ᠲᠣᠭ᠍ᠲᠠᠭᠤᠨ ᠨᠡᠮᠡᠭ᠌ᠳᠡᠯ ᠲᠤᠷᠪᠢᠯᠢᠭ ᠠᠯᠬᠤᠭ᠎ᠠ᠎ᠲᠠᠢ ᠰᠦᠩᠱᠠᠨ ᠲᠤᠭᠤᠷᠢᠭ
2021-09-28 09:03:51
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠬᠡᠳᠦᠨ ᠡᠳᠦᠷ᠂ ᠸᠢᠴᠠᠲ ᠲᠤᠭᠤᠷᠢᠭ᠎ᠲᠤ ᠤᠯᠠᠭᠠᠨᠬᠠᠳᠠ ᠬᠤᠲᠠ᠎ᠶ᠋ᠢᠨ ᠰᠦᠩᠱᠠᠨ᠎ᠤ ᠸᠠᠨ ᠳ᠋ᠠ ᠠᠭᠤᠳᠡᠮ ᠲᠠᠯᠠᠪᠠᠢ᠎ᠶ᠋ᠢᠨ ᠤᠳᠠᠯ ᠦᠭᠡᠢ ᠬᠤᠳᠠᠯᠳᠤᠭ᠎ᠠ ᠡᠬᠢᠯᠡᠬᠦ᠌ ᠴᠢᠮᠡᠭᠡ ᠬᠦᠷ ᠬᠦᠭ᠌ᠵᠢᠶᠡᠨ᠎ᠲᠠᠢ ᠲᠠᠮᠵᠢᠭ᠍ᠳᠠᠨ᠎ᠠ᠃ ᠰᠦᠩᠱᠠᠨ᠎ᠤ ᠸᠠᠨ ᠳ᠋ᠠ ᠠᠭᠤᠳᠡᠮ ᠲᠠᠯᠠᠪᠡᠢ᠎ᠶ᠋ᠢᠨ ᠲᠦᠷᠦᠯ ᠵᠦᠢᠯ ᠰᠦᠩᠪᠸᠢ᠎ᠶ᠋ᠢᠨ ᠱᠢᠨ᠎ᠡ ᠬᠤᠳᠠ᠎ᠳᠤ ᠪᠠᠢᠷᠢᠯᠠᠵᠤ᠂ 305.8 ᠮᠦ᠍ ᠲᠠᠯᠠᠪᠠᠢ᠎ᠶ᠋ᠢ ᠡᠵᠡᠯᠡᠵᠦ᠍᠂ ᠪᠠᠷᠢᠯᠭ᠎ᠠ᠎ᠶ᠋ᠢᠨ ᠲᠠᠯᠠᠪᠠᠢ 59.33 ᠲᠦᠮᠡᠨ ᠲᠡᠭ᠌ᠰᠢ ᠳᠥᠷᠪᠡᠯᠵᠢᠨ ᠮᠧᠲᠷ᠎ᠲᠤ ᠬᠦᠷᠴᠡᠢ᠃ ᠲᠦᠷᠦᠯ ᠵᠦᠢᠯ᠎ᠳᠤ 40 ᠳ᠋ᠦᠩᠱᠢᠭᠤᠷ ᠲᠥᠭᠦᠷᠢᠭ᠎ᠤᠨ ᠪᠡᠯᠡ ᠣᠷᠣᠭᠤᠯᠬᠤ᠎ᠪᠠᠷ ᠲᠥᠯᠥᠪᠯᠡᠵᠦ᠍᠂ ᠣᠳᠣ ᠬᠤᠳᠠᠯᠳᠤᠭ᠎ᠠ ᠡᠬᠢᠯᠡᠬᠦ᠌᠎ᠠᠴᠠ ᠡᠮᠦᠨᠡᠬᠢ ᠡᠯ᠎ᠡ ᠵᠦᠢᠯ᠎ᠤᠨ ᠪᠡᠯᠡᠳᠭᠡᠯ ᠠᠵᠢᠯ ᠶᠠᠭ ᠪᠠᠴᠢᠮ ᠶᠠᠭᠠᠷᠠᠯᠲᠠᠢ ᠶᠠᠪᠤᠭ᠍ᠳᠠᠵᠤ ᠪᠠᠢᠨ᠎ᠠ᠃

ᠲᠤᠰ ᠲᠦᠷᠦᠯ ᠵᠦᠢᠯ ᠪᠣᠯ ᠡᠨᠡ ᠵᠢᠯ᠎ᠤᠨ ᠰᠦᠩᠱᠠᠨ ᠲᠣᠭᠤᠷᠢᠭ᠎ᠤᠨ ᠲᠥᠪᠯᠡᠷᠡᠭᠦᠯᠦᠨ ᠪᠦᠳᠦᠭᠡᠨ ᠪᠠᠢᠭᠤᠯᠤᠭ᠍ᠰᠠᠨ 17 ᠭᠤᠣᠯᠳᠠᠯᠭ᠎ᠠ᠎ᠲᠠᠢ ᠲᠦᠷᠦᠯ ᠵᠦᠢᠯ᠎ᠤᠨ ᠨᠢᠭᠡ ᠪᠣᠯᠤᠨ᠎ᠠ᠃ ᠡᠨᠡ ᠵᠢᠯ᠎ᠤᠨ ᠰᠦᠩᠱᠠᠨ ᠲᠣᠭᠤᠷᠢᠭ᠎ᠤᠨ ᠬᠤᠲᠠ᠎ᠶ᠋ᠢᠨ ᠲᠠᠰ᠎ᠤᠨ 5000 ᠲᠦᠮᠡᠨ ᠲᠥᠭᠦᠷᠢᠭ (ᠨᠡᠢᠭᠡᠮ᠎ᠤᠨ ᠠᠵᠦ᠍ ᠦᠢᠯᠡᠰ᠎ᠤᠨ 1000 ᠲᠦᠮᠡᠨ ᠲᠥᠭᠦᠷᠢᠭ) ᠎ᠠᠴᠠ ᠳᠡᠭᠡᠭ᠌ᠰᠢᠬᠢ ᠭᠤᠤᠯᠳᠠᠯᠭ᠎ᠠ᠎ᠲᠠᠢ ᠲᠥᠷᠥᠯ ᠵᠦᠢᠯ 50 ᠪᠠᠢᠵᠤ᠂ ᠶᠡᠷᠦᠩᠬᠡᠶ ᠪᠠᠯᠠ ᠣᠷᠣᠭᠤᠯᠤᠯᠲᠠ 234.3 ᠳ᠋ᠦᠩᠱᠢᠭᠤᠷ ᠲᠥᠭᠦᠷᠢᠭ ᠬᠦᠷᠴᠦ᠍᠂ ᠵᠢᠯ᠎ᠤᠨ ᠳᠣᠲᠣᠷ᠎ᠠ 59 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠲᠥᠯᠥᠪᠯᠡᠵᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 2.8% ᠎ᠪᠠᠷ ᠨᠡᠮᠡᠭ᠌ᠳᠡᠪᠡ᠃ ᠡᠳᠡᠭᠡᠷ ᠲᠦᠷᠦᠯ ᠵᠦᠢᠯ ᠠᠱᠢᠬ᠍ᠯᠠᠯᠳᠠ᠎ᠳᠤ ᠤᠷᠤᠪᠠᠯ᠂ ᠰᠦᠩᠱᠠᠨ ᠲᠣᠭᠤᠷᠢᠭ᠎ᠤᠨ ᠠᠵᠤ ᠦᠢᠯᠡᠰ᠎ᠤᠨ ᠪᠦᠲᠦᠴᠡ᠎ᠶ᠋ᠢ ᠤᠯᠠᠮ ᠴᠢᠨᠠᠭ᠍ᠰᠢᠳᠠ ᠱᠢᠯᠢᠳᠡᠭ᠌ᠵᠢᠭᠦᠯᠬᠦ᠂ ᠠᠵᠤ ᠦᠢᠯᠡᠰ ᠪᠠ ᠬᠤᠳᠠ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ᠂ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠲᠦᠷᠭᠡᠳᠭᠡᠬᠦ᠌᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ᠃

ᠭᠤᠤᠯᠳᠠᠯᠭ᠎ᠠ᠎ᠲᠠᠢ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠨᠢ ᠰᠥᠩᠱᠠᠨ ᠲᠣᠭᠤᠷᠢᠭ᠎ᠤᠨ ᠡᠯ᠎ᠡ ᠠᠵᠢᠯ ᠲᠥᠷᠥᠯ᠎ᠤᠨ ᠬᠤᠯᠪᠣᠭᠠᠯᠠᠨ ᠬᠥᠳᠡᠯᠦᠯᠴᠡᠭ᠌ᠰᠡᠨ ᠬᠥᠭ᠌ᠵᠢᠯᠲᠡ᠎ᠶ᠋ᠢ ᠪᠣᠯᠣᠳ ᠪᠠᠭᠠᠨ᠎ᠠ ᠮᠡᠲᠦ ᠲᠤᠯᠭᠠᠭᠤᠷᠢᠯᠠᠭ᠍ᠰᠠᠨ ᠪᠠᠢᠨ᠎ᠠ᠃ ᠤᠯᠠᠭᠠᠨᠬᠠᠳᠠ ᠬᠤᠲᠠ᠎ᠶ᠋ᠢᠨ ᠬᠤᠱᠢᠭᠤ ᠱᠢᠶᠠᠨ ᠲᠣᠭᠤᠷᠢᠭ᠎ᠤᠨ ᠦᠢᠯᠡᠳᠪᠤᠷᠢᠯᠡᠯ᠎ᠤᠨ ᠶᠡᠷᠦᠩᠬᠡᠶ ᠥᠷᠲᠡᠭ᠎ᠤᠨ ᠨᠢᠭᠡᠳᠦᠯᠲᠡᠶ ᠲᠣᠭᠠᠴᠠᠭ᠎ᠠ ᠬᠢᠭ᠌ᠰᠡᠨ ᠦᠷ᠎ᠡ ᠳ᠋ᠦᠩ᠎ᠠᠴᠠ ᠦᠵᠡᠪᠠᠯ᠂ ᠲᠡᠭᠡᠷ᠎ᠠ ᠬᠠᠭᠠᠰ ᠵᠢᠯ᠎ᠳᠤ᠂ ᠰᠦᠩᠱᠠᠨ ᠲᠣᠭᠤᠷᠢᠭ᠎ᠤᠨ ᠤᠷᠤᠨ ᠨᠤᠳᠤᠭ᠎ᠤᠨ ᠦᠢᠯᠡᠳᠪᠤᠷᠢᠯᠡᠯ᠎ᠤᠨ ᠶᠡᠷᠦᠩᠬᠡᠶ ᠥᠷᠲᠡᠭ 138.5 ᠳ᠋ᠦᠩᠱᠢᠭᠤᠷ ᠲᠥᠭᠦᠷᠢᠭ ᠬᠦᠷᠴᠦ᠍᠂ ᠪᠥᠬᠦ᠌ ᠲᠤᠭᠤᠷᠢᠭ᠎ᠤᠨ ᠲᠠᠷᠢᠶᠠᠯᠠᠩ ᠣᠶ ᠱᠢᠭᠤᠶ ᠮᠠᠯ ᠠᠵᠤ ᠠᠬᠤᠶ ᠵᠢᠭᠠᠰᠤᠨ ᠦᠢᠯᠡᠰ᠎ᠤᠨ ᠦᠢᠯᠡᠳᠬᠦᠨ᠎ᠤ ᠶᠡᠷᠦᠩᠬᠡᠶ ᠥᠷᠲᠡᠭ 21.1 ᠳ᠋ᠦᠩᠱᠢᠭᠤᠷ ᠲᠥᠭᠦᠷᠢᠭ ᠬᠦᠷᠴᠦ᠍᠂ ᠠᠵᠤ ᠦᠢᠯᠡᠳᠪᠤᠷᠢ᠎ᠶ᠋ᠢᠨ ᠨᠡᠮᠡᠭ᠌ᠳᠡᠯ᠎ᠤᠨ ᠬᠤᠷᠳᠤᠴᠠ ᠲᠣᠭ᠍ᠲᠠᠭᠤᠨ᠎ᠢᠶᠠᠷ ᠨᠡᠮᠡᠭ᠌ᠳᠡᠠ᠂ ᠪᠥᠬᠦ᠌ ᠲᠤᠭᠤᠷᠢᠭ᠎ᠤᠨ ᠬᠡᠪᠴᠢᠶᠡᠵᠢᠯ᠎ᠠᠴᠠ ᠳᠡᠭᠡᠭ᠌ᠰᠢᠬᠢ ᠠᠵᠤ ᠦᠢᠯᠡᠳᠪᠤᠷᠢ᠎ᠶ᠋ᠢᠨ ᠨᠡᠮᠡᠭ᠌ᠳᠡᠯ ᠥᠷᠲᠡᠭ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 12.7% ᠎ᠪᠠᠷ ᠨᠡᠮᠡᠭ᠌ᠳᠡᠪᠡ᠃ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ ᠲᠣᠭ᠍ᠲᠠᠭᠤᠨ ᠪᠠᠢᠵᠤ᠂ ᠬᠤᠲᠠ ᠪᠠᠯᠭᠠᠰᠤᠨ᠎ᠤ ᠪᠠᠢᠩᠭᠤ ᠰᠠᠭᠤᠭ᠎ᠠ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 21513 ᠲᠥᠭᠦᠷᠢᠭ ᠬᠦᠷᠴᠦ᠍᠂ ᠮᠠᠯᠵᠢᠬᠤ ᠲᠠᠷᠢᠶᠠᠯᠠᠬᠤ ᠣᠷᠣᠨ᠎ᠤ ᠪᠠᠢᠩᠭᠤ ᠰᠠᠭᠤᠭ᠎ᠠ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 7724 ᠲᠥᠭᠦᠷᠢᠭ ᠬᠦᠷᠴᠡᠢ᠃

ᠡᠳᠡᠭᠡᠷ ᠲᠤᠭ᠎ᠠ ᠪᠠᠷᠢᠮᠲᠠ ᠰᠦᠩᠱᠠᠨ ᠲᠤᠭᠤᠷᠢᠭ᠎ᠤᠨ ᠺᠠᠳ᠋ᠷ ᠤᠯᠠᠨ ᠲᠦᠮᠡᠨ᠎ᠤ ᠬᠠᠮᠲᠤ᠎ᠶ᠋ᠢᠨ ᠬᠠᠲᠠᠭᠤᠵᠢᠯᠲᠠᠢ ᠴᠢᠷᠮᠠᠢᠯᠭ᠎ᠠ᠎ᠲᠠᠢ ᠰᠠᠯᠵᠤ ᠪᠤᠯᠤᠰᠢ ᠦᠭᠡᠢ ᠬᠠᠷᠢᠴᠠᠭ᠎ᠠ᠎ᠲᠠᠢ᠃ ᠤᠳᠤ᠂ ᠰᠦᠩᠱᠠᠨ ᠲᠤᠭᠤᠷᠢᠭ᠎ᠤᠨ ᠥᠷᠭᠡᠨ ᠠᠭᠤᠳᠠᠮ ᠬᠥᠳᠡᠭᠡ ᠨᠤᠲᠤᠭ᠎ᠲᠤ᠌᠂ ᠲᠦᠬᠦᠭᠡᠷᠦᠮᠵᠢᠲᠦ ᠲᠠᠷᠢᠶᠠᠯᠠᠩ᠎ᠤᠨ ᠪᠦᠳᠦᠭᠡᠨ ᠪᠠᠢᠭᠤᠯᠤᠯᠲᠠ ᠬᠦᠷ ᠬᠥᠭ᠌ᠵᠢᠶᠡᠨ᠎ᠲᠠᠢ ᠶᠠᠪᠤᠭ᠍ᠳᠠᠵᠤ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠠᠮᠢᠵᠢᠷᠠᠯ᠎ᠤᠨ ᠬᠦᠴᠦᠨ᠎ᠢᠶᠠᠷ ᠪᠢᠯᠬᠠᠵᠤ᠂ ᠬᠥᠮᠦᠰ᠎ᠢ ᠬᠦᠰᠡᠯ ᠡᠷᠡᠮᠡᠯᠵᠡᠯ᠎ᠢᠶᠠᠷ ᠪᠢᠯᠬᠠᠭᠤᠯᠤᠨ᠎ᠠ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠠᠯᠢ ᠣᠯᠠᠨ ᠬᠦᠴᠦᠲᠡᠶ ᠠᠷᠭ᠎ᠠ ᠬᠡᠮᠵᠢᠶ᠎ᠡ ᠰᠦᠩᠱᠠᠨ ᠲᠣᠭᠤᠷᠢᠭ᠎ᠤᠨ ᠠᠵᠤ ᠠᠬᠤᠶ᠎ᠶ᠋ᠢᠨ ᠬᠡᠯᠪᠡᠷᠢ᠎ᠪᠠᠨ ᠬᠤᠪᠢᠷᠠᠭᠤᠯᠬᠤ ᠬᠤᠷᠳᠤᠴᠠ᠎ᠶ᠋ᠢ ᠤᠯᠠᠮ ᠲᠦᠷᠭᠡᠳᠭᠡᠨ᠎ᠡ᠃ ᠠᠮᠢᠵᠢᠷᠠᠯ᠎ᠤᠨ ᠬᠦᠴᠦᠨ ᠪᠢᠯᠬᠠᠮ᠎ᠠ ᠰᠦᠩᠱᠠᠨ᠎ᠳᠤ ᠠᠵᠤ ᠠᠬᠤᠢ ᠦᠷᠨᠢᠭᠦᠨ ᠬᠦᠭ᠌ᠵᠢᠭ᠌ᠰᠡᠨ᠂ ᠨᠡᠢᠭᠡᠮ᠎ᠤᠨ ᠠᠮᠢᠳᠤᠷᠠᠯ ᠴᠡᠴᠡᠭ᠌ᠯᠡᠨ ᠬᠥᠭ᠌ᠵᠢᠭ᠌ᠰᠡᠨ᠂ ᠠᠷᠠᠳ ᠤᠯᠠᠨ ᠠᠮᠤᠷ ᠲᠤᠭ᠍ᠳᠠᠭᠤᠨ ᠠᠵᠤ ᠲᠦᠷᠦᠭ᠌ᠰᠡᠨ ᠡᠶ᠎ᠡ ᠵᠣᠬᠢᠴᠠᠩᠭᠤᠢ ᠵᠢᠷᠤᠭ ᠳᠦᠷᠰᠦ ᠢᠯᠡᠷᠡᠵᠥ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号