ᠴᠢᠨᠳᠠᠭᠠᠨᠴᠠᠭᠠᠨ ᠴᠢᠯᠦᠭᠡᠳᠦ ᠪᠥᠬᠡ᠎ᠶ᠋ᠢᠨ ᠡᠮᠡᠭ᠌ᠲᠡᠶ᠎ᠶ᠋ᠢᠨ 76 ᠺᠢᠯᠣᠭ᠌ᠷᠠᠮ᠎ᠤᠨ ᠳᠡᠰ᠎ᠲᠤ ᠮᠡᠩᠯᠡ ᠵᠢᠯᠡᠪᠡ
2021-09-26 09:48:53
ᠵᠣᠬᠢᠶᠠᠭ᠍ᠴᠢ᠄
​ ᠨᠠᠷᠠᠨᠳᠤᠩᠭᠠᠯᠠᠭ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 25 ᠎ᠤ ᠡᠳᠦᠷ᠂ ᠱᠠᠨᠰᠢ ᠮᠤᠵᠢ᠎ᠶ᠋ᠢᠨ ᠶᠠᠨ ᠠᠨ ᠬᠤᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠥᠪ᠎ᠤᠨ ᠪᠥᠬᠡ᠎ᠶ᠋ᠢᠨ ᠣᠷᠳᠣᠨ᠎ᠳᠤ ᠶᠠᠪᠤᠭ᠍ᠳᠠᠭ᠍ᠰᠠᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠴᠢᠯᠦᠭᠡᠳᠦ ᠪᠥᠬᠡ᠎ᠶ᠋ᠢᠨ ᠤᠷᠤᠯᠳᠤᠭᠠᠨ᠎ᠳᠤ ᠮᠠᠨ᠎ᠤ ᠤᠷᠤᠨ᠎ᠤ ᠲᠠᠮᠢᠷᠴᠢᠨ ᠴᠢᠨᠳᠠᠭᠠᠨᠴᠠᠭᠠᠨ ᠡᠮᠡᠭ᠌ᠲᠡᠶ᠎ᠶ᠋ᠢᠨ 76 ᠺᠢᠯᠣᠭ᠌ᠷᠠᠮ᠎ᠤᠨ ᠳᠡᠰ᠎ᠲᠤ ᠮᠡᠩᠯᠡ ᠵᠢᠯᠠᠵᠤ᠂ ᠪᠦᠦ ᠯᠢᠩ ᠯᠢᠩ ᠡᠮᠡᠭ᠌ᠲᠡᠶ᠎ᠶ᠋ᠢᠨ 62 ᠺᠢᠯᠣᠭ᠌ᠷᠠᠮ᠎ᠤᠨ ᠲᠠᠰ᠎ᠲᠤ ᠲᠡᠳ᠋ᠯᠡᠵᠡᠢ᠃ 

ᠡᠮᠡᠭ᠌ᠲᠡᠶ᠎ᠶ᠋ᠢᠨ ᠴᠢᠯᠥᠭᠡᠲᠦ ᠪᠦᠭᠡ᠎ᠶ᠋ᠢᠨ ᠤᠷᠤᠯᠳᠤᠭᠠᠨ᠎ᠤ 62 ᠺᠢᠯᠣᠭ᠌ᠷᠠᠮ᠎ᠤᠨ ᠲᠡᠰ᠎ᠤᠨ ᠤᠷᠤᠯᠳᠤᠭᠠᠨ ᠪᠠ 76 ᠺᠢᠯᠣᠭ᠌ᠷᠠᠮ᠎ᠤᠨ ᠲᠡᠰ᠎ᠤᠨ ᠤᠷᠤᠯᠳᠤᠭᠠᠨ᠎ᠳᠤ ᠥᠪᠥᠷ ᠮᠣᠩᠭᠤᠯ᠎ᠤᠨ ᠠᠩᠭᠢ᠎ᠠᠴᠠ ᠨᠡ ᠵᠢᠲᠡ 4 ᠲᠠᠮᠢᠷᠴᠢᠨ ᠣᠷᠣᠯᠴᠠᠭ᠍ᠰᠠᠨ ᠪᠠ ᠵᠢᠨ᠎ᠠ᠃ 76 ᠺᠢᠯᠣᠭ᠌ᠷᠠᠮ᠎ᠤᠨ ᠲᠡᠰ᠎ᠤᠨ ᠮᠠᠩᠯᠠᠢ ᠴᠢᠨᠳᠠᠭᠠᠨᠴᠠᠭᠠᠨ 2014 ᠤᠨ᠎ᠳᠤ ᠤᠯᠤᠰ᠎ᠤᠨ ᠲᠠᠮᠢᠷ᠎ᠤᠨ ᠠᠩᠭᠢ᠎ᠳᠤ ᠡᠯᠰᠡᠭ᠌ᠳᠡᠨ᠂ 2019 ᠤᠨ᠎ᠳᠤ ᠶᠠᠫᠤᠨ᠎ᠤ ᠲᠤᠤᠺᠢᠣ᠋᠎ᠳᠤ ᠶᠠᠪᠤᠭ᠍ᠳᠠᠭ᠍ᠰᠠᠨ ᠲᠡᠯᠡᠭᠡᠢ᠎ᠶ᠋ᠢᠨ ᠬᠤᠨᠳᠠᠭᠠᠳᠦ ᠡᠮᠡᠭ᠌ᠲᠠᠢ᠎ᠶ᠋ᠢᠨ ᠴᠢᠯᠦᠭᠡᠳᠦ ᠪᠦᠭᠡ᠎ᠶ᠋ᠢᠨ ᠤᠷᠤᠯᠳᠤᠭᠠᠨ᠎ᠳᠤ ᠤᠯᠤᠰ᠎ᠤᠨ ᠠᠩᠭᠢ᠎ᠶ᠋ᠢ ᠲᠦᠯᠦᠭᠡᠯᠡᠨ ᠤᠷᠤᠯᠴᠠᠭᠠᠳ ᠪᠦᠯᠬᠦᠮ ᠨᠡ ᠵᠢᠳᠡ᠎ᠶ᠋ᠢᠨ ᠬᠦᠷᠡᠯ ᠮᠧᠳᠠᠯ ᠲᠤᠰᠴᠦ᠍᠂ ᠲᠡᠯᠡᠭᠡᠢ᠎ᠶ᠋ᠢᠨ ᠠᠪᠤᠷᠭᠤ ᠴᠤᠯᠠ ᠬᠠᠮᠠᠭᠠᠯᠠᠵᠠᠢ᠃ ᠲᠡᠷᠡ᠎ᠪᠠᠷ ᠪᠠᠰᠠ 2020 ᠤᠨ᠎ᠳᠤ ᠶᠠᠪᠤᠭ᠍ᠳᠠᠭ᠍ᠰᠠᠨ ᠪᠦᠬᠦ᠌ ᠤᠯᠤᠰ᠎ᠤᠨ ᠴᠢᠯᠦᠭᠡᠳᠦ ᠪᠦᠭᠡ᠎ᠶ᠋ᠢᠨ ᠮᠡᠩᠯᠠᠢ ᠱᠢᠯᠭᠠᠷᠠᠭᠤᠯᠬᠤ ᠤᠷᠤᠯᠳᠤᠭᠠᠨ᠎ᠳᠤ ᠮᠦᠡᠭ᠌ᠭᠦᠨ ᠮᠧᠳᠠᠯ ᠲᠤᠰᠴᠦ᠍᠂ ᠲᠤᠰ ᠵᠢᠯ᠎ᠳᠤ ᠶᠠᠪᠤᠭ᠍ᠳᠠᠭ᠍ᠰᠠᠨ ᠪᠦᠬᠦ᠌ ᠤᠯᠤᠰ᠎ᠤᠨ ᠴᠢᠯᠦᠭᠡᠳᠦ ᠪᠦᠭᠡ᠎ᠶ᠋ᠢᠨ ᠠᠪᠤᠷᠭᠤ ᠱᠢᠯᠭᠠᠷᠠᠭᠤᠯᠬᠤ ᠤᠷᠤᠯᠳᠤᠭᠠᠨ᠎ᠳᠤ ᠠᠯᠳᠠᠨ ᠮᠧᠳᠠᠯ ᠲᠤᠰᠪᠠ; 2021 ᠤᠨ᠎ᠳᠤ ᠪᠦᠬᠦ᠌ ᠤᠯᠤᠰ᠎ᠤᠨ ᠴᠢᠯᠦᠭᠡᠳᠦ ᠪᠦᠬᠡ᠎ᠶ᠋ᠢᠨ ᠮᠡᠩᠯᠠᠢ ᠱᠢᠯᠭᠠᠷᠠᠭᠤᠯᠬᠤ ᠤᠷᠤᠯᠳᠤᠭᠠᠨ ᠵᠢᠴᠢ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠬᠢᠷᠢ ᠭᠡᠮ᠎ᠤᠨ ᠤᠷᠤᠯᠳᠤᠭᠠᠨ᠎ᠳᠤ ᠠᠯᠳᠠᠨ ᠮᠧᠳᠠᠯ ᠲᠤᠰᠴᠠᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号