠲᠠᠢ᠂ ᠡᠭᠦᠨ᠎ᠤ ᠳᠤᠮᠳᠠ ᠳᠠᠩᠰᠠᠯᠠᠵᠤ ᠺᠠᠷᠳ᠋ᠯᠠᠬ᠍ᠰᠠᠨ ᠶᠠᠳᠠᠭᠤ ᠬᠦᠴᠢᠷᠳᠡᠯᠳᠡᠢ 49 ᠡᠷᠦᠬᠡ᠎ᠶ᠋ᠢᠨ 126 ᠬᠦᠮᠦᠨ ᠪᠠᠢᠬᠤ᠎ᠶ᠋ᠢ ᠮᠡᠳᠡᠵᠠᠢ᠃ ᠲᠤᠭ᠎ᠠ ᠪᠠᠷᠢᠮᠳᠠ᠎ᠶ᠋ᠢ ᠬᠠᠷᠠᠭ᠍ᠰᠠᠨ ᠲᠡᠷᠡᠭᠡᠨ ᠮᠦᠴᠡ᠎ᠠᠴᠠ ᠲᠡᠷᠡ ᠦᠪᠡᠷ᠎ᠤᠨ ᠬᠦᠨᠳᠦ ᠬᠠᠷᠢᠭᠤᠴᠠᠯᠭ᠎ᠠ᠎ᠪᠠᠨ ᠮᠡᠳᠡᠷᠡᠭ᠌ᠰᠡᠨ ᠶᠤᠮ᠃ ᠨᠢᠭᠡᠨ ᠶᠠᠳᠠᠭᠤ ᠬᠤᠴᠤᠷᠤᠩᠭᠤᠢ ᠠᠭᠤᠯᠠᠨ ᠲᠤᠰᠭᠤᠨ᠎ᠳᠤ ᠲᠦᠷᠦᠵᠤ ᠦᠰᠴᠤ᠌᠂ ᠲᠠᠷᠠᠴᠢᠯᠠᠨ ᠠᠷᠪᠠ ᠭᠠᠷᠤᠢ ᠵᠢᠯ᠎ᠤᠨ ᠴᠡᠷᠢᠭ᠎ᠤᠨ ᠬᠤᠸᠠᠷᠠᠨ᠎ᠤ ᠠᠮᠢᠳᠤᠷᠠᠯ᠎ᠤᠨ ᠳᠠᠪᠳᠠᠯᠳᠠ᠎ᠶ᠋ᠢ ᠦᠩᠭᠡᠷᠡᠭᠦᠯᠦᠭ᠌ᠰᠡᠨ ᠸᠠᠩ ᠵᠢᠶᠦ᠋ᠨ ᠬᠦᠳᠡᠭᠡ ᠲᠤᠰᠭᠤᠨ᠂ ᠮᠠᠯᠴᠢᠨ ᠲᠠᠷᠢᠶᠠᠴᠢᠨ᠎ᠳᠤ ᠬᠦᠨ ᠵᠤᠵᠠᠭᠠᠨ ᠬᠠᠢᠷ᠎ᠠ ᠰᠡᠳᠭᠢᠯᠭᠡ᠎ᠲᠠᠢ ᠪᠠᠢᠭ᠎ᠠ ᠶᠤᠮ᠃
ᠦᠵᠡᠯ ᠳᠠᠨᠢᠯᠳᠠ᠎ᠶ᠋ᠢ ᠬᠤᠪᠢᠷᠠᠭᠤᠯᠬᠤ ᠪᠤᠯ ᠲᠡᠷᠢᠭᠦᠨ ᠴᠢᠬᠤᠯᠠ ᠡᠭᠦᠷᠭᠡ᠂ ᠶᠠᠳᠠᠭᠤ᠎ᠶ᠋ᠢ ᠳᠡᠳᠬᠦᠬᠦ᠌ ᠠᠵᠢᠯ᠎ᠤᠨ ᠭᠤᠤᠯᠳᠠᠯᠭ᠎ᠠ᠎ᠶ᠋ᠢᠨ ᠳᠤᠳᠤᠷᠠᠬᠢ ᠭᠤᠤᠯᠳᠠᠯᠭ᠎ᠠ ᠪᠤᠯᠤᠨ᠎ᠠ᠃ ᠸᠠᠩ ᠵᠢᠶᠦ᠋ᠨ ᠭᠠᠴᠠᠭᠠᠨ᠎ᠤ 《ᠬᠤᠶᠠᠷ ᠵᠦᠪᠯᠡᠯ》 ᠤᠨ ᠭᠡᠱᠢᠭᠦᠨ᠎ᠢ ᠳᠠᠭᠠᠭᠤᠯᠤᠨ ᠲᠦᠪ᠎ᠤᠨ ᠪᠢᠴᠢᠭ ᠮᠠᠲ᠋ᠧᠷᠢᠶᠠᠯ᠎ᠢ ᠰᠤᠷᠤᠯᠴᠠᠵᠤ᠂ ᠲᠦᠪ᠎ᠤᠨ ᠵᠤᠷᠢᠭ ᠰᠠᠨᠠᠭ᠎ᠠ᠎ᠶ᠋ᠢ ᠵᠦᠪ ᠤᠨᠤᠪᠴᠢᠳᠠᠢ᠎ᠪᠠᠷ ᠤᠢ᠍ᠢᠯᠠᠭᠠᠭᠤᠯᠤᠨ ᠮᠡᠳᠡᠷᠡᠭᠦᠯᠵᠤ᠂ ᠠᠯᠢᠪᠠ ᠪᠦᠬᠦᠨ᠎ᠳᠤ ᠠᠷᠠᠳ ᠤᠯᠠᠨ᠎ᠤ ᠠᠱᠢᠭ ᠲᠤᠰᠠ᠎ᠠᠴᠠ ᠡᠭᠦᠰᠴᠦ᠍᠂ ᠤᠯᠠᠨ᠎ᠤ ᠰᠡᠳᠭᠢᠬᠦᠢ᠎ᠶ᠋ᠢ ᠬᠤᠪᠢᠷᠠᠭᠤᠯᠬᠤ᠎ᠶ᠋ᠢᠨ ᠲᠦᠯᠦᠭᠡ ᠪᠦᠬᠦ᠌ ᠬᠦᠴᠦᠨ᠎ᠢᠶᠠᠨ ᠱᠢᠪᠬᠠᠵᠤ᠂ ᠤᠯᠠᠨ᠎ᠤ ᠶᠠᠳᠠᠭᠤ᠎ᠠᠴᠠ ᠠᠩᠬᠢᠵᠢᠷᠠᠨ ᠴᠢᠨᠡᠭᠡᠯᠢᠭ᠌ᠵᠢᠬᠦ᠌ ᠢᠳᠡᠭᠡᠯ ᠵᠤᠷᠢᠭ᠎ᠢ ᠤᠷᠮᠠᠱᠢᠭᠤᠯᠵᠤ ᠪᠠᠳᠤᠳᠭᠠᠭ᠍ᠰᠠᠨ ᠪᠠᠢᠨ᠎ᠠ᠃ ᠲᠤᠰᠭᠤᠨ᠎ᠤ ᠠᠷᠠᠳ ᠸᠴᠢᠷ ᠲᠡᠷᠭᠡᠨ ᠠᠳᠡᠯ᠎ᠠᠴᠠ ᠬᠤᠶᠠᠷ ᠬᠦᠯ᠎ᠨᠢ ᠵᠡᠮᠳᠡᠭ ᠪᠤᠯᠵᠤ᠂ ᠠᠮᠢᠳᠤᠷᠠᠯ᠎ᠤᠨ ᠢᠳᠡᠭᠡᠯ ᠵᠤᠷᠢᠭ᠎ᠢᠶᠠᠨ ᠠᠯᠳᠠᠵᠤ ᠰᠡᠳᠭᠢᠯ᠎ᠢᠶᠠᠷ᠎ᠢᠶᠠᠨ ᠤᠨᠠᠵᠤ ᠪᠠᠢᠪᠠ᠃ ᠸᠠᠩ ᠵᠢᠶᠦ᠋ᠨ ᠲᠡᠭᠦᠨ᠎ᠳᠤ ᠴᠠᠬᠢᠯᠭᠠᠨ ᠬᠦᠷᠳᠦᠳᠦ ᠲᠡᠷᠬᠡ᠂ ᠡᠮ ᠳᠠᠩ᠎ᠤᠨ ᠨᠦᠬᠦᠪᠦᠷᠢ ᠡᠷᠡᠮᠡᠯᠵᠡᠵᠤ᠂ ᠠᠮᠢᠳᠤᠷᠠᠯ᠎ᠤᠨ ᠡᠳ᠋ ᠬᠡᠷᠡᠭ᠌ᠰᠡᠯ ᠬᠤᠳᠠᠯᠳᠤᠨ ᠠᠪᠴᠢᠷᠠᠵᠤ᠂ ᠭᠡᠷ ᠪᠦᠯᠢ᠎ᠶ᠋ᠢᠨ ᠲᠡᠵᠢᠭᠡᠨ ᠦᠷᠡᠵᠢᠬᠦᠯᠬᠦ᠌ ᠦᠢᠯᠡᠰ ᠡᠷᠬᠢᠯᠡᠬᠦ᠌᠎ᠶ᠋ᠢ᠎ᠨᠢ ᠵᠢᠭᠠᠨ ᠵᠢᠯᠤᠭᠤᠳᠤᠬ᠍ᠰᠠᠨ ᠪᠠᠢᠯ᠎ᠠ᠃ ᠤᠳᠤ ᠪᠤᠯᠬᠤ᠎ᠳᠤ ᠸᠴᠢᠷ᠎ᠤᠨ ᠭᠡᠷ᠎ᠤᠨ᠎ᠬᠢᠨ 20 ᠭᠠᠷᠤᠢ ᠭᠠᠭ᠍ᠠᠢ ᠲᠡᠵᠢᠭᠡᠵᠤ᠂ ᠵᠢᠯ᠎ᠤᠨ ᠤᠷᠤᠯᠭ᠎ᠠ 6 ᠲᠦᠮᠡ ᠭᠠᠷᠤᠢ ᠲᠦᠭᠦᠷᠢᠭ ᠬᠦᠷᠴᠦ᠍ ᠪᠤᠢ᠃
ᠪᠤᠷᠤᠬᠤᠱᠢᠭᠤ ᠭᠠᠴᠠᠭ᠎ᠠ᠎ᠨᠢ ᠬᠠᠭᠠᠰ ᠮᠠᠯᠵᠢᠬᠤ ᠬᠠᠭᠠᠰ ᠲᠠᠷᠢᠶᠠᠯᠠᠬᠤ ᠤᠷᠤᠨ᠎ᠳᠤ ᠬᠠᠷᠢᠶᠠᠯᠠᠬ᠍ᠳᠠᠵᠤ᠂ ᠨᠠᠮᠤᠷ᠎ᠤᠨ ᠬᠤᠷᠢᠶᠠᠯᠳᠠ᠎ᠶ᠋ᠢᠨ ᠳᠠᠷᠠᠭᠠᠬᠢ ᠲᠦᠢᠮᠠᠷ᠎ᠤᠨ ᠠᠶᠤᠯ᠎ᠨᠢ ᠲᠤᠰᠭᠤᠨ᠎ᠤ ᠠᠷᠠᠳ᠎ᠢ ᠶᠡᠬᠡᠳᠡ ᠰᠠᠨᠠᠭᠠᠱᠢᠷᠠᠭᠤᠯᠵᠦ᠍ ᠪᠠᠢᠪᠠ᠃ ᠲᠤᠰᠭᠤᠨ᠎ᠤ ᠠᠷᠠᠳ᠎ᠤᠨ ᠲᠦᠢᠮᠠᠷ᠎ᠤᠨ ᠠᠶᠤᠯ᠎ᠠᠴᠠ ᠪᠤᠯᠵᠤ ᠶᠠᠳᠠᠭᠤᠷᠠᠬᠤ᠎ᠶ᠋ᠢ ᠰᠡᠷᠭᠡᠢᠯᠡᠬᠦ᠌᠎ᠶ᠋ᠢᠨ ᠲᠦᠯᠦᠭᠡ᠂ ᠸᠠᠩ ᠵᠢᠶᠦ᠋ᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠱᠢᠭᠤᠨ᠎ᠤ ᠠᠩᠬᠠᠳᠠᠭ᠍ᠴᠢ ᠲᠤᠰᠭᠤᠨ᠎ᠤ ᠱᠠᠳᠤᠨ᠎ᠤ ᠭᠠᠯ ᠰᠡᠷᠭᠡᠢᠯᠡᠵᠤ ᠭᠠᠯ ᠤᠨᠳᠠᠷᠠᠭᠠᠬᠤ ᠦᠷᠳᠡᠭᠡ᠎ᠶ᠋ᠢ ᠢᠳᠡᠪᠬᠢᠳᠡᠢ ᠲᠦᠰᠦᠪᠯᠡᠨ ᠪᠠᠢᠭᠤᠯᠵᠠᠢ᠃ 2020 ᠤᠨ᠎ᠤ 6 ᠰᠠᠷ᠎ᠠ᠎ᠳᠤ ᠪᠠᠢᠭᠤᠯᠤᠬ᠍ᠳᠠᠬ᠍ᠰᠠᠨ᠎ᠠᠴᠠ ᠨᠠᠭᠠᠰᠢ᠂ ᠨᠢᠭᠡᠨᠳᠡ 20 ᠭᠠᠷᠤᠢ ᠤᠳᠠᠭᠠᠨ᠎ᠤ ᠲᠦᠢᠮᠠᠷᠢ ᠤᠨᠳᠠᠷᠠᠭᠠᠵᠠᠢ᠃
ᠨᠢᠭᠡᠨ ᠡᠪ ᠬᠠᠮᠳᠤ ᠨᠠᠮ᠎ᠤᠨ ᠭᠡᠱᠢᠭᠦᠨ ᠪᠤᠯᠤᠬ᠍ᠰᠠᠨ᠎ᠤ ᠬᠤᠪᠢ᠎ᠳᠤ᠂ ᠸᠠᠩ ᠵᠢᠶᠦ᠋ᠨ ᠪᠤᠷᠤᠬᠤᠱᠢᠭᠤ ᠭᠠᠴᠠᠭ᠎ᠠ᠎ᠶ᠋ᠢ ᠨᠢᠭᠡᠨᠳᠡ ᠦᠪᠡᠷ᠎ᠤᠨ 《ᠤᠭ ᠰᠠᠨᠠᠭ᠎ᠠ᠎ᠪᠠᠨ ᠦᠯᠦ᠍ ᠮᠠᠷᠳᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠬᠦ᠌》 ᠡᠮᠦᠨ᠎ᠡ ᠹᠷᠤᠨᠲ᠎ᠤᠨ ᠵᠢᠬ᠍ᠰᠠᠭᠠᠯᠤᠨ ᠭᠠᠵᠠᠷ᠎ᠢᠶᠠᠨ ᠪᠤᠯᠭᠠᠵᠤ᠂ ᠪᠤᠷᠤᠬᠤᠱᠢᠭᠤ ᠭᠠᠴᠠᠭᠠᠨ᠎ᠳᠤ ᠪᠠᠷᠢᠮᠵᠢᠶᠠᠵᠢᠬ᠍ᠰᠠᠨ ᠰᠤᠷᠤᠯᠴᠠᠯᠭ᠎ᠠ᠎ᠶ᠋ᠢᠨ ᠦᠷᠤᠭᠡ ᠪᠠᠢᠭᠤᠯᠬᠤ᠎ᠶ᠋ᠢ ᠵᠢᠯᠤᠭᠤᠳᠴᠤ᠌᠂ ᠰᠤᠷᠤᠯᠴᠠᠬᠤ᠂ ᠵᠤᠬᠢᠶᠠᠨ ᠪᠠᠢᠭᠤᠯᠤᠯᠳᠠ᠎ᠶ᠋ᠢᠨ ᠠᠮᠢᠳᠤᠷᠠᠯ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠤᠯᠳᠠ᠎ᠶ᠋ᠢᠨ ᠲᠦᠷᠢᠮ ᠵᠡᠷᠭᠡ᠎ᠶ᠋ᠢ ᠳᠤᠬ᠍ᠳᠠᠭᠠᠵᠤ᠂ ᠨᠠᠮ᠎ᠤᠨ ᠪᠠᠢᠭᠤᠯᠤᠯᠳᠠ ᠪᠤᠯᠤᠨ ᠶᠠᠳᠠᠭᠤ᠎ᠶ᠋ᠢ ᠳᠡᠳᠬᠦᠬᠦ᠌ ᠠᠵᠢᠯ᠎ᠤᠨ ᠠᠭᠤᠰᠤᠯᠴᠠᠬᠤ᠎ᠶ᠋ᠢ ᠵᠢᠯᠤᠭᠤᠳᠴᠤ᠌᠂ ᠨᠠᠮ᠎ᠤᠨ ᠭᠡᠱᠢᠭᠦᠨ᠎ᠤ ᠬᠤᠯᠪᠤᠭᠠᠯᠠᠵᠤ ᠳᠡᠳᠬᠦᠬᠦ᠌ ᠠᠵᠢᠯᠯᠠᠭ᠎ᠠ᠎ᠶ᠋ᠢ ᠦᠷᠨᠢᠭᠦᠯᠵᠤ᠂ ᠪᠤᠷᠤᠬᠤᠱᠢᠭᠤ ᠭᠠᠴᠠᠭ᠎ᠠ᠎ᠶ᠋ᠢᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠠᠵᠢᠯ᠎ᠤᠨ ᠤᠷᠤᠬ᠍ᠰᠢᠳᠠᠢ ᠦᠷᠨᠢᠬᠦ᠌ᠶ᠋ᠢ ᠬᠦᠴᠦᠳᠠᠢ ᠠᠭᠢᠭᠤᠯᠵᠠᠢ᠃
ᠸᠠᠩ ᠵᠢᠶᠦ᠋ᠨ ᠲᠦᠷᠪᠡᠨ ᠤᠳᠠᠰᠤᠳᠤ ᠬᠤᠭᠤᠷ᠎ᠤᠨ ᠤᠷᠠᠯᠢᠭ᠎ᠤᠨ ᠪᠤᠷᠤᠬᠤᠱᠢᠭᠤ ᠭᠠᠴᠠᠭᠠᠨ᠎ᠳᠠᠬᠢ ᠤᠷᠤᠯᠴᠠᠯᠭ᠎ᠠ᠎ᠶ᠋ᠢᠨ ᠬᠡᠮᠵᠢᠶ᠎ᠡ ᠦᠨᠳᠦᠷ᠂ ᠨᠦᠯᠦᠭᠡᠯᠡᠬᠦ᠌ ᠬᠦᠴᠦᠨ ᠶᠡᠭᠡ᠂ ᠦᠨᠳᠦᠰᠦᠳᠡᠨ᠎ᠨᠦᠭᠦᠳ᠎ᠤᠨ ᠠᠷᠠᠳ ᠤᠯᠠᠨ᠎ᠤ ᠬᠠᠢᠷ᠎ᠠ ᠪᠠᠭ᠍ᠠᠷᠬᠠᠯ᠎ᠢ ᠶᠡᠬᠡᠳᠡ ᠳᠠᠳᠠᠳᠠᠭ ᠭᠡᠳᠡᠭ᠎ᠢ ᠤᠢ᠍ᠢᠯᠠᠭᠠᠵᠠᠢ᠃ ᠡᠨᠡ ᠬᠦ᠌ ᠤᠨᠴᠠᠯᠢᠭᠲᠤ ᠬᠠᠨᠳᠤᠭᠤᠯᠤᠨ ᠲᠡᠷᠡ ᠲᠦᠷᠪᠡᠨ ᠤᠳᠠᠰᠤᠳᠤ ᠬᠤᠭᠤᠷ᠎ᠤᠨ ᠲᠤᠬ᠍ᠯᠠᠯᠳᠠ᠎ᠪᠠᠷ ᠤᠨᠴᠠᠯᠢᠭ ᠪᠤᠯᠭᠠᠬ᠍ᠰᠠᠨ ᠲᠦᠷᠪᠡᠨ ᠤᠳᠠᠰᠤᠳᠤ ᠬᠤᠭᠤᠷ᠎ᠤᠨ ᠰᠤᠶᠤᠯ᠎ᠤᠨ ᠦᠢᠯᠡᠴᠢᠯᠡᠭᠡᠨ᠎ᠤ ᠲᠦᠪ ᠪᠠ ᠲᠦᠷᠪᠡᠨ ᠤᠳᠠᠰᠤᠳᠤ ᠬᠤᠭᠤᠷ᠎ᠤᠨ ᠦᠨᠳᠦᠰᠦᠳᠡᠨ᠎ᠤ ᠭᠠᠷ ᠤᠷᠠᠯᠠᠯ᠎ᠤᠨ ᠠᠵᠢᠯ᠎ᠤᠨ ᠲᠠᠰᠤᠭ ᠭᠠᠷᠭᠠᠵᠤ᠂ ᠤᠳᠤᠬᠠᠨ᠎ᠳᠤ ᠨᠢᠭᠡᠨᠳᠡ 70 ᠬᠦᠮᠦᠨ᠎ᠤ ᠲᠤᠬ᠍ᠯᠠᠯᠳᠠ᠎ᠶ᠋ᠢᠨ ᠡᠩᠨᠡᠭᠡ᠎ᠲᠠᠢ ᠪᠤᠯᠵᠠᠢ᠃ ᠳᠡᠳᠡ ᠦᠪᠡᠷ᠎ᠤᠨ ᠬᠠᠵᠠᠭᠤ ᠬᠠᠪᠢ᠎ᠶ᠋ᠢᠨ ᠶᠠᠳᠠᠭᠤ᠎ᠠᠴᠠ ᠠᠩᠬᠢᠵᠢᠷᠠᠵᠤ ᠪᠠᠶᠠᠵᠢᠬ᠍ᠰᠠᠨ ᠨᠡᠢᠳᠡᠯᠢᠭ ᠵᠢᠱ᠌ᠢᠶ᠎ᠡ᠎ᠲᠠᠢ᠎ᠪᠠᠨ ᠤᠶᠠᠯᠳᠤᠭᠤᠯᠤᠨ ᠦᠪᠡᠰᠤᠪᠠᠨ ᠨᠠᠢᠷᠠᠭᠤᠯᠵᠤ᠂ ᠦᠪᠡᠰᠤᠪᠡᠨ ᠤᠳᠤᠷᠢᠳᠴᠤ᠌᠂ ᠦᠪᠡᠰᠤᠪᠠᠨ ᠲᠤᠬ᠍ᠯᠠᠬ᠍ᠰᠠᠨ ᠲᠤᠬ᠍ᠯᠠᠯᠳᠠᠪᠠᠷᠢᠶᠠᠨ ᠤᠯᠤᠰ᠎ᠤᠨ ᠲᠦᠷᠦ᠎ᠶ᠋ᠢᠨ ᠪᠤᠳᠤᠯᠭ᠎ᠠ᠎ᠶ᠋ᠢ ᠤᠬᠠᠭᠤᠯᠵᠤ᠂ ᠪᠠᠶᠠᠵᠢᠨ ᠴᠢᠨᠡᠭᠡᠯᠢᠭ᠌ᠵᠢᠭ᠌ᠰᠡᠨ ᠲᠤᠷᠱᠢᠯᠭ᠎ᠠ᠎ᠶ᠋ᠢ ᠳᠡᠯᠭᠡᠷᠡᠭᠦᠯᠵᠤ᠂ ᠲᠤᠰᠭᠤᠨ᠎ᠤ ᠠᠷᠠᠳ᠎ᠤᠨ ᠰᠤᠶᠤᠯ᠎ᠤᠨ ᠬᠡᠪ ᠪᠤᠯᠪᠠᠰᠤᠷᠠᠯ᠎ᠢ ᠳᠡᠭᠡᠭ᠌ᠰᠢᠯᠡᠭᠦᠯᠵᠤ ᠪᠠᠢᠨ᠎ᠠ᠃
ᠱᠠᠬᠠᠢ᠎ᠶ᠋ᠢᠨ ᠤᠯᠠᠨ᠎ᠠ ᠨᠠᠭᠠᠯᠳᠤᠬᠤ ᠱᠢᠪᠠᠷ ᠱᠢᠷᠤᠢ ᠰᠡᠳᠭᠢᠯ᠎ᠤᠨ ᠭᠦᠨ᠎ᠠ ᠬᠤᠷᠠᠮᠳᠤᠬᠤ ᠬᠠᠢᠷ᠎ᠠ ᠰᠡᠳᠭᠢᠯᠭᠡ᠎ᠶ᠋ᠢ ᠤᠴᠢᠷᠯᠠᠨ᠎ᠠ᠃ ᠬᠠᠮᠳᠤ᠎ᠶ᠋ᠢᠨ ᠠᠮᠢᠳᠤᠷᠠᠯ ᠰᠡᠳᠭᠢᠯ᠎ᠤᠨ ᠵᠠᠢ᠎ᠶ᠋ᠢ ᠤᠢ᠍ᠢᠷᠠᠳᠤᠭᠤᠯᠤᠬ᠍ᠰᠠᠨ ᠶᠤᠮ᠃ 1000 ᠭᠠᠷᠤᠢ ᠡᠳᠦᠷ᠎ᠤᠨ ᠬᠠᠳᠠᠭᠤ ᠴᠢᠷᠮᠠᠢᠯᠭ᠎ᠠ᠂ ᠪᠤᠷᠤᠬᠤᠱᠢᠭᠤ ᠭᠠᠴᠠᠭᠠᠨ᠎ᠤ ᠲᠦᠷᠢ ᠲᠦᠷᠬᠦ᠌᠎ᠶ᠋ᠢ ᠯᠡ ᠬᠤᠪᠢᠷᠠᠭᠤᠯᠤᠬ᠍ᠰᠠᠨ ᠪᠢᠰᠢ᠂ ᠸᠠᠩ ᠵᠢᠶᠦ᠋ᠨ᠎ᠢ ᠴᠦ᠍ ᠤᠯᠠᠨ ᠲᠦᠮᠡᠨ᠎ᠤ ᠢᠳᠡᠭᠡᠬᠦ᠌ ᠦᠭᠡᠢ ᠬᠦᠮᠦᠨ ᠪᠠᠢᠬ᠍ᠰᠠᠨ᠎ᠠᠴᠠ ᠤᠯᠠᠨ ᠲᠦᠮᠡᠨ᠎ᠤ ᠳᠤᠳᠤᠨᠤ ᠬᠦᠮᠦᠨ ᠪᠤᠯᠭᠠᠨ ᠬᠤᠪᠢᠷᠠᠭᠤᠯᠤᠬ᠍ᠰᠠᠨ ᠶᠤᠮ᠃
《ᠬᠤᠢᠱᠢᠳᠠ ᠲᠤᠰᠭᠤᠨ᠎ᠤ ᠠᠷᠠᠳ᠎ᠲᠠᠢ ᠬᠠᠮᠳᠤ᠎ᠪᠠᠷ ᠠᠵᠤ ᠦᠢᠯᠡᠰ᠎ᠤᠨ ᠬᠦᠭ᠌ᠵᠢᠯᠳᠡ᠎ᠶ᠋ᠢᠨ ᠲᠤᠬᠠᠢ ᠪᠦᠳᠤᠮᠵᠢᠳᠠᠢ ᠠᠷᠭ᠎ᠠ ᠭᠡᠮᠵᠢᠶ᠎ᠠ᠎ᠶ᠋ᠢ ᠦᠷᠬᠦᠯᠵᠢᠯᠡᠨ ᠲᠦᠰᠦᠪᠯᠡᠵᠤ᠂ ᠲᠠᠳᠠ ᠨᠠᠷ᠎ᠲᠤ ᠨᠠᠩ ᠲᠠᠨᠢᠬᠦᠨ ᠲᠠᠪᠠᠳᠠᠢ ᠠᠮᠢᠳᠤᠷᠠᠯ᠎ᠢ ᠡᠳ᠋ᠯᠡᠬᠦᠯᠬᠦ᠌᠎ᠪᠠᠷ ᠴᠢᠷᠮᠠᠢᠨ᠎ᠠ》 ᠭᠡᠵᠤ ᠸᠠᠩ ᠵᠢᠶᠦ᠋ᠨ ᠵᠤᠷᠢᠭ᠎ᠢᠶᠠᠨ ᠢᠯᠡᠳᠭᠡᠵᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠤᠭ᠍ᠰᠠᠨ ᠵᠤᠷᠢᠭ ᠰᠠᠨᠠᠭ᠎ᠠ᠎ᠶ᠋ᠢ ᠦᠷᠭᠦᠯᠵᠢᠯᠡᠨ ᠪᠠᠳᠠᠷᠠᠭᠤᠯᠵᠤ᠂ ᠡᠷᠡᠮᠡᠭᠡᠢᠯᠡᠨ ᠲᠠᠮᠡᠴᠡᠵᠤ᠂ ᠬᠦᠳᠡᠭᠡ ᠲᠤᠰᠭᠤᠨ᠎ᠤ ᠦᠷᠨᠢᠬᠦᠨ ᠬᠦᠭ᠌ᠵᠢᠯᠳᠠ᠎ᠳᠤ ᠬᠦᠴᠦ᠎ᠪᠠᠨ ᠡᠷᠭᠦᠬᠦ᠌ ᠶᠤᠮ ᠭᠡᠨ᠎ᠠ᠃