ᠶᠡᠭᠡ ᠳᠡᠭᠡᠲᠦ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠳᠠᠭᠤᠤ ᠬᠥᠭ᠌ᠵᠢᠮ ᠤᠷᠠᠨ ᠵᠢᠷᠤᠭ᠎ᠤᠨ ᠦᠨᠳᠦᠰᠦᠨ ᠪᠣᠯᠪᠠᠰᠤᠷᠠᠯ᠎ᠤᠨ ᠦᠵᠡᠬᠦᠯᠬᠡ ᠶᠠᠪᠤᠭ᠍ᠳᠠᠵᠠᠢ
2021-09-27 10:44:34
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ 2021 ᠣᠨ᠎ᠤ ᠡᠩ᠎ᠤᠨ ᠶᠡᠭᠡ ᠳᠡᠭᠡᠳᠦ ᠰᠤᠷᠭᠠᠭᠤᠯᠢ᠎ᠶ᠋ᠢᠨ ᠳᠠᠭᠤᠤ ᠬᠥᠭ᠌ᠵᠢᠮ᠂ ᠤᠷᠠᠨ ᠵᠢᠷᠤᠭ᠎ᠤᠨ ᠰᠤᠷᠭᠠᠨ ᠬᠥᠮᠦᠵᠢᠯ᠎ᠤᠨ ᠲᠤᠰᠭᠠᠶ ᠮᠡᠷᠭᠡᠵᠢᠯ᠎ᠤᠨ ᠵᠢᠩᠬᠢᠨᠢ ᠠᠩᠭᠢ᠎ᠶ᠋ᠢᠨ ᠰᠣᠷᠣᠭ᠍ᠴᠢ ᠪᠠ ᠪᠠᠭ᠍ᠰᠢ᠎ᠶ᠋ᠢᠨ ᠦᠨᠳᠦᠰᠦᠨ ᠴᠢᠳᠠᠪᠤᠷᠢ᠎ᠶ᠋ᠢᠨ ᠦᠵᠡᠭᠦᠯᠭᠡ᠎ᠶ᠋ᠢᠨ ᠠᠵᠢᠯᠯᠠᠭ᠎ᠠ ᠳᠤᠰ ᠳᠤᠰ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠳᠠᠭᠤᠤ ᠬᠥᠭ᠌ᠵᠢᠮ᠎ᠤᠨ ᠳᠡᠭᠡᠳᠦ ᠰᠤᠷᠭᠠᠭᠤᠯᠢ ᠪᠠ ᠤᠷᠠᠨ ᠵᠢᠷᠤᠭ᠎ᠤᠨ ᠳᠡᠭᠡᠳᠦ ᠰᠤᠷᠭᠠᠭᠤᠯᠢ᠎ᠳᠤ ᠶᠠᠪᠤᠭ᠍ᠳᠠᠵᠤ᠂ ᠥᠪᠡᠷᠲᠡᠭᠡᠨ ᠵᠠᠰᠠᠬᠤ ᠣᠷᠣᠨ᠎ᠤ 11 ᠡᠩ᠎ᠤᠨ ᠶᠡᠭᠡ ᠳᠡᠭᠡᠳᠦ ᠰᠤᠷᠭᠠᠭᠤᠯᠢ᠎ᠶ᠋ᠢᠨ ᠤᠷᠠᠨ ᠵᠢᠷᠤᠭ᠂ ᠳᠠᠭᠤᠤ ᠬᠥᠭ᠌ᠵᠢᠮ᠎ᠤᠨ ᠰᠤᠷᠭᠠᠨ ᠬᠥᠮᠦᠵᠢᠯ᠎ᠤᠨ ᠲᠤᠰᠭᠠᠶ ᠮᠡᠷᠭᠡᠵᠢᠯ᠎ᠤᠨ ᠪᠠᠭ᠍ᠰᠢ ᠪᠠ ᠰᠣᠷᠣᠭ᠍ᠴᠢ 150 ᠱᠢᠬᠠᠮ ᠬᠥᠮᠦᠨ ᠣᠷᠣᠯᠴᠠᠵᠠᠶ᠃

ᠳᠤᠰ ᠠᠵᠢᠯᠯᠠᠭ᠎ᠠ᠎ᠶ᠋ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠎ᠠᠴᠠ ᠭᠤᠤᠯᠯᠠᠨ ᠡᠷᠭᠢᠯᠡᠵᠦ᠍᠂ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠪᠡ᠃ ᠲᠣᠰ ᠤᠳᠠᠭᠠᠨ᠎ᠤ ᠦᠵᠡᠭᠦᠯᠭᠡ᠎ᠶ᠋ᠢᠨ ᠠᠵᠢᠯᠯᠠᠭ᠎ᠠ᠎ᠨᠢ ᠵᠢᠭᠠᠨ ᠰᠤᠷᠭᠠᠯᠲᠠ᠎ᠶ᠋ᠢᠨ ᠦᠵᠡᠭᠦᠯᠭᠡ᠎ᠶ᠋ᠢᠨ ᠲᠣᠭᠤᠷᠢᠨ᠎ᠳᠤ (ᠪᠢᠴᠢᠯ ᠬᠢᠴᠢᠶᠡᠯ)᠂ ᠲᠤᠰᠭᠠᠶ ᠮᠡᠷᠭᠡᠵᠢᠯ᠎ᠤᠨ ᠴᠢᠳᠠᠪᠤᠷᠢ᠂ ᠨᠡᠢᠭᠡᠮ᠎ᠤᠨ ᠦᠢᠯᠡᠳᠦᠯᠭᠡ ᠵᠡᠷᠭᠡ ᠣᠯᠠᠨ ᠲᠥᠷᠥᠯ ᠵᠦᠢᠯ᠎ᠢ ᠥᠷᠨᠢᠭᠦᠯᠵᠦ᠍᠂ ᠪᠠᠰᠠ ᠣᠷᠣᠨ᠎ᠤ ᠳᠣᠲᠣᠨ᠎ᠠ ᠭᠠᠳᠠᠨᠠᠬᠢ ᠲᠤᠰᠭᠠᠶ ᠮᠡᠷᠭᠡᠵᠢᠯᠲᠡᠨ᠎ᠢᠶᠠᠷ ᠲᠠᠢᠯᠤᠮᠵᠢ ᠬᠢᠯᠬᠡᠵᠦ᠍᠂ ᠥᠪᠡᠷᠲᠡᠭᠡᠨ ᠵᠠᠰᠠᠬᠤ ᠣᠷᠣᠨ᠎ᠤ ᠡᠩ᠎ᠤᠨ ᠶᠡᠭᠡ ᠳᠡᠭᠡᠳᠦ ᠰᠤᠷᠭᠠᠭᠤᠯᠢ᠎ᠶ᠋ᠢᠨ ᠳᠠᠭᠤᠤ ᠬᠥᠭ᠌ᠵᠢᠮ᠂ ᠤᠷᠠᠨ ᠵᠢᠷᠤᠭ᠎ᠤᠨ ᠰᠤᠷᠭᠠᠨ ᠬᠥᠮᠦᠵᠢᠯ᠎ᠤᠨ ᠥᠭᠡᠷᠡᠴᠢᠯᠡᠯᠲᠡ ᠪᠠ ᠬᠥᠭ᠌ᠵᠢᠯᠲᠡ᠎ᠶ᠋ᠢᠨ ᠳᠤᠬᠠᠢ ᠰᠤᠳᠤᠯᠤᠨ ᠶᠠᠷᠢᠯᠴᠠᠪᠠ᠃ ᠳᠤᠰ ᠠᠵᠢᠯᠯᠠᠭ᠎ᠠ᠎ᠨᠢ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠵᠤ᠂ ᠡᠩ᠎ᠤᠨ ᠶᠡᠭᠡ ᠳᠡᠭᠡᠳᠦ ᠰᠤᠷᠭᠠᠭᠤᠯᠢ᠎ᠶ᠋ᠢᠨ ᠳᠠᠭᠤᠤ ᠬᠥᠭ᠌ᠵᠢᠮ᠂ ᠤᠷᠠᠨ ᠵᠢᠷᠤᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ ᠬᠥᠭ᠌ᠵᠢᠯᠲᠡ᠂ ᠴᠢᠳᠠᠪᠤᠷᠢᠲᠠᠨ᠎ᠢ ᠬᠥᠮᠦᠵᠢᠭᠦᠯᠬᠦ᠌ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠥᠪᠡᠷᠲᠡᠭᠡᠨ ᠵᠠᠰᠠᠬᠤ ᠣᠷᠣᠨ᠎ᠤ ᠭᠤᠸ᠎ᠠ ᠰᠠᠢᠬᠠᠨ᠎ᠤ ᠬᠥᠮᠦᠵᠢᠯ᠎ᠤᠨ ᠠᠵᠢᠯ᠎ᠤᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ᠌᠎ᠶ᠋ᠢ ᠵᠤᠷᠢᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号