ᠬᠤᠶᠠᠳᠤᠭᠠᠷ ᠪᠦᠯᠦᠭ᠎ᠤᠨ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠦᠷᠨᠢᠭᠦᠯᠬᠦ᠌᠎ᠶ᠋ᠢ ᠳᠠᠭᠠᠯᠳᠤᠨ᠂ ᠦᠪᠡᠷᠲᠡᠭᠡᠨ ᠵᠠᠰᠭᠠᠤ ᠤᠷᠤᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶᠠᠨ᠎ᠤ ᠡᠯ᠎ᠡ ᠰᠠᠯᠠᠭ᠎ᠠ ᠮᠥᠴᠢᠷ ᠤᠢ᠍ᠢᠷ᠎ᠠ᠎ᠳᠤ 《ᠥᠷᠯᠥᠭᠡ᠎ᠶ᠋ᠢᠨ ᠤᠩᠱᠢᠯᠭ᠎ᠠ ᠣᠷᠣᠶ᠎ᠶ᠋ᠢᠨ ᠰᠤᠷᠤᠯᠴᠠᠯᠭ᠎ᠠ》 ᠶ᠋ᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠦ᠍᠂ ᠴᠠᠭ᠎ᠢ ᠵᠣᠬᠢᠰᠲᠠᠶ ᠳᠣᠭᠢᠷᠠᠭᠤᠯᠤᠨ᠂ ᠰᠤᠷᠤᠯᠴᠠᠯᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠰᠤᠷᠤᠯᠴᠠᠯᠭ᠎ᠠ ᠬᠥᠮᠦᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃
ᠲᠦᠷᠦᠬᠦᠬᠡᠨ ᠵᠠᠰᠠᠭ ᠵᠠᠬᠢᠷᠭᠠᠨ᠎ᠤ ᠬᠡᠷᠡᠭ᠎ᠢ ᠱᠢᠭᠦᠨ ᠲᠠᠰᠤᠯᠬᠤ ᠲᠢᠩᠬᠢᠮ ᠤᠩᠱᠢᠯᠭ᠎ᠠ᠎ᠶ᠋ᠢᠨ ᠨᠢᠭᠡᠳᠦᠭᠡᠷ ᠬᠢᠴᠢᠶᠡᠯ᠎ᠢᠶᠠᠨ ᠡᠬᠢᠯᠡᠭᠦᠯᠵᠦ᠍᠂ ᠪᠦᠬᠦ᠌ ᠣᠷᠣᠨ᠎ᠤ ᠱᠢᠭᠦᠬᠦ᠌ ᠬᠤᠷᠢᠶᠠᠨ᠎ᠤ ᠬᠤᠶᠠᠳᠤᠭᠠᠷ ᠪᠦᠯᠦᠭ᠎ᠤᠨ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡ᠎ᠶ᠋ᠢᠨ ᠬᠥᠮᠦᠵᠢᠯ ᠴᠡᠭ᠌ᠴᠡᠯᠡᠯᠲᠡ᠎ᠶ᠋ᠢᠨ ᠲᠠᠢᠴᠢᠯᠠᠯᠳᠠ ᠪᠠᠢᠷᠢᠯᠠᠭᠤᠯᠤᠯᠲᠠ᠎ᠶ᠋ᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠺᠠᠳ᠋ᠷ ᠴᠠᠭ᠍ᠳᠠᠭ᠎ᠠ ᠨᠠᠷ ᠬᠤᠢᠱᠢᠳᠠ ᠤᠯᠤᠰ ᠲᠥᠷᠥ᠎ᠶ᠋ᠢᠨ ᠵᠣᠭ᠍ᠰᠣᠴᠠ᠎ᠪᠠᠨ ᠴᠢᠨᠠᠬ᠍ᠰᠢᠲᠠ ᠳᠡᠭᠡᠭ᠌ᠰᠢᠯᠡᠭᠦᠯᠵᠦ᠍᠂ ᠬᠥᠮᠦᠵᠢᠯ ᠴᠡᠭ᠌ᠴᠡᠯᠡᠯᠲᠡ᠎ᠶ᠋ᠢᠨ ᠴᠢᠬᠤᠯᠠ ᠠᠴᠢ ᠬᠤᠯᠪᠣᠭ᠍ᠳᠠᠯ᠎ᠢ ᠭᠦᠢᠴᠡᠳ ᠲᠠᠨᠢᠵᠤ᠂ ᠳᠡᠭᠡᠳᠦ ᠬᠡᠮᠵᠢᠶᠡᠨ᠎ᠤ ᠤᠬᠠᠮᠰᠠᠷᠲᠤ ᠴᠢᠨᠠᠷ᠎ᠢᠶᠠᠷ ᠰᠤᠷᠤᠯᠴᠠᠯᠭ᠎ᠠ᠎ᠳᠤ ᠣᠷᠣᠯᠴᠠᠨ᠂ ᠰᠤᠷᠤᠯᠴᠠᠯᠭ᠎ᠠ᠎ᠶ᠋ᠢ ᠬᠦᠨᠵᠡᠭᠡᠢᠷᠡᠭᠦᠯᠵᠦ᠍᠂ ᠦᠢᠯᠡᠳᠣᠯᠭᠡ᠎ᠶ᠋ᠢ ᠵᠢᠯᠣᠭᠤᠳᠭᠤ᠂ ᠲᠤᠬᠠᠢᠯᠠᠭ᠍ᠰᠠᠨ ᠠᠵᠢᠯ᠎ᠢ ᠠᠬᠢᠭᠤᠯᠬᠤ᠎ᠶ᠋ᠢ ᠦᠨᠡᠨ ᠬᠦ᠌ ᠪᠠᠲᠤᠯᠠᠨ᠎ᠡ ᠬᠡᠵᠦ᠍ ᠢᠯᠡᠷᠬᠡᠢᠯᠡᠵᠡᠭᠡᠪᠡ᠃
ᠢᠷᠭᠡᠨ᠎ᠤ ᠬᠡᠷᠡᠭ᠎ᠢ ᠱᠢᠭᠦᠨ ᠲᠠᠰᠤᠯᠬᠤ ᠲᠦᠷᠪᠡᠲᠦᠭᠡᠷ ᠲᠢᠩᠬᠢᠮ᠎ᠤᠨ ᠨᠠᠮ᠎ᠤᠨ ᠡᠭᠦᠷ ᠪᠥᠬᠦᠳᠡ ᠬᠤᠷᠠᠯ ᠬᠤᠷᠠᠯᠳᠤᠭᠤᠯᠵᠤ᠂ ᠬᠥᠮᠦᠵᠢᠯ ᠴᠡᠭ᠌ᠴᠡᠯᠡᠯᠲᠡ᠎ᠶ᠋ᠢᠨ ᠥᠷᠯᠥᠭᠡ᠎ᠶ᠋ᠢᠨ ᠬᠠᠮᠲᠤ᠎ᠶ᠋ᠢᠨ ᠤᠩᠱᠢᠯᠭ᠎ᠠ᠎ᠶ᠋ᠢᠨ ᠰᠤᠷᠤᠯᠴᠠᠯᠭ᠎ᠠ᠎ᠶ᠋ᠢ ᠥᠷᠨᠢᠭᠦᠯᠵᠦ᠍᠂ ᠪᠦᠬᠦ᠌ ᠣᠷᠣᠨ᠎ᠤ ᠱᠢᠭᠦᠬᠦ᠌ ᠬᠤᠷᠢᠶᠠᠨ᠎ᠤ 《ᠬᠤᠶᠠᠳᠤᠭᠠᠷ ᠪᠦᠯᠦᠭ᠎ᠤᠨ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡ᠎ᠶ᠋ᠢᠨ ᠬᠥᠮᠦᠵᠢᠯ ᠴᠡᠭ᠌ᠴᠡᠯᠡᠯᠲᠡ᠎ᠶ᠋ᠢᠨ ᠬᠡᠷᠡᠭ᠌ᠵᠢᠭᠦᠯᠬᠦ᠌ ᠲᠥᠰᠦᠯ》᠂ 《ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶᠠᠨ᠎ᠤ ᠪᠠᠢᠭᠤᠯᠭ᠎ᠠ᠎ᠶ᠋ᠢᠨ ᠡᠩᠨᠡᠭᠡ᠎ᠶ᠋ᠢᠨ ᠬᠥᠮᠦᠵᠢᠯ ᠴᠡᠭ᠌ᠴᠡᠯᠡᠯᠲᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠭᠤᠭ᠍ᠴᠤᠭ᠎ᠠ᠎ᠶ᠋ᠢᠨ ᠬᠤᠯᠪᠣᠭ᠍ᠳᠠᠯ ᠪᠦᠬᠦᠢ ᠠᠵᠢᠯ᠎ᠢ ᠰᠠᠢᠲᠤᠷ ᠬᠢᠬᠦ᠌ ᠲᠤᠬᠠᠢ ᠮᠡᠳᠡᠭ᠌ᠳᠡᠯ》 ᠵᠢᠴᠢ ᠪᠦᠬᠦ᠌ ᠣᠷᠣᠨ᠎ᠤ ᠬᠤᠶᠠᠳᠤᠭᠠᠷ ᠪᠦᠯᠦᠭ᠎ᠤᠨ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡ᠎ᠶ᠋ᠢᠨ ᠬᠥᠮᠦᠵᠢᠯ ᠴᠡᠭ᠌ᠴᠡᠯᠡᠯᠲᠡ᠎ᠶ᠋ᠢᠨ ᠲᠠᠢᠴᠢᠯᠠᠯᠳᠠ ᠪᠠᠢᠷᠢᠯᠠᠭᠤᠯᠤᠯᠲᠠ᠎ᠶ᠋ᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ 〈7 · 1〉 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠬᠤ ᠱᠢᠯᠭᠠᠯᠲᠠ᠎ᠶ᠋ᠢᠨ ᠰᠡᠳᠦᠪ》 ᠤᠨ ᠪᠢᠲᠡᠭᠦᠮᠵᠢᠯᠡᠭ᠌ᠰᠡᠨ ᠱᠢᠯᠭᠠᠯᠲᠠ ᠬᠢᠵᠡᠢ᠃