ᠨᠠᠮᠤᠷ᠎ᠤᠨ ᠰᠡᠷᠢᠬᠦᠨ ᠤᠷᠤᠬᠤ᠎ᠳᠤ ᠪᠡᠶ᠎ᠠ᠎ᠪᠠᠨ ᠶᠠᠭᠠᠬᠢᠵᠤ ᠰᠤᠪᠢᠯᠠᠬᠤ ᠪᠤᠢ
2021-09-27 09:57:46
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠤᠨ᠎ᠤ ᠬᠠᠯᠠᠭᠤᠨ᠎ᠠᠴᠠ ᠪᠤᠯᠵᠤ ᠬᠦᠮᠦᠨ᠎ᠤ ᠪᠡᠶ᠎ᠠ᠎ᠶ᠋ᠢᠨ ᠬᠡᠪ᠎ᠤᠨ ᠠᠵᠢᠯᠯᠠᠭ᠎ᠠ ᠠᠳᠠᠯᠢ ᠪᠤᠰᠤ ᠬᠡᠮᠵᠢᠶᠡᠨ᠎ᠤ ᠬᠤᠪᠢᠷᠠᠯᠳᠠ᠎ᠲᠠᠢ ᠪᠤᠯᠵᠤ᠂ ᠨᠠᠮᠤᠷ᠎ᠤᠨ ᠤᠯᠠᠷᠢᠯ ᠪᠤᠯᠤᠬ᠍ᠰᠠᠭᠠᠷ ᠱᠢᠯᠦᠰᠤᠨ᠎ᠤ ᠱᠦᠬᠦᠷᠡᠯᠳᠡ ᠪᠠᠭᠠᠰᠴᠤ᠌᠂ ᠪᠡᠶ᠎ᠡ᠎ᠶ᠋ᠢᠨ ᠠᠷᠠᠰᠤ ᠬᠠᠭᠤᠷᠡᠢᠱᠢᠬᠤ᠂ ᠬᠠᠮᠠᠷ ᠠᠮᠠ ᠬᠠᠳᠠᠬᠤ᠂ ᠨᠢᠳᠤ ᠤᠯᠡᠢᠵᠤ ᠡᠪᠡᠳᠬᠦ᠂ ᠬᠤᠷᠭᠤᠰᠤ ᠬᠠᠳᠠᠬᠤ ᠵᠡᠷᠭᠡ ᠡᠪᠡᠳᠴᠢᠨ ᠬᠡᠮ ᠠᠮᠠᠷᠬᠠᠨ ᠡᠬᠦᠰᠳᠡᠭ᠂ ᠳᠡᠷᠡᠴᠢᠯᠡᠨ ᠡᠪᠡᠳᠴᠢᠨ᠎ᠢ ᠳᠠᠭᠠᠭᠠᠬᠤ ᠴᠢᠳᠠᠪᠦᠷᠢ᠎ᠨᠢ ᠮᠡᠳᠡᠭ᠌ᠳᠡᠮ᠎ᠠ ᠪᠠᠭᠤᠷᠠᠢ ᠪᠤᠯᠳᠠᠬ ᠳᠤᠯᠠ ᠪᠤᠰᠤᠳ ᠵᠦᠢᠯ᠎ᠤᠨ ᠶᠡᠷᠤ᠎ᠶ᠋ᠢᠨ ᠡᠪᠡᠳᠴᠢᠨ ᠠᠷᠬᠠᠬ ᠪᠤᠶᠤ ᠬᠠᠯᠳᠠᠪᠦᠷᠢᠳᠤ ᠡᠪᠡᠳᠴᠢᠨ ᠬᠢᠵᠢᠭ᠎ᠲᠤ ᠠᠮᠠᠷᠬᠠᠨ ᠨᠡᠷᠪᠡᠭ᠌ᠳᠡᠳᠡᠭ᠃ ᠡᠢᠮᠤ᠎ᠠᠴᠠ ᠨᠠᠮᠤᠷ᠎ᠤᠨ ᠰᠤᠪᠢᠯᠠᠯᠳᠠ᠎ᠳᠤ᠄

(1) ᠬᠡᠳᠤ ᠶᠠᠳᠠᠷᠠᠬᠤ᠂ ᠤᠨᠴᠠᠭᠠᠢᠯᠠᠨ ᠳᠤᠳᠤᠷ ᠳᠠᠮᠢᠷ᠎ᠢᠶᠠᠨ ᠶᠡᠭᠡ ᠪᠠᠷᠠᠬᠤ᠎ᠶ᠋ᠢ ᠰᠡᠷᠭᠡᠢᠯᠡᠵᠤ ᠬᠡᠳᠤ ᠬᠦᠯᠦᠷᠡᠬᠦ᠌ ᠦᠬᠡᠢ ᠪᠠᠢᠬᠤ ᠬᠡᠷᠡᠭ᠌ᠳᠡᠢ;

(2) ᠠᠮᠢᠳᠤᠷᠠᠯ᠎ᠢᠶᠠᠨ ᠵᠢᠮ᠎ᠠ ᠵᠦᠢ᠎ᠲᠠᠢ ᠪᠠᠢᠯᠭᠠᠵᠤ᠂ ᠰᠠᠭᠤᠬᠤ ᠦᠷᠤᠬᠡᠨ᠎ᠳᠡᠭᠡᠨ ᠬᠤᠸᠠᠷ ᠴᠡᠴᠡᠭ ᠳᠡᠵᠢᠬᠡᠵᠤ ᠦᠷᠬᠦᠯᠵᠢ ᠪᠠᠭ᠎ᠠ ᠰᠠᠭ᠎ᠠ ᠤᠰᠤ ᠰᠦᠷᠴᠢᠨ ᠠᠭᠤᠷ ᠠᠮᠢᠰᠭᠤᠯ᠎ᠢᠶᠠᠨ ᠴᠢᠬᠢᠭ᠌ᠯᠢᠭ ᠪᠠᠢᠯᠭᠠᠬᠤ ᠬᠡᠷᠡᠭ᠌ᠳᠡᠢ;

(3) ᠢᠳᠡᠭᠡᠨ ᠤᠮᠳᠠᠭᠠᠨ᠎ᠢᠶᠠᠨ ᠳᠤᠬᠢᠳᠡᠢ ᠳᠤᠬᠢᠷᠠᠭᠤᠯᠵᠤ ᠠᠭᠤᠰᠭᠢ᠂ ᠴᠤᠯᠤ᠎ᠶ᠋ᠢᠨ ᠳᠠᠮᠢᠷ᠎ᠢ ᠰᠠᠢᠵᠢᠷᠠᠭᠤᠯᠬᠤ ᠱᠢᠮ᠎ᠠ ᠳᠡᠵᠢᠬᠡᠯ ᠰᠠᠢᠳᠡᠢ ᠢᠳᠡᠭᠡᠨ ᠳᠤᠬᠠᠢᠯᠠᠪᠠᠯ ᠮᠠᠭᠠᠵᠢ᠂ ᠵᠢᠵᠢᠭ ᠴᠠᠭᠠᠨ  ᠨᠤᠭᠤᠭ᠎ᠠ᠂ ᠯᠤᠤᠪᠠᠨᠭ᠍᠂ ᠠᠯᠢᠮ᠎ᠠ᠂ ᠱᠠᠪᠳᠠᠯ᠎ᠠ᠂ ᠴᠠᠭᠠᠨ ᠳᠡᠯᠳᠡᠤ ᠵᠡᠷᠭᠡ᠎ᠶ᠋ᠢ ᠢᠯᠡᠬᠦᠬᠡᠨ ᠢᠳᠡᠵᠤ ᠪᠠᠢᠪᠠᠯ ᠰᠠᠢᠨ;

(4) ᠨᠠᠮᠤᠷ ᠪᠤᠷᠤᠭᠠᠨ ᠱᠢᠪᠡᠷᠡᠬᠦ᠌ ᠪᠦᠷᠢ ᠳᠡᠭ᠌ᠷᠢ ᠬᠦᠢᠳᠡᠷᠡᠨ᠎ᠠ ᠭᠡᠳᠡᠭ᠂ ᠪᠡᠶ᠎ᠠ ᠡᠷᠡᠬᠦᠯ ᠴᠢᠬᠢᠷᠠᠬ ᠬᠦᠮᠦᠰ᠎ᠲᠤ ᠠᠪᠴᠤ᠌ ᠬᠡᠯᠡᠪᠡᠯ ᠬᠡᠳᠤ ᠡᠷᠳᠡ ᠡᠮᠤᠰᠴᠤ᠌ ᠵᠡᠬᠦᠬᠦ᠌᠎ᠪᠠᠨ ᠵᠤᠵᠠᠭᠠᠯᠠᠬᠤ ᠦᠬᠡᠢ ᠪᠤᠯ ᠵᠤᠬᠢᠨ᠎ᠠ᠃ ᠬᠠᠷᠢᠨ ᠳᠠᠮᠢᠷ᠎ᠤᠨ ᠪᠤᠯᠪᠠᠰᠤᠷᠠᠯ᠎ᠳᠤ ᠢᠯᠡᠬᠦᠬᠡᠨ ᠤᠷᠤᠯᠴᠠᠵᠤ᠂ ᠡᠪᠡᠳᠴᠢᠨ᠎ᠢ ᠳᠠᠭᠠᠭᠠᠬᠤ ᠴᠢᠳᠠᠪᠦᠷᠢ᠎ᠪᠠᠨ ᠳᠡᠭᠡᠭ᠌ᠰᠢᠯᠡᠬᠦᠯᠬᠦ᠌ ᠬᠡᠷᠡᠭ᠌ᠳᠡᠢ᠃ ᠭᠡᠪᠡᠴᠤ᠌ ᠬᠡᠳᠤᠷᠬᠡᠢ ᠨᠢᠮᠬᠡᠨ ᠡᠮᠤᠰᠴᠤ᠌ ᠵᠡᠬᠦᠬᠦ᠌ ᠦᠬᠡᠢ᠃ ᠦᠬᠡᠢ ᠪᠤᠯ ᠦᠶ᠎ᠠ ᠬᠡᠱᠢᠬᠦᠤ᠎ᠶ᠋ᠢᠨ ᠡᠪᠡᠳᠴᠢᠨ᠂ ᠮᠦᠬᠡᠷᠰᠤᠨ ᠬᠤᠭᠤᠯᠠᠢ᠎ᠶ᠋ᠢᠨ ᠦᠷᠪᠢᠰᠤᠯ᠂ ᠱᠢᠩᠭᠡᠭᠡᠯᠳᠡ᠎ᠶ᠋ᠢᠨ ᠵᠠᠮ᠎ᠤᠨ ᠡᠪᠡᠳᠴᠢᠨ ᠵᠡᠷᠭᠡ᠎ᠳᠤ ᠨᠡᠷᠪᠡᠭ᠌ᠳᠡᠳᠡᠭ;

(5) ᠨᠠᠮᠤᠷ᠎ᠤᠨ ᠴᠠᠬ᠎ᠲᠤ ᠬᠠᠯᠠᠭᠤᠨ ᠬᠦᠢᠳᠡᠨ᠎ᠨᠢ ᠳᠤᠬ᠍ᠳᠠᠭᠤᠨ ᠦᠬᠡᠢ ᠳᠤᠯᠠ ᠠᠮᠠᠷᠬᠠᠨ ᠬᠢᠮᠦᠷᠠᠬᠤ ᠨᠠᠰᠤᠳᠡᠢᠴᠤᠳ᠂ ᠬᠡᠤᠬᠡᠳ ᠠᠮᠠᠷᠬᠠᠨ ᠡᠪᠡᠳᠴᠢᠯᠡᠳᠡᠭ ᠪᠤᠶᠤ ᠬᠠᠭᠤᠴᠢᠨ ᠡᠪᠡᠳᠴᠢᠨ ᠬᠡᠮ᠎ᠨᠢ ᠬᠦᠳᠡᠯᠳᠡᠭ᠃ ᠴᠢᠰᠤᠨ ᠳᠠᠷᠤᠯᠳᠠ ᠦᠨᠳᠤᠷ ᠡᠪᠡᠳᠴᠢᠳᠡᠨ ᠨᠠᠮᠤᠷ᠎ᠤᠨ ᠬᠦᠢᠳᠡᠨ᠎ᠳᠤ ᠴᠢᠰᠤᠨ ᠰᠤᠳᠠᠯ᠎ᠨᠢ ᠠᠪᠴᠢᠵᠤ ᠴᠢᠰᠤᠨ ᠳᠠᠷᠤᠯᠳᠠ᠎ᠨᠢ ᠦᠨᠳᠤᠷᠵᠢᠳᠡᠭ ᠳᠤᠯᠠ ᠦᠷᠬᠦᠯᠵᠢ ᠴᠢᠰᠤᠨ ᠳᠠᠷᠤᠯᠳᠠ᠎ᠪᠠᠨ ᠬᠡᠮᠵᠢᠨ ᠡᠮ ᠳᠠᠩ᠎ᠢᠶᠠᠨ ᠳᠠᠰᠤᠯᠳᠠᠭᠤᠯᠤᠯ ᠦᠬᠡᠢ ᠤᠤᠭᠤᠵᠤ᠂ ᠡᠮᠴᠢ᠎ᠪᠠᠷ ᠤᠨᠤᠱᠢᠯᠠᠭᠤᠯᠬᠤ᠎ᠶ᠋ᠢ ᠠᠩᠬᠠᠷᠬᠤ ᠬᠡᠷᠡᠭ᠌ᠳᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号