ᠲᠦᠬᠦᠷᠡᠩ ᠬᠤᠷᠢᠶᠠᠯᠳᠠ᠎ᠶ᠋ᠢᠨ ᠪᠠᠶᠠᠷ ᠨᠠᠮᠤᠷ ᠰᠠᠭᠠᠳᠠᠬᠤ᠎ᠪᠠᠷ ᠬᠦᠬᠡᠬᠤᠳᠠ᠎ᠶ᠋ᠢᠨ ᠰᠠᠢᠬᠠᠨ ᠲᠣᠭᠤᠷᠢᠭ᠎ᠤᠨ ᠮᠣᠩᠭᠤᠯ ᠦᠨᠳᠦᠰᠦᠲᠡᠨ᠎ᠤ ᠬᠡᠦᠬᠡᠳ᠎ᠤᠨ ᠴᠡᠴᠡᠷᠯᠢᠭ᠎ᠤᠨ ᠯᠢᠦ ᠵᠢᠤᠢ ᠨᠢᠦ ᠬᠤᠪᠢᠶᠠᠷᠢ ᠴᠡᠴᠡᠷᠯᠢᠭ᠎ᠤᠨ ᠬᠢᠴᠢᠶᠡᠯ᠎ᠤᠨ ᠭᠠᠳᠠᠨᠠᠬᠢ ᠦᠢᠯᠡᠳᠦᠯᠭᠡ᠎ᠶ᠋ᠢᠨ ᠠᠮᠢ ᠠᠬᠤᠢ᠎ᠶ᠋ᠢᠨ ᠬᠦᠷᠢᠶᠡᠯᠡᠩ᠎ᠳᠠᠬᠢ ᠭᠤᠸ᠎ᠠ ᠵᠢᠮᠢᠰ ᠢᠳᠡᠱᠢᠨ ᠨᠣᠭᠤᠭ᠎ᠠ ᠡᠯᠪᠡᠭ ᠬᠤᠷᠢᠶᠠᠯ᠎ᠠ᠃ ᠬᠡᠦᠬᠡᠳ᠎ᠤᠳ᠎ᠲᠤ ᠬᠥᠳᠡᠯᠮᠦᠷᠢ ᠦᠢᠯᠡᠳᠦᠯᠭᠡ ᠳᠤᠮᠳᠠ ᠲᠠᠷᠢᠶᠠᠯᠠᠬᠤ ᠰᠣᠶᠣᠯ᠎ᠢ ᠣᠢᠯᠠᠭᠠᠭᠤᠯᠵᠤ᠂ ᠬᠠᠷᠠᠬᠠᠨ ᠪᠠᠭ᠎ᠠ᠎ᠠᠴᠠ᠎ᠪᠠᠨ ᠠᠮᠤ ᠪᠤᠳᠠᠭ᠎ᠠ᠎ᠶ᠋ᠢ ᠨᠠᠨᠳᠢᠩᠨᠠᠨ ᠠᠷᠪᠢᠯᠠᠨ ᠭᠠᠮᠨᠠᠬᠤ ᠤᠬᠠᠮᠰᠠᠷ᠎ᠢ ᠬᠦᠮᠦᠵᠢᠬᠦᠯᠬᠦ᠌᠎ᠶ᠋ᠢᠨ ᠲᠦᠯᠦᠬᠡ᠂ 9 ᠰᠠᠷ᠎ᠠ᠎ᠶ᠋ᠢᠨ 22 ᠤᠨ ᠡᠳᠦᠷ᠂ ᠰᠠᠢᠬᠠᠨ ᠲᠣᠭᠤᠷᠢᠭ᠎ᠤᠨ ᠮᠣᠩᠭᠤᠯ ᠦᠨᠳᠦᠰᠦᠲᠡᠨ᠎ᠤ ᠬᠡᠦᠬᠡᠳ᠎ᠤᠨ ᠴᠡᠴᠡᠷᠯᠢᠭ 《ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠪᠠᠶᠠᠷ》 ᠤᠨ ᠡᠳᠦᠷ᠎ᠢ ᠳᠤᠬᠢᠶᠠᠯᠳᠤᠭᠤᠯᠤᠨ ᠯᠢᠦ ᠵᠢᠤᠢ ᠨᠢᠦ ᠬᠤᠪᠢᠶᠠᠷᠢ ᠴᠡᠴᠡᠷᠯᠢᠭᠲᠡᠭᠡᠨ 《ᠡᠯᠪᠡᠭ ᠬᠤᠷᠢᠶᠠᠯᠲᠠ᠎ᠪᠠᠨ ᠪᠡᠯᠭᠡᠯᠡᠵᠦ᠍ ᠠᠴᠢ᠎ᠳᠤ ᠨᠠᠮ᠎ᠳᠠᠭᠠᠨ ᠳᠠᠯᠠᠷᠬᠠᠶ᠎ᠠ》 ᠭᠡᠬᠦ᠌ ᠭᠤᠤᠯ ᠰᠡᠳᠦᠪᠲᠦ ᠠᠩᠬᠠᠳᠤᠭᠠᠷ ᠬᠤᠭᠤᠴᠠᠭᠠᠨ᠎ᠤ ᠡᠯᠪᠡᠭ ᠬᠤᠷᠢᠶᠠᠯᠲᠠ᠎ᠶ᠋ᠢᠨ ᠪᠠᠶᠠᠷ ᠵᠢᠴᠢ ᠬᠥᠳᠡᠯᠮᠦᠷᠢ᠎ᠶ᠋ᠢ ᠪᠡᠶᠡᠴᠢᠯᠡᠨ ᠣᠢᠯᠠᠭᠠᠬᠤ ᠬᠥᠮᠦᠵᠢᠯ᠎ᠤᠨ ᠠᠵᠢᠯᠯᠠᠭ᠎ᠠ ᠥᠷᠨᠢᠭᠦᠯᠪᠡ᠃

《ᠡᠵᠢ ᠡ᠂ ᠪᠢ ᠲᠦᠮᠦᠰᠦ ᠶᠠᠭᠠᠬᠢᠵᠤ ᠤᠷᠭᠤᠬᠤ᠎ᠶ᠋ᠢ ᠮᠡᠳᠡᠭ᠌ᠰᠡᠨ᠃ ᠬᠤᠯᠤᠤᠪᠠᠩᠢ ᠦᠭ᠌ᠳᠡᠬᠡᠵᠦ᠍ ᠠᠪᠬᠤ᠎ᠳᠤ ᠶᠡᠭᠡ ᠬᠦᠴᠢᠷᠳᠡᠢ! ᠪᠢ ᠪᠠᠰᠠ ᠪᠤᠷᠴᠠᠭ᠂ ᠲᠦᠪᠡᠳ ᠬᠠᠰᠢ᠂ ᠬᠠᠯᠠᠭᠤᠨ ᠨᠤᠭᠤᠭ᠎ᠠ ᠳᠡᠬᠦᠭ᠌ᠰᠡᠨ ᠁》 ᠭᠡᠳ ᠬᠦᠬᠡᠷᠦᠬᠦᠨ ᠪᠦᠪᠡᠢ ᠨᠠᠷ ᠦᠬᠡᠷ ᠲᠠᠷᠢᠶᠠᠯᠠᠩ᠎ᠤᠨ ᠲᠠᠯᠠᠪᠠᠢ᠎ᠳᠤ ᠰᠠᠭ᠍ᠰᠤ ᠳᠤᠬᠤᠢ᠍ᠢᠯᠠᠨ ᠨᠤᠭᠤᠭ᠎ᠠ ᠵᠢᠮᠢᠰ ᠳᠡᠬᠦᠬᠡᠳ ᠶᠠᠭᠠᠷᠠᠯᠳᠤᠨ᠎ᠠ᠃ ᠬᠡᠦᠬᠡᠳ ᠳᠡᠬᠦᠭ᠌ᠰᠡᠨ ᠨᠤᠭᠤᠭ᠎ᠠ ᠵᠢᠮᠢᠰ᠎ᠢᠶᠠᠨ ᠴᠡᠴᠡᠷᠯᠢᠭ᠎ᠤᠨ ᠬᠦᠷᠢᠶᠡᠨ᠎ᠳᠤ ᠳᠤᠬᠢᠷᠠᠭᠤᠯᠤᠭ᠍ᠰᠠᠨ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ᠎ᠳᠤ ᠠᠪᠠᠴᠢᠨ ᠬᠤᠳᠠᠯᠳᠤᠵᠤ ᠪᠤᠯᠤᠨ᠎ᠠ᠃ ᠪᠠᠰᠠ ᠳᠤᠰᠭᠠᠢ ᠳᠤᠬᠢᠷᠠᠭᠤᠯᠤᠭ᠍ᠰᠠᠨ ᠱᠢᠷᠠᠮᠠᠯᠤᠨ ᠲᠤᠭᠤᠷᠢᠭ᠎ᠲᠤ ᠬᠦᠷᠴᠦ᠍᠂ ᠲᠡᠭᠦᠵᠦ᠍ ᠠᠪᠠᠴᠢᠭ᠍ᠰᠠᠨ ᠡᠷᠳᠡᠨᠢ ᠱᠢᠰᠢ᠂ ᠨᠤᠭᠤᠭ᠎ᠠ ᠵᠢᠮᠢᠰ᠎ᠢᠶᠠᠨ ᠪᠣᠯᠪᠠᠰᠤᠷᠠᠭᠤᠯᠵᠤ ᠪᠣᠯᠤᠨ᠎ᠠ᠃ ᠲᠠᠷᠢᠶᠠᠯᠠᠩ᠎ᠤᠨ ᠪᠡᠶᠡᠴᠢᠯᠡᠨ ᠣᠢᠯᠠᠭᠠᠬᠤ ᠲᠣᠭᠤᠷᠢᠭ᠎ᠲᠤ᠌᠂ ᠶᠤᠤᠮᠠᠶ᠎ᠶ᠋ᠢᠨ ᠭᠤᠯᠢᠷ ᠲᠡᠭᠡᠷᠮᠡᠳᠡᠬᠦ᠂ ᠪᠤᠷᠴᠠᠭ᠎ᠤᠨ ᠵᠤᠲᠠᠩ ᠬᠢᠬᠦ᠂ ᠡᠷᠳᠡᠨᠢ ᠱᠢᠰᠢ ᠮᠦᠯᠢᠬᠦ᠌ ᠵᠡᠷᠭᠡ ᠪᠡᠶᠡᠴᠢᠯᠡᠨ ᠣᠢᠯᠠᠭᠠᠬᠤ ᠲᠥᠷᠥᠯ ᠵᠦᠢᠯ᠎ᠨᠢ ᠬᠡᠦᠬᠡᠳ᠎ᠤᠨ ᠠᠩᠬᠠᠷᠤᠯ᠎ᠢ ᠲᠠᠲᠠᠵᠤ᠂ ᠳᠤᠷᠱᠢᠵᠤ ᠦᠵᠡᠬᠦ᠌᠎ᠪᠠᠷ ᠪᠤᠯᠢᠶᠠᠯᠳᠤᠨ ᠤᠷᠤᠯᠳᠤᠵᠠᠭᠠᠨᠠ᠃ ᠳᠠᠷᠢᠶᠠᠯᠠᠩ᠎ᠤᠨ ᠳᠤᠭᠤᠷᠢᠭ᠎ᠲᠤ ᠪᠠᠰᠠ ᠡᠯᠳᠡᠪ ᠵᠦᠢᠯ᠎ᠤᠨ ᠬᠠᠳᠠᠭᠠᠮᠠᠯ ᠵᠢᠮᠢᠰ᠂ ᠠᠮᠤ ᠪᠤᠳᠠᠭ᠎ᠠ᠎ᠶ᠋ᠢ ᠳᠡᠯᠬᠡᠨ ᠦᠵᠡᠬᠦᠯᠵᠦ᠍᠂ ᠪᠢᠴᠢᠬᠠᠨ ᠳᠠᠢᠯᠪᠤᠷᠢᠯᠠᠭ᠍ᠴᠢ ᠨᠠᠷ ᠦᠵᠡᠬᠦ᠌᠎ᠪᠠᠷ ᠢᠷᠡᠭ᠌ᠰᠡᠨ ᠪᠢᠴᠢᠬᠠᠨ ᠨᠠᠢᠵᠠ ᠨᠠᠷ᠎ᠲᠤ ᠳᠠᠨᠢᠯᠴᠠᠭᠤᠯᠵᠤ ᠶᠠᠭᠠᠷᠠᠨ᠎ᠠ᠃

ᠰᠠᠢᠬᠠᠨ ᠲᠣᠭᠤᠷᠢᠭ᠎ᠤᠨ ᠮᠣᠩᠭᠤᠯ ᠦᠨᠳᠦᠰᠦᠲᠡᠨ᠎ᠤ ᠬᠡᠦᠬᠡᠳ᠎ᠤᠨ ᠴᠡᠴᠡᠷᠯᠢᠭ᠎ᠨᠢ ᠲᠠᠷᠢᠶᠠᠯᠠᠬᠤ ᠣᠷᠣᠨ᠎ᠳᠠᠬᠢ ᠬᠤᠪᠢᠶᠠᠷᠢ ᠴᠡᠴᠡᠷᠯᠢᠭ᠎ᠤᠨ ᠳᠠᠪᠠᠭᠤᠯᠢᠭ᠎ᠢᠶᠠᠨ ᠠᠱᠢᠭ᠍ᠯᠠᠨ᠂ 《ᠦᠬᠡᠷ ᠠᠮᠢ ᠠᠬᠤᠶ᠎ᠶ᠋ᠢᠨ ᠬᠦᠷᠢᠶᠡᠯᠡᠩ》᠂ 《ᠦᠬᠡᠷ ᠲᠠᠷᠢᠶᠠᠯᠠᠩ᠎ᠤᠨ ᠲᠠᠯᠠᠪᠠᠶ》᠂ 《ᠦᠬᠡᠷ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ》᠂ 《ᠦᠬᠡᠷ ᠵᠢᠮᠢᠰ᠎ᠤᠨ ᠬᠦᠷᠢᠶᠡᠯᠡᠩ》 ᠵᠡᠷᠭᠡ ᠣᠯᠠᠨ ᠠᠵᠢᠯᠯᠠᠭᠠᠨ᠎ᠤ ᠲᠣᠭᠤᠷᠢᠭ ᠪᠠᠢᠭᠤᠯᠵᠤ᠂ ᠴᠡᠴᠡᠷᠯᠢᠭ᠎ᠤᠨ᠎ᠢᠶᠠᠨ ᠰᠤᠷᠭᠠᠨ ᠬᠥᠮᠦᠵᠢᠯ᠎ᠤᠨ ᠦᠢᠯᠡᠳᠦᠯᠭᠡ᠎ᠶ᠋ᠢᠨ ᠰᠠᠭᠤᠷᠢᠨ ᠪᠤᠯᠭᠠᠪᠠ᠃ 《ᠠᠮᠢᠳᠤᠷᠠᠯ ᠪᠣᠯ ᠬᠡᠦᠬᠡᠳ᠎ᠤᠳ᠎ᠤᠨ ᠬᠠᠮᠤᠭ᠎ᠤᠨ ᠰᠠᠢᠨ ᠬᠢᠴᠢᠶᠡᠯ᠎ᠤᠨ ᠲᠠᠩᠬᠢᠮ ᠮᠥᠨ᠃ ᠪᠢᠳᠡ ᠬᠡᠦᠬᠡᠳ᠎ᠤᠨ ᠴᠡᠴᠡᠷᠯᠢᠭ᠎ᠤᠨ ᠰᠤᠷᠭᠠᠨ ᠬᠥᠮᠦᠵᠢᠯ᠎ᠳᠡᠭᠡᠨ ᠭᠤᠸ᠎ᠠ ᠵᠢᠮᠢᠰ᠎ᠤᠨ ᠠᠩᠬᠢᠯᠤᠮ᠎ᠠ ᠦᠨᠦᠷ ᠪᠠᠢᠬᠤ᠎ᠶ᠋ᠢ ᠢᠮᠠᠭ᠍ᠳᠠ ᠪᠠᠷᠢᠮᠲᠠᠯᠠᠭ᠍ᠰᠠᠭᠠᠷ ᠢᠷᠡᠭ᠌ᠰᠡᠨ᠃ ᠪᠢᠳᠡ ᠯᠢᠦ ᠵᠢᠤᠢ ᠨᠢᠤ ᠬᠤᠪᠢᠶᠠᠷᠢ ᠴᠡᠴᠡᠷᠯᠢᠭ᠎ᠤᠨ᠎ᠢᠶᠠᠨ ᠲᠠᠷᠢᠶᠠᠯᠠᠬᠤ ᠣᠷᠣᠨ᠎ᠤ ᠳᠠᠪᠠᠭᠤᠯᠢᠭ᠎ᠢ ᠠᠱᠢᠭ᠍ᠯᠠᠨ᠂ ᠲᠣᠰᠭᠤᠨ᠎ᠤ ᠠᠷᠠᠳ᠎ᠤᠨ ᠵᠥᠪᠯᠡᠯ᠎ᠲᠠᠢ ᠬᠠᠮᠲᠤᠷᠠᠨ ᠠᠮᠢ ᠠᠬᠤᠶ᠎ᠶ᠋ᠢᠨ ᠬᠦᠷᠢᠶᠡᠯᠡᠩ᠎ᠤᠨ ᠲᠠᠷᠢᠮᠠᠯ᠎ᠤᠨ ᠰᠠᠭᠤᠷᠢᠨ ᠭᠠᠷᠭᠠᠵᠤ᠂ ᠬᠢᠴᠢᠶᠡᠯ᠎ᠤᠨ ᠭᠠᠳᠠᠨᠠᠬᠢ ᠦᠢᠯᠡᠳᠦᠯᠭᠡ᠎ᠶ᠋ᠢᠨ ᠬᠢᠴᠢᠶᠡᠯ᠂ ᠡᠴᠢᠭᠡ ᠡᠬᠡ ᠦᠷ᠎ᠡ ᠬᠡᠦᠬᠡᠳ᠎ᠤᠨ ᠬᠤᠷᠱᠢᠯᠴᠠᠬᠤ ᠬᠢᠴᠢᠶᠡᠯ᠎ᠢᠶᠠᠷ ᠳᠠᠮᠵᠢᠭᠤᠯᠤᠨ᠂ ᠬᠡᠦᠬᠡᠳ᠎ᠤᠳ᠎ᠢ ᠳᠠᠷᠢᠶᠠᠨ ᠭᠠᠵᠠᠷ᠎ᠲᠤ ᠠᠪᠠᠴᠢᠵᠤ᠂ ᠲᠠᠷᠢᠶᠠᠴᠢᠳ᠎ᠤᠨ ᠬᠥᠳᠡᠯᠮᠦᠷᠢ᠎ᠶ᠋ᠢᠨ ᠶᠠᠳᠠᠷᠠᠯ ᠵᠦᠳᠡᠷᠡᠯ᠎ᠢ ᠮᠡᠳᠡᠷᠡᠭᠦᠯᠵᠦ᠍᠂ ᠬᠢᠯᠪᠠᠷ ᠪᠤᠰᠤ᠎ᠪᠠᠷ ᠣᠯᠤᠭ᠍ᠰᠠᠨ ᠠᠮᠤ ᠪᠤᠳᠠᠭ᠎ᠠ᠎ᠶ᠋ᠢ ᠠᠷᠪᠢᠯᠠᠵᠤ ᠨᠠᠨᠳᠢᠩᠨᠠᠵᠤ ᠰᠤᠷᠬᠤ᠎ᠶ᠋ᠢ ᠮᠡᠳᠡᠭᠦᠯᠬᠦ᠌᠎ᠶ᠋ᠢᠨ ᠬᠠᠮᠲᠤ ᠬᠡᠦᠬᠡᠳ᠎ᠤᠳ᠎ᠤᠨ ᠬᠦᠴᠢᠷ᠎ᠠᠴᠠ ᠠᠶᠤᠬᠤ ᠥᠭᠡᠢ᠂ ᠪᠦᠯᠬᠦᠮᠳᠡᠨ ᠬᠠᠮᠲᠤᠷᠠᠯᠴᠠᠬᠤ ᠪᠠ ᠬᠠᠷᠢᠯᠴᠠᠨ ᠬᠠᠪᠰᠤᠷᠤᠯᠴᠠᠬᠤ ᠵᠠᠩ ᠴᠢᠨᠠᠷ᠎ᠢ ᠬᠦᠮᠦᠵᠢᠬᠦᠯᠵᠦ᠍ ᠪᠠᠢᠨ᠎ᠠ》 ᠭᠡᠵᠦ᠍ ᠰᠠᠢᠬᠠᠨ ᠲᠣᠭᠤᠷᠢᠭ᠎ᠤᠨ ᠮᠣᠩᠭᠤᠯ ᠦᠨᠳᠦᠰᠦᠲᠡᠨ᠎ᠤ ᠬᠡᠦᠬᠡᠳ᠎ᠤᠨ ᠴᠡᠴᠡᠷᠯᠢᠭ᠎ᠤᠨ ᠵᠠᠬᠢᠷᠤᠯ ᠶᠦᠨ ᠵᠢᠶᠦ᠋ᠨ ᠶᠢᠩ ᠳᠠᠨᠢᠯᠴᠠᠭᠤᠯᠤᠯ᠎ᠠ᠃

