ᠮᠠᠨ᠎ᠤ ᠤᠷᠤᠨ᠎ᠤ ᠡᠯ᠎ᠡ ᠭᠠᠵᠠᠷ᠎ᠤᠨ᠎ᠬᠢᠨ ᠳᠥᠷᠪᠡᠳᠡᠬᠢ 《ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠪᠠᠶᠠᠷ》 ᠎ᠢ ᠪᠡᠯᠭᠡᠯᠡᠪᠡ
2021-09-27 09:21:00
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠡᠳᠤᠷ᠎ᠤᠳ᠎ᠲᠤ ᠪᠦᠬᠦ᠌ ᠤᠷᠤᠨ᠎ᠤ ᠡᠯ᠎ᠡ ᠭᠠᠵᠠᠷ᠎ᠤᠨ᠎ᠬᠢᠨ ᠳᠥᠷᠪᠡᠳᠡᠬᠢ 《ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠪᠠᠶᠠᠷ》 ᠎ᠢ ᠪᠡᠯᠬᠡᠯᠡᠬᠦ᠌ ᠲᠤᠭᠤᠷᠢᠨ᠎ᠳᠤ ᠪᠠᠶᠠᠯᠢᠭ ᠠᠭᠤᠯᠭ᠎ᠠ᠎ᠲᠠᠢ ᠤᠯᠠᠨ ᠠᠵᠢᠯᠯᠠᠭ᠎ᠠ ᠥᠷᠨᠢᠭᠦᠯᠬᠦ᠌᠎ᠪᠠᠷ ᠳᠠᠮᠵᠢᠨ ᠦᠷᠬᠡᠨ ᠤᠯᠠᠨ ᠮᠠᠯᠴᠢᠨ ᠲᠠᠷᠢᠶᠠᠴᠢᠨ ᠪᠤᠯᠤᠨ 《ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ》 ᠎ᠤ ᠠᠵᠢᠯ᠎ᠤᠨ ᠹᠷᠤᠨᠲ᠎ᠲᠠᠬᠢ ᠺᠠᠳ᠋ᠷ ᠠᠵᠢᠯᠳᠠᠨ᠎ᠳᠤ ᠪᠠᠶᠠᠷ᠎ᠤᠨ ᠡᠳᠤᠷ᠎ᠤᠨ ᠮᠡᠨᠳᠤᠴᠢᠯᠡᠯ ᠳᠡᠪᠱᠢᠭᠦᠯᠵᠤ᠂ ᠡᠯᠪᠡᠭ ᠬᠤᠷᠢᠶᠠᠯᠲᠠ᠎ᠪᠠᠨ ᠮᠠᠭ᠍ᠲᠠᠨ ᠳᠠᠭᠤᠯᠠᠭ᠍ᠰᠠᠨ ᠪᠠᠢᠨ᠎ᠠ᠃

2021 ᠣᠨ᠎ᠤ ᠥᠪᠡᠷᠲᠡᠭᠡᠨ ᠵᠠᠰᠠᠬᠤ ᠣᠷᠣᠨ᠎ᠤ 《ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠪᠠᠶᠠᠷ》 ᠎ᠢ ᠪᠡᠯᠭᠡᠯᠡᠬᠦ᠌ ᠭᠤᠣᠯ ᠬᠤᠷᠠᠯ᠎ᠤᠨ ᠲᠠᠯᠠᠪᠠᠢ᠎ᠶ᠋ᠢᠨ ᠠᠵᠢᠯᠯᠠᠭ᠎ᠠ ᠵᠠᠯᠠᠢᠳ ᠬᠤᠱᠢᠭᠤᠨ᠎ᠤ ᠬᠤᠯᠪᠤᠭ᠎ᠠ ᠪᠠᠯᠭᠠᠰᠤᠨ᠎ᠤ ᠡᠦ ᠳ᠋ᠤᠤ ᠾᠧ ᠽᠢ ᠲᠣᠰᠭᠤᠨ᠎ᠳᠤ ᠦᠪᠡᠳᠡᠭ᠌ᠰᠢ ᠶᠡᠭᠡ᠎ᠪᠠᠷ ᠶᠠᠪᠤᠭ᠍ᠳᠠᠵᠠᠢ᠃ ᠪᠡᠯᠭᠡᠯᠡᠭᠦ᠌ ᠠᠵᠢᠯᠯᠠᠭ᠎ᠠ᠎ᠨᠢ 《ᠡᠯᠪᠡᠭ ᠬᠤᠷᠢᠶᠠᠯᠲᠠ᠎ᠶ᠋ᠢ ᠪᠡᠯᠭᠡᠯᠡᠵᠦ᠍ ᠨᠠᠮ᠎ᠤᠨ ᠠᠴᠢ᠎ᠶ᠋ᠢ ᠦᠯᠦ᠍ ᠮᠠᠷᠳᠠᠨ ᠨᠠᠮ᠎ᠢᠶᠠᠨ ᠲᠠᠭᠠᠨ᠎ᠠ》 ᠬᠡᠬᠦ᠌ ᠭᠤᠣᠯ ᠰᠡᠳᠦᠪ᠎ᠤᠨ ᠳᠤᠭᠤᠷᠢᠨ᠎ᠳᠤ ᠤᠷᠠᠨ ᠰᠠᠢᠬᠠᠨ᠎ᠤ ᠳᠤᠭ᠍ᠯᠠᠯᠳᠠ᠂ ᠳᠤᠳᠤᠷᠭ᠎ᠠ ᠬᠠᠳᠤᠬᠤ ᠮᠡᠳᠤ᠎ᠶ᠋ᠢᠨ ᠰᠤᠨᠢᠷᠬᠠᠯᠳᠤ ᠤᠷᠤᠯᠳᠤᠭᠠᠨ ᠪᠤᠯᠤᠨ ᠳᠠᠷᠢᠶᠠᠯᠠᠩ᠎ᠤᠨ ᠪᠦᠳᠦᠭᠡᠭ᠌ᠳᠡᠭᠦᠨ᠎ᠤ ᠳᠡᠯᠭᠡᠨ ᠦᠵᠡᠭᠦᠯᠭᠡ ᠵᠡᠷᠭᠡ 10 ᠭᠠᠷᠤᠢ ᠵᠦᠢᠯ᠎ᠤᠨ ᠬᠦᠳᠡᠯᠭᠡᠭᠡᠨ ᠦᠷᠨᠢᠭᠦᠯᠵᠤ᠂ ᠤᠷᠤᠨ ᠨᠤᠳᠤᠭ᠎ᠤᠨ ᠦᠪᠡᠷᠮᠢᠴᠡ ᠤᠨᠴᠠᠯᠢᠭ᠎ᠢ ᠬᠠᠷᠠᠭᠤᠯᠤᠨ ᠡᠯᠪᠡᠭ ᠬᠤᠷᠢᠶᠠᠯᠳᠠ᠎ᠶ᠋ᠢᠨ ᠪᠠᠶᠠᠷ ᠪᠠᠭ᠍ᠠᠳᠤᠯ᠎ᠢᠶᠠᠨ ᠢᠯᠡᠳᠭᠡᠵᠦ᠍᠂ ᠬᠥᠳᠡᠯᠮᠦᠷᠢ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠨ ᠪᠠᠶᠠᠰᠤᠯᠴᠠᠯ᠎ᠠ᠃

ᠬᠥᠬᠡᠬᠤᠲᠠ 《ᠡᠯᠪᠡᠭ ᠬᠤᠷᠢᠶᠠᠯᠲᠠ᠎ᠶ᠋ᠢ ᠪᠡᠯᠭᠡᠯᠡᠵᠦ᠍ ᠨᠠᠮ᠎ᠤᠨ ᠠᠴᠢ᠎ᠳᠤ ᠳᠠᠯᠠᠷᠬᠠᠬᠤ》 ᠭᠤᠣᠯ ᠰᠡᠳᠦᠪᠳᠤ ᠦᠴᠤᠸᠠᠨ ᠱᠢᠶᠠᠨ᠎ᠤ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠪᠠᠶᠠᠷ · ᠶᠠᠨ ᠭᠦ᠋ ᠹᠠᠩ ᠳᠣᠯᠣᠳᠤᠭᠠᠷ ᠬᠤᠭᠤᠴᠠᠭᠠᠨ᠎ᠤ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠪᠠᠶᠠᠷ ᠵᠢᠴᠢ ᠶᠢᠰᠦᠳᠦᠭᠡᠷ ᠬᠤᠭᠤᠴᠠᠭᠠᠨ᠎ᠤ ᠦᠴᠤᠸᠠᠨ᠎ᠤ ᠨᠣᠬᠠᠶ᠎ᠶ᠋ᠢᠨ ᠬᠤᠱᠢᠭᠤ᠎ᠶ᠋ᠢᠨ ᠰᠣᠶᠣᠯ᠎ᠤᠨ ᠨᠠᠢᠷ ᠬᠢᠵᠠᠢ᠃ ᠨᠠᠢᠷ ᠲᠠᠬᠡᠷ᠎ᠠ ᠰᠦᠨ ᠹᠦ᠋ ᠵᠡᠷᠭᠡ 10 ᠱᠢᠯᠢᠳᠡᠭ ᠲᠠᠷᠢᠶᠠᠯᠠᠬᠤ ᠡᠷᠦᠬᠡ᠎ᠳᠤ ᠢᠷᠠᠭᠤ ᠠᠯᠳᠠᠷ᠎ᠤᠨ ᠦᠨᠡᠮᠯᠡᠯ ᠣᠯᠭᠤᠭ᠍ᠰᠠᠨ ᠪᠠᠢᠨ᠎ᠠ᠃

ᠪᠠᠶᠠᠨᠨᠠᠭᠤᠷ ᠬᠤᠳᠠ᠎ᠶ᠋ᠢᠨ᠎ᠬᠢᠨ ᠯᠢᠨ ᠡᡁᠧ ᠲᠣᠭᠤᠷᠢᠭ᠎ᠲᠤ 2021 ᠣᠨ᠎ᠤ ᠪᠠᠶᠠᠨᠨᠠᠭᠤᠷ ᠬᠤᠳᠠ (ᠯᠢᠨ ᠾᠧ) ᠎ᠶ᠋ᠢᠨ 《ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠪᠠᠶᠠᠷ》 ᠵᠢᠴᠢ ᠬᠠᠳᠤᠨ ᠭᠤᠣᠯ᠎ᠤᠨ 《几》 ᠬᠡᠯᠪᠡᠷᠢᠳᠦ ᠠᠮᠢ ᠠᠬᠤᠢ᠎ᠶ᠋ᠢᠨ ᠰᠣᠶᠣᠯ ᠵᠢᠭᠤᠯᠴᠢᠯᠠᠯ᠎ᠤᠨ ᠤᠯᠠᠷᠢᠯ᠎ᠤᠨ ᠠᠵᠢᠯᠯᠠᠭ᠎ᠠ ᠶᠠᠪᠤᠭ᠍ᠳᠠᠭᠤᠯᠵᠤ᠂ ᠦᠶᠤᠸᠠᠨ ᠱᠢᠶᠠᠨ᠂ ᠤᠷᠠᠳ᠎ᠤᠨ ᠬᠤᠢᠲᠤ ᠬᠤᠱᠢᠭᠤ ᠵᠡᠷᠭᠡ ᠡᠯ᠎ᠡ ᠬᠤᠱᠢᠭᠤ ᠱᠢᠶᠠᠨ᠎ᠤ᠎ᠬᠢᠨ ᠪᠠᠰᠠ ᠥᠪᠡᠷᠮᠢᠴᠡ ᠣᠨᠴᠠᠯᠢᠭ᠎ᠲᠠᠢ ᠪᠡᠯᠭᠡᠯᠡᠬᠦ᠌ ᠠᠵᠢᠯᠯᠠᠭ᠎ᠠ ᠥᠷᠨᠢᠭᠦᠯᠵᠦ᠍᠂ ᠪᠣᠷᠣᠲᠣᠬᠤᠶ᠎ᠶ᠋ᠢᠨ ᠭᠠᠵᠠᠷ ᠪᠣᠯᠭᠠᠨ᠎ᠳᠤ ᠡᠯᠪᠡᠭ ᠬᠤᠷᠢᠶᠠᠯᠲᠠ᠎ᠶ᠋ᠢᠨ ᠪᠠᠶᠠᠷ ᠪᠠᠭ᠍ᠠᠳᠤᠯ᠎ᠢᠶᠠᠷ ᠪᠢᠯᠬᠠᠯ᠎ᠠ᠃

ᠤᠯᠠᠭᠠᠨᠬᠠᠳᠠ ᠬᠤᠳᠠ ᠨᠠᠢ᠍ᠮᠠᠳᠤᠭᠠᠷ ᠬᠤᠭᠤᠴᠠᠭᠠᠨ᠎ᠤ ᠳᠡᠯᠡᠬᠡᠢ᠎ᠶ᠋ᠢᠨ ᠨᠠᠷᠢᠮᠤ᠎ᠶ᠋ᠢᠨ ᠡᠭᠦᠰᠦᠯ ᠪᠠ ᠬᠥᠭ᠌ᠵᠢᠯᠲᠡ᠎ᠶ᠋ᠢᠨ ᠬᠤᠷᠠᠯ᠎ᠢ ᠠᠤᠬᠠᠨ ᠬᠤᠱᠢᠭᠤᠨ᠎ᠳᠤ ᠡᠷᠬᠢᠯᠡᠨ ᠬᠤᠷᠠᠯᠳᠤᠭᠤᠯᠵᠤ᠂ ᠤᠯᠤᠰ᠎ᠤᠨ ᠳᠣᠲᠣᠭᠠᠳᠤ᠎ᠶ᠋ᠢᠨ ᠬᠠᠮᠢᠶ᠎ᠠ ᠪᠥᠬᠦᠶ ᠬᠦᠷᠢᠶ᠎ᠡ ᠴᠠᠷᠠᠭᠠᠨ᠎ᠤ ᠲᠤᠰᠭᠠᠶ ᠮᠡᠷᠭᠡᠵᠢᠯᠲᠡᠨ ᠡᠷᠳᠡᠮᠲᠡᠳ ᠠᠤᠬᠠᠨ᠎ᠤ ᠨᠠᠷᠢᠮᠤ᠎ᠶ᠋ᠢᠨ ᠬᠥᠭ᠌ᠵᠢᠯᠲᠡ᠎ᠶ᠋ᠢᠨ ᠠᠷᠭ᠎ᠠ ᠪᠣᠳᠣᠯᠭ᠎ᠠ᠎ᠶ᠋ᠢ ᠰᠤᠳᠤᠯᠤᠨ ᠶᠠᠷᠢᠯᠴᠠᠵᠤ᠂ ᠠᠤᠬᠠᠨ ᠨᠠᠷᠢᠮᠤ᠎ᠶ᠋ᠢᠨ ᠨᠠᠷᠠᠲᠤ ᠲᠦᠷᠦᠯ ᠲᠡᠮᠳᠡᠭ᠎ᠢ ᠱᠤᠭᠤᠬᠤ ᠪᠠ ᠠᠵᠤ ᠦᠢᠯᠡᠰ᠎ᠢ ᠲᠠᠰ ᠳᠡᠪᠱᠢᠬᠦᠯᠬᠦ᠌ ᠠᠷᠭ᠎ᠠ ᠬᠡᠮᠵᠢᠶ᠎ᠠ᠎ᠶ᠋ᠢ ᠰᠦᠪᠡᠭ᠌ᠴᠢᠯᠡᠨ ᠶᠠᠷᠢᠯᠴᠠᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠭ᠍ᠰᠠᠨ ᠪᠠᠢᠨ᠎ᠠ᠃ ᠬᠤᠷᠠᠯ ᠳᠡᠭᠡᠷ᠎ᠡ ᠠᠤᠬᠠᠨ ᠨᠠᠷᠢᠮᠤ᠎ᠶ᠋ᠢᠨ ᠪᠦᠯᠦᠭ᠌ᠯᠡᠯ ᠺᠣᠮᠫᠠᠨᠢ ᠵᠢᠩᠬᠢᠨᠢ᠎ᠪᠠᠷ ᠪᠠᠢᠭᠤᠯᠤᠭ᠍ᠳᠠᠵᠠᠢ᠃

ᠲᠦᠩᠯᠢᠶᠣᠤ ᠬᠤᠲᠠ᠎ᠶ᠋ᠢᠨ᠎ᠬᠢᠨ 《ᠨᠠᠮ᠎ᠢᠶᠠᠨ ᠡᠭᠦᠷᠢᠳᠡ ᠳᠠᠭᠠᠨ᠎ᠠ》 — ᠳᠥᠷᠪᠡᠳᠦᠭᠡᠷ ᠬᠤᠭᠤᠴᠠᠭᠠᠨ᠎ᠤ ᠲᠦᠩᠯᠢᠶᠣᠤ ᠬᠤᠲᠠ᠎ᠶ᠋ᠢᠨ ᠮᠠᠯᠴᠢᠨ ᠲᠠᠷᠢᠶᠠᠴᠢᠨ᠎ᠤ ᠤᠷᠠᠨ ᠰᠠᠢᠬᠠᠨ᠎ᠤ ᠲᠣᠭ᠍ᠯᠠᠯᠲᠠ᠎ᠶ᠋ᠢᠨ ᠰᠦᠯᠵᠢᠶᠡᠨ᠎ᠤ ᠦᠵᠡᠭᠦᠯᠭᠡ ᠡᠷᠬᠢᠯᠡᠵᠦ᠍ ᠡᠯ᠎ᠡ ᠬᠤᠱᠢᠭᠤ ᠱᠢᠶᠠᠨ ᠬᠤᠲᠠ ᠲᠣᠭᠤᠷᠢᠭ᠎ᠤᠨ ᠮᠠᠯᠴᠢᠨ ᠲᠠᠷᠢᠶᠠᠴᠢᠨ ᠥᠪᠡᠷ᠎ᠢᠶᠠᠨ ᠨᠠᠢᠷᠠᠭᠤᠯᠵᠤ ᠥᠪᠡᠷ᠎ᠢᠶᠠᠨ ᠤᠳᠤᠷᠢᠳᠤᠭᠠᠯᠠᠵᠤ ᠥᠪᠡᠷ᠎ᠢᠶᠠᠨ ᠳᠤᠭ᠍ᠯᠠᠭ᠍ᠰᠠᠨ ᠭᠤᠢᠳᠠ ᠰᠠᠢᠬᠠᠨ ᠤᠷᠠᠨ ᠰᠠᠢᠬᠠᠨ᠎ᠤ ᠲᠣᠭ᠍ᠯᠠᠯᠲᠠ᠎ᠪᠠᠨ ᠭᠠᠷᠭᠠᠭ᠍ᠰᠠᠨ ᠪᠠᠢᠨ᠎ᠠ ᠁

ᠪᠦᠬᠦ᠌ ᠤᠷᠤᠨ᠎ᠤ ᠡᠯ᠎ᠠ ᠭᠠᠵᠠᠷ᠎ᠤᠨ᠎ᠬᠢᠨ ᠡᠢᠨ ᠬᠦ᠌ ᠤᠷᠠᠨ ᠰᠠᠢᠬᠠᠨ᠎ᠤ ᠲᠣᠭ᠍ᠯᠠᠯᠲᠠ᠂ ᠱᠢᠯᠭᠠᠷᠠᠭᠤᠯᠤᠨ ᠬᠥᠬᠢᠭᠦᠯᠬᠦ᠌ ᠠᠵᠢᠯᠯᠠᠭ᠎ᠠ᠂ ᠣᠨᠴᠠ ᠭᠠᠷᠤᠯᠲᠠ᠎ᠶ᠋ᠢᠨ ᠳᠡᠯᠭᠡᠨ ᠪᠣᠷᠣᠯᠠᠭᠤᠯᠭ᠎ᠠ᠂ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠢ ᠱᠢᠯᠭᠠᠨ ᠦᠵᠡᠬᠦ᠌ ᠵᠡᠷᠭᠡ᠎ᠶ᠋ᠢ ᠪᠠᠭ᠍ᠲᠠᠭᠠᠭ᠍ᠰᠠᠨ 10 ᠭᠠᠷᠤᠶ ᠵᠦᠢᠯ᠎ᠤᠨ ᠪᠠᠶᠠᠯᠢᠭ ᠰᠠᠢᠬᠠᠨ ᠪᠠᠶᠠᠷ ᠳᠤᠷᠠᠰᠭᠠᠯ᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠦ᠍᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠶᠡᠯᠡᠭᠦᠯᠦᠭ᠌ᠰᠡᠨ ᠠᠭᠤᠤ ᠶᠡᠭᠡ ᠠᠮᠵᠢᠯᠲᠠ ᠪᠦᠲᠦᠮᠵᠢ᠎ᠶ᠋ᠢ ᠭᠦᠢᠴᠡᠳ ᠬᠠᠷᠠᠭᠤᠯᠵᠤ᠂ 《ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠪᠠᠶᠠᠷ》 ᠎ᠢ ᠬᠠᠮᠳᠤ᠎ᠪᠠᠷ ᠪᠡᠯᠬᠡᠯᠡᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号