《ᠪᠠᠶᠠᠨᠨᠠᠭᠤᠷ᠎ᠤᠨ ᠠᠷᠪᠠᠨ ᠲᠣᠮᠣ ᠰᠦᠯᠵᠢᠶᠡᠨ᠎ᠤ ᠨᠡᠷᠡᠲᠦ ᠲᠠᠷᠢᠶᠠᠯᠠᠩ᠎ᠤᠨ ᠪᠦᠲᠦᠭᠡᠭ᠌ᠳᠡᠬᠦᠨ》 ᠎ᠢ ᠦᠨᠡᠯᠡᠨ ᠱᠢᠯᠭᠠᠷᠠᠭᠤᠯᠵᠤ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠠᠪᠤᠬ᠍ᠳᠡᠪᠡ ​
2021-09-27 11:17:53
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠤᠢ᠍ᠢᠷ᠎ᠡ᠎ᠶ᠋ᠢᠨ ᠡᠳᠦᠷ᠂ ᠪᠠᠶᠠᠨᠨᠠᠭᠤᠷ ᠬᠤᠲᠠ᠎ᠶ᠋ᠢᠨ ᠪᠣᠬᠢᠷᠲᠤᠯ ᠥᠬᠡᠶ ᠠᠵᠤ ᠦᠢᠯᠡᠰ᠎ᠢ ᠨᠢᠭᠡᠳᠦᠯᠲᠡᠶ ᠲᠥᠯᠥᠪᠵᠢᠭᠦᠯᠦᠨ ᠬᠥᠭ᠌ᠵᠢᠭᠦᠯᠬᠦ᠌ ᠠᠯᠪᠠᠨ ᠬᠡᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠪᠠᠶᠠᠨᠨᠠᠭᠤᠷ᠎ᠤᠨ ᠡᠳᠦᠷ᠎ᠤᠨ ᠰᠣᠨᠢᠨ᠎ᠤ ᠬᠤᠷᠢᠶ᠎ᠠ᠂ ᠬᠤᠲᠠ᠎ᠶ᠋ᠢᠨ ᠱᠢᠤᠳᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ᠂ ᠪᠠ ᠶᠠᠨ ᠯᠢᠦᠢ ᠶᠧ ᠠᠵᠤ ᠦᠢᠯᠡᠰ᠎ᠤᠨ ᠬᠢᠵᠠᠭᠠᠷᠲᠤ ᠺᠣᠮᠫᠠᠨᠢ᠎ᠠᠴᠠ ᠭᠤᠤᠯᠯᠠᠨ ᠡᠷᠭᠢᠯᠡᠵᠦ᠍᠂ ᠳᠤᠮᠳᠠᠳᠤ ᠤᠯᠤᠰ᠎ᠤᠨ ᠪᠠᠩᠬᠢ᠎ᠶ᠋ᠢᠨ ᠪᠠᠶᠠᠨᠨᠠᠭᠤᠷ᠎ᠤᠨ ᠰᠠᠯᠪᠤᠷᠢ ᠪᠠᠩᠬᠢ᠎ᠠᠴᠠ ᠬᠠᠮᠳᠤᠷᠠᠨ ᠡᠷᠭᠢᠯᠡᠭ᠌ᠰᠡᠨ 《ᠪᠠᠶᠠᠨᠨᠠᠭᠤᠷ᠎ᠤᠨ ᠠᠷᠪᠠᠨ ᠶᠡᠭᠡ ᠰᠦᠯᠵᠢᠶᠡᠨ᠎ᠤ ᠨᠠᠷᠠᠲᠤ ᠲᠠᠷᠢᠶᠠᠯᠠᠩ᠎ᠤᠨ ᠪᠦᠲᠦᠭᠡᠭ᠌ᠳᠡᠬᠦᠨ》 ᠎ᠢ ᠦᠨᠡᠯᠡᠨ ᠱᠢᠯᠭᠠᠷᠠᠭᠤᠯᠵᠤ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠲᠡᠭ᠌ᠷᠢ᠎ᠶ᠋ᠢᠨ ᠬᠡᠱᠢᠭ᠌ᠲᠦ ᠪᠣᠷᠣᠲᠣᠬᠤᠶ᠎ᠶ᠋ᠢᠨ ᠶᠡᠷᠦᠩᠬᠡᠶ ᠰᠠᠭᠤᠷᠢᠨ᠎ᠳᠤ ᠶᠠᠪᠤᠬ᠍ᠳᠡᠪᠡ᠃ 


QQ图片20210927110921.png


ᠲᠤᠰ ᠠᠵᠢᠯᠯᠠᠭ᠎ᠠ᠎ᠨᠢ᠂ 《ᠲᠩᠷᠢ᠎ᠶ᠋ᠢᠨ ᠬᠡᠱᠢᠭ᠌ᠲᠦ ᠪᠣᠷᠣᠲᠣᠬᠤᠶ》 ᠎ᠶ᠋ᠢᠨ ᠨᠠᠷᠠᠲᠤ ᠲᠡᠮᠳᠡᠭ᠎ᠤᠨ ᠨᠥᠯᠥᠭᠡᠯᠡᠬᠦ᠌ ᠬᠦᠴᠦᠨ ᠪᠠ ᠨᠡᠷ᠎ᠡ ᠠᠯᠳᠠᠷᠱᠢᠯ᠎ᠢ ᠳᠡᠭᠡᠭ᠌ᠰᠢᠯᠡᠭᠦᠯᠵᠦ᠍᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠪᠦᠬᠦ᠌ ᠰᠦᠯᠵᠢᠶᠡᠨ ᠳᠡᠭᠡᠷᠡᠬᠢ ᠭᠦᠢᠯᠭᠡᠭᠡ᠎ᠶ᠋ᠢ ᠠᠬᠢᠭᠤᠯᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠠᠵᠤ ᠠᠬᠤᠢᠯᠠᠯ᠎ᠤᠨ ᠰᠦᠯᠵᠢᠶᠡᠨ᠎ᠳᠠᠬᠢ ᠡᠵᠡᠩᠨᠡᠨ ᠪᠣᠷᠣᠯᠠᠭᠤᠯᠬᠤ ᠴᠢᠳᠠᠪᠤᠷᠢ᠎ᠶ᠋ᠢ ᠨᠡᠮᠡᠭ᠌ᠳᠡᠭᠦᠯᠦᠨ᠂ ᠨᠡᠩ ᠤᠯᠠᠨ ᠠᠵᠤ ᠠᠬᠤᠢᠯᠠᠯ᠂ ᠲᠠᠷᠢᠶᠠᠴᠢᠨ᠎ᠤ ᠬᠤᠷᠱᠢᠶ᠎ᠠ᠂ ᠭᠡᠷ ᠪᠦᠯᠢ᠎ᠶ᠋ᠢᠨ ᠲᠠᠷᠢᠶᠠᠯᠠᠩ᠎ᠤᠨ ᠲᠠᠯᠠᠪᠠᠢ ᠵᠡᠷᠭᠡ ᠱᠢᠨ᠎ᠡ ᠬᠡᠯᠪᠡᠷᠢ᠎ᠶ᠋ᠢᠨ ᠲᠠᠷᠢᠶᠠᠯᠠᠩ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠵᠣᠷᠢᠬ᠍ᠵᠢᠭᠤᠯᠤᠨ ᠬᠦᠳᠦᠯᠦᠨ ᠵᠢᠯᠣᠭᠤᠤᠡᠴᠤ᠌ ᠢᠳᠡᠪᠬᠢᠲᠡᠶ ᠣᠷᠣᠯᠴᠠᠭᠤᠯᠵᠤ᠂ ᠨᠠᠩ ᠣᠯᠠᠨ ᠴᠢᠨᠠᠷ ᠰᠠᠢᠲᠠᠶ ᠤᠨᠴᠠᠯᠢᠬ᠍ᠳᠤ ᠲᠠᠷᠢᠶᠠᠯᠠᠩ᠎ᠤᠨ ᠪᠦᠲᠦᠭᠡᠭ᠌ᠳᠡᠬᠦᠨ᠎ᠢ ᠪᠣᠶ ᠪᠣᠯᠭᠠᠵᠤ᠂ ᠤᠯᠠᠮᠵᠢᠯᠠᠯᠲᠤ ᠵᠠᠭᠤᠴᠢᠯᠠᠭᠤᠷ ᠪᠠ ᠱᠢᠨ᠎ᠡ ᠵᠠᠭᠤᠴᠢᠯᠠᠭᠤᠷ᠎ᠢ ᠤᠶᠠᠯᠳᠤᠭᠤᠯᠤᠭ᠍ᠰᠠᠨ ᠦᠢᠯᠡᠳᠪᠤᠷᠢᠯᠡᠯ ᠪᠣᠷᠣᠯᠠᠭᠤᠯᠭ᠎ᠠ᠎ᠶ᠋ᠢ ᠵᠣᠯᠭᠠᠭᠤᠯᠬᠤ ᠬᠠᠮᠳᠤᠷᠠᠯ ᠬᠦᠴᠦᠨ᠎ᠢ ᠪᠦᠷᠢᠯᠳᠦᠭᠦᠯᠵᠦ᠍᠂ ᠠᠵᠤ ᠠᠬᠤᠢᠯᠠᠯ᠎ᠤᠨ ᠦᠷ᠎ᠡ ᠠᠱᠢᠭ᠎ᠢ ᠨᠡᠮᠡᠭ᠌ᠳᠡᠭᠦᠯᠵᠦ᠍᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠵᠤ᠂ ᠪᠠᠶᠠᠨᠨᠠᠭᠤᠷ᠎ᠤᠨ ᠣᠳᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠬᠦ᠌᠎ᠪᠠᠷ ᠵᠤᠷᠢᠯᠲᠠ ᠪᠤᠯᠭᠠᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号