ᠮᠠᠨ᠎ᠤ ᠤᠷᠤᠨ᠎ᠤ ᠨᠢᠭᠡᠨ ᠨᠡ ᠵᠢᠳᠡᠯᠢᠭ ᠭᠡᠷᠡᠭ ᠪᠦᠬᠦ᠌ ᠤᠯᠤᠰ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠨᠡᠢᠲᠡᠯᠢᠭ ᠬᠡᠷᠡᠭ᠎ᠤᠨ ᠵᠢᠱ᠌ᠢᠶ᠎ᠡ᠎ᠪᠠᠷ ᠰᠤᠩᠭᠤᠬ᠍ᠳᠠᠪᠠ
2021-09-28 10:33:44
ᠵᠣᠬᠢᠶᠠᠭ᠍ᠴᠢ᠄
​ ᠱᠢᠨᠡᠪᠢᠯᠢᠭ
ᠣᠩᠱᠢᠭ᠍ᠰᠠᠨ ᠣᠳᠠᠭ᠎ᠠ᠄
★★★☆☆

ᠤᠷᠴᠢᠮᠬᠠᠨ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠪᠡ᠃ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠪᠠᠢᠴᠠᠭᠠᠬᠤ ᠬᠤᠷᠢᠶ᠎ᠠ᠎ᠶ᠋ᠢᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠬᠢᠨᠠᠨ ᠬᠠᠮᠢᠶᠠᠷᠬᠤ ᠲᠤᠱᠢᠶᠠᠯ ᠬᠠᠷᠢᠭᠤᠴᠠᠯᠭ᠎ᠠ᠎ᠪᠠᠨ ᠬᠦᠢᠴᠡᠳᠭᠡᠬᠦ᠌᠎ᠶ᠋ᠢ ᠱᠠᠯᠠᠪᠳᠠᠭᠤᠯᠤᠬ᠍ᠰᠠᠨ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠭᠠᠯᠳᠤᠯᠭ᠎ᠠ᠎ᠶ᠋ᠢᠨ ᠬᠡᠷᠡᠭ ᠰᠤᠩᠭᠤᠬ᠍ᠳᠠᠪᠠ᠃

2010 ᠣᠨ᠎ᠠᠴᠠ ᠡᠬᠢᠯᠡᠨ᠂ ᠬᠥᠬᠡᠬᠤᠲᠠ᠎ᠶ᠋ᠢᠨ ᠢᠤ ᠵᠢᠴᠢᠤᠸᠠᠨ ᠲᠣᠭᠤᠷᠢᠭ᠎ᠤᠨ ᠡᠷᠢᠨ ᠵᠠᠭᠤᠨ᠎ᠤ ᠠᠷᠪᠠ ᠶᠢᠰᠦᠳᠦᠭᠡᠷ ᠵᠠᠮ᠎ᠤᠨ ᠬᠤᠶᠠᠷ ᠬᠠᠵᠠᠭᠤ᠎ᠪᠠᠷ ᠣᠷᠳᠣ ᠬᠤᠭᠤᠴᠠᠭ᠎ᠠ᠎ᠪᠠᠷ ᠶᠡᠭᠡ ᠬᠡᠮᠵᠢᠶᠡᠨ᠎ᠤ ᠪᠠᠷᠢᠯᠭ᠎ᠠ᠎ᠶ᠋ᠢᠨ ᠬᠤᠭ ᠨᠣᠪᠰᠢ ᠤᠪᠤᠭᠠᠷᠠᠵᠤ᠂ ᠲᠣᠰ ᠭᠠᠵᠠᠷ᠎ᠢ 2015 ᠣᠨ᠎ᠳᠤ ᠬᠤᠲᠠ᠎ᠶ᠋ᠢᠨ ᠲᠣᠭᠤᠷᠢᠭ᠎ᠤᠨ ᠬᠡᠪᠴᠢᠶᠡᠨ᠎ᠳᠤ ᠤᠷᠤᠭᠤᠯᠵᠤ᠂ ᠡᠷᠭᠢᠨ ᠲᠣᠭᠤᠷᠢᠨ᠎ᠤ ᠣᠷᠴᠢᠨ ᠲᠣᠭᠤᠷᠢᠨ᠎ᠢ ᠬᠦᠨᠳᠦ ᠨᠣᠴᠢᠲᠠᠶ ᠪᠤᠬᠢᠷᠳᠤᠭᠤᠯᠪᠠ᠃ 2018 ᠣᠨ᠎ᠳᠤ᠂ ᠬᠥᠬᠡᠬᠤᠲᠠ᠎ᠶ᠋ᠢᠨ ᠪᠠᠢᠴᠠᠭᠠᠬᠤ ᠬᠤᠷᠢᠶ᠎ᠠ ᠬᠡᠷᠡᠭ ᠪᠣᠯᠭᠠᠨ ᠳᠡᠩᠰᠡᠯᠡᠪᠡ᠃

2018 ᠤᠨ᠎ᠤ 10 ᠰᠠᠷ᠎ᠠ᠎ᠶ᠋ᠢᠨ 18 ᠎ᠤ ᠡᠳᠦᠷ᠂ ᠬᠥᠬᠡᠬᠤᠲᠠ᠎ᠶ᠋ᠢᠨ ᠪᠠᠢᠴᠠᠭᠠᠬᠤ ᠬᠤᠷᠢᠶ᠎ᠠ ᠬᠥᠬᠡᠬᠤᠲᠠ᠎ᠶ᠋ᠢᠨ ᠬᠤᠲᠠ᠎ᠶ᠋ᠢᠨ ᠬᠠᠮᠢᠶᠠᠷᠤᠯᠲᠠ᠎ᠶ᠋ᠢᠨ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠬᠦ᠌ ᠲᠣᠪᠴᠢᠶ᠎ᠠ᠎ᠳᠤ ᠵᠠᠭᠠᠯᠳᠤᠬᠤ᠎ᠠᠴᠠ ᠡᠮᠦᠨᠡᠬᠢ ᠪᠠᠢᠴᠠᠭᠠᠬᠤ ᠰᠠᠨᠠᠭᠤᠯᠭ᠎ᠠ ᠭᠠᠷᠭᠠᠵᠤ᠂ ᠲᠣᠰ ᠲᠣᠪᠴᠢᠶ᠎ᠠ᠎ᠳᠤ ᠲᠤᠱᠢᠶᠠᠯ ᠬᠠᠷᠢᠭᠤᠴᠠᠯᠭ᠎ᠠ᠎ᠪᠠᠨ ᠪᠥᠬᠦ᠌ ᠲᠠᠯ᠎ᠠ᠎ᠪᠠᠷ ᠭᠦᠶ᠋ᠴᠡᠳᠭᠡᠵᠦ᠍᠂ ᠬᠡᠷᠡᠭ᠎ᠲᠤ ᠬᠤᠯᠪᠣᠭ᠍ᠳᠠᠭ᠍ᠰᠠᠨ ᠭᠠᠵᠠᠷ ᠳᠡᠭᠡᠷ᠎ᠡ ᠣᠪᠣᠭᠠᠯᠠᠵᠤ ᠪᠠᠢᠭ᠎ᠠ ᠪᠠᠷᠢᠯᠭ᠎ᠠ᠎ᠶ᠋ᠢᠨ ᠬᠤᠭ ᠨᠣᠪᠰᠢ᠎ᠶ᠋ᠢ ᠴᠠᠭ ᠲᠤᠬᠠᠶ᠎ᠳᠤᠨᠢ ᠴᠡᠪᠡᠷᠯᠡᠬᠦ᠌ ᠬᠡᠷᠡᠭ᠌ᠲᠡᠶ ᠭᠡᠵᠦ᠍ ᠰᠠᠨᠠᠭᠤᠯᠪᠠ᠃ ᠡᠬᠦᠨ᠎ᠳᠤ᠂ ᠲᠤᠰ ᠲᠤᠪᠴᠢᠶ᠎ᠠ᠎ᠨᠢ 2015 ᠣᠨ᠎ᠠᠴᠠ ᠡᠮᠦᠨ᠎ᠡ ᠪᠣᠶ ᠪᠣᠯᠤᠭ᠍ᠰᠠᠨ ᠪᠠᠷᠢᠯᠭ᠎ᠠ᠎ᠶ᠋ᠢᠨ ᠬᠤᠭ ᠨᠣᠪᠰᠢ ᠪᠣᠯ ᠲᠡᠭᠦᠨ᠎ᠤ ᠬᠢᠨᠠᠨ ᠬᠠᠮᠢᠶᠠᠷᠬᠤ ᠲᠤᠱᠢᠶᠠᠯ ᠬᠠᠷᠢᠭᠤᠴᠠᠯᠭ᠎ᠠ᠎ᠳᠤ ᠬᠠᠷᠢᠶᠠᠯᠠᠭ᠍ᠳᠠᠬᠤ ᠥᠬᠡᠶ ᠭᠡᠵᠡᠶ᠃ ᠬᠦᠬᠡᠬᠤᠳᠠ᠎ᠶ᠋ᠢᠨ ᠰᠠ ᠵᠢᠬᠠᠨ ᠲᠤᠭᠤᠷᠢᠬ᠎ᠤᠨ ᠪᠠ ᠵᠢᠴᠠᠭᠠᠬᠤ ᠬᠤᠷᠢᠶ᠎ᠠ ᠱᠢᠭᠦᠬᠦ᠌ ᠬᠤᠷᠢᠶ᠎ᠠ᠎ᠳᠤ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ ᠬᠢᠪᠠ᠃ 2019 ᠣᠨ᠎ᠤ 7 ᠰᠠᠷ᠎ᠠ᠎ᠳᠤ᠂ ᠰᠠᠢᠬᠠᠨ ᠲᠣᠭᠤᠷᠢᠭ᠎ᠤᠨ ᠱᠢᠭᠦᠬᠦ᠌ ᠬᠤᠷᠢᠶ᠎ᠠ ᠨᠢᠭᠡᠳᠦᠭᠡᠷ ᠱᠢᠭᠦᠨ ᠲᠠᠰᠤᠯᠤᠯᠲᠠ ᠭᠠᠷᠭᠠᠵᠤ᠂ ᠬᠥᠬᠡᠬᠤᠲᠠ᠎ᠶ᠋ᠢᠨ ᠬᠤᠲᠠ᠎ᠶ᠋ᠢᠨ ᠬᠠᠮᠢᠶᠠᠷᠤᠯᠲᠠ᠎ᠶ᠋ᠢᠨ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠬᠦ᠌ ᠲᠣᠪᠴᠢᠶ᠎ᠠ ᠪᠠᠷᠢᠯᠭ᠎ᠠ᠎ᠶ᠋ᠢᠨ ᠬᠤᠭ ᠨᠣᠪᠰᠢ᠎ᠶ᠋ᠢ ᠴᠡᠪᠡᠷᠯᠡᠬᠦ᠌ ᠬᠠᠤᠯᠢ᠎ᠪᠠᠷ ᠲᠣᠭ᠍ᠲᠠᠭᠠᠭ᠍ᠰᠠᠨ ᠬᠢᠨᠠᠨ ᠬᠠᠮᠢᠶᠠᠷᠬᠤ ᠬᠠᠷᠢᠭᠤᠴᠠᠯᠭ᠎ᠠ᠎ᠲᠠᠢ ᠭᠡᠵᠦ᠍ ᠦᠵᠡᠵᠡᠢ᠃ ᠣᠳᠣᠬᠠᠨ᠎ᠳᠤ᠂ ᠪᠠᠷᠢᠯᠭ᠎ᠠ᠎ᠶ᠋ᠢᠨ ᠬᠤᠭ ᠨᠣᠪᠰᠢ᠎ᠶ᠋ᠢ ᠨᠢᠭᠡᠨᠲᠡ ᠬᠤᠲᠠ᠎ᠶ᠋ᠢᠨ ᠲᠣᠭᠤᠷᠢᠭ᠎ᠤᠨ ᠣᠷᠴᠢᠨ ᠲᠣᠭᠤᠷᠢᠨ᠎ᠢ ᠴᠡᠭ᠌ᠴᠡᠯᠡᠨ ᠵᠠᠰᠠᠬᠤ ᠲᠥᠯᠥᠪᠵᠢᠭᠦᠯᠭᠡ᠎ᠳᠤ ᠣᠷᠣᠭᠤᠯᠵᠤ᠂ ᠡᠮᠬᠢ ᠵᠢᠷᠤᠮ᠎ᠲᠠᠢ ᠴᠡᠪᠡᠷᠯᠡᠵᠦ᠍ ᠡᠬᠢᠯᠡᠪᠡ᠃

ᠤ ᠵᠢᠯᠠᠭᠠᠬ᠍ᠰᠠᠨ᠎ᠢᠶᠠᠷ᠂ ᠠᠷᠠᠳ᠎ᠤᠨ ᠲᠡᠭᠡᠳᠦ ᠪᠠ ᠵᠢᠴᠠᠭᠠᠬᠤ ᠬᠤᠷᠢᠶ᠎ᠠ ᠲᠤᠰ ᠤᠳᠠᠭ᠎ᠠ 12 ᠢᠷᠭᠡᠨ᠎ᠤ ᠬᠡᠷᠡᠭ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠨᠡᠢᠲᠡᠯᠢᠭ ᠬᠡᠷᠡᠭ᠎ᠤᠨ ᠵᠢᠱ᠌ᠢᠶ᠎ᠡ ᠪᠠ 11 ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠰᠣᠩᠭᠤᠨ ᠨᠡ ᠵᠢᠳᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号