ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠭᠠᠭᠤᠯᠤᠭ᠍ᠴᠢ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ ᠲᠥᠪ ᠠᠱᠢᠬ᠍ᠯᠠᠯᠳᠠ᠎ᠳᠤ ᠤᠷᠤᠪᠠ
2021-09-28 09:03:01
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠬᠦᠬᠡᠬᠤᠲᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠭᠠᠭᠤᠯᠤᠭ᠍ᠴᠢ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ ᠲᠥᠪ᠎ᠢ ᠵᠢᠩᠬᠢᠨᠢ᠎ᠪᠠᠷ ᠡᠬᠢᠯᠡᠬᠦᠯᠵᠦ᠍ ᠠᠱᠢᠬ᠍ᠯᠠᠯᠳᠠ᠎ᠳᠤ ᠤᠷᠤᠭᠤᠯᠤᠭ᠍ᠰᠠᠨ ᠪᠠᠢᠨ᠎ᠠ᠃ 

ᠲᠤᠰ ᠲᠥᠪ ᠪᠤᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠠᠮᠤᠨ᠎ᠤ ᠴᠢᠳᠠᠪᠤᠷᠢᠲᠠᠨ᠎ᠤ ᠲᠥᠪ᠎ᠠᠴᠠ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠭᠠᠭᠤᠯᠤᠭ᠍ᠴᠢ ᠴᠢᠳᠠᠪᠤᠷᠢᠲᠠᠨ ᠪᠠ ᠪᠦᠯᠬᠦᠮ ᠨᠡᠢᠲᠡ᠎ᠪᠠᠷ ᠲᠦᠱᠢᠭ ᠪᠣᠯᠭᠠᠵᠤ᠂ ᠣᠷᠣᠨ ᠨᠤᠲᠤᠭ᠎ᠤᠨ ᠳᠡᠭᠡᠳᠦ ᠲᠠᠰ᠎ᠤᠨ ᠴᠢᠳᠠᠪᠤᠷᠢᠲᠠᠨ ᠳᠤᠲᠠᠭ᠍ᠳᠠᠵᠤ ᠪᠠᠢᠬᠤ ᠪᠠ ᠴᠢᠳᠠᠪᠤᠷᠢᠲᠠᠨ ᠤᠷᠢᠬᠤ᠎ᠳᠤ ᠬᠦᠴᠢᠷᠳᠡᠯᠲᠠᠢ ᠪᠠᠢᠬᠤ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠪᠥᠬᠦ᠌ ᠤᠯᠤᠰ᠎ᠤᠨ ᠡᠯ᠎ᠡ ᠮᠤᠵᠢ ᠬᠤᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠪᠠ ᠬᠤᠯᠪᠣᠭ᠍ᠳᠠᠯ ᠪᠥᠬᠦᠶ ᠨᠢᠭᠡᠴᠢ᠎ᠲᠠᠢ ᠬᠠᠮᠲᠤᠷᠠᠨ ᠬᠠᠮᠲᠤ᠎ᠪᠠᠷ ᠪᠠᠢᠭᠤᠯᠤᠭ᠍ᠰᠠᠨ ᠲᠤᠰᠭᠠᠶ ᠮᠡᠷᠭᠡᠵᠢᠯ᠎ᠤᠨ ᠦᠢᠯᠡᠴᠢᠯᠡᠭᠡᠨ᠎ᠤ ᠲᠠᠪᠴᠠᠩ ᠪᠠᠢᠵᠤ᠂ ᠣᠷᠣᠨ ᠪᠦᠰᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠂ ᠳᠡᠭᠡᠳᠦ ᠱᠢᠨ᠎ᠡ ᠮᠡᠷᠭᠡᠵᠢᠯ᠎ᠤᠨ ᠠᠵᠤ ᠠᠬᠤᠢᠯᠠᠯ᠂ ᠴᠢᠳᠠᠪᠤᠷᠢᠲᠠᠨ᠎ᠤ ᠪᠦᠯᠬᠦᠮ ᠨᠡᠢᠲᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ᠎ᠪᠠᠷ ᠵᠤᠷᠢᠯᠳᠠ ᠪᠤᠯᠭᠠᠵᠡᠢ᠃ ᠲᠤᠬᠠᠢ᠎ᠶ᠋ᠢᠨ ᠭᠠᠵᠠᠷ ᠣᠷᠣᠨ᠎ᠤ ᠠᠵᠤ ᠦᠢᠯᠡᠰ᠂ ᠠᠵᠢᠯ ᠲᠥᠷᠥᠯ ᠪᠠ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠬᠡᠷᠡᠭ᠌ᠴᠡᠭᠡ᠎ᠳᠤ ᠬᠠᠨᠳᠤᠭᠤᠯᠤᠨ᠂ ᠤᠯᠤᠰ᠎ᠤᠨ ᠳᠡᠭᠡᠳᠦ ᠲᠠᠰ᠎ᠤᠨ ᠴᠢᠳᠠᠪᠤᠷᠢᠲᠠᠨ᠎ᠢ ᠵᠣᠬᠢᠶᠠᠨ ᠪᠠᠢᠭᠤᠯᠤᠨ ᠵᠣᠯᠭᠠᠭᠤᠯᠵᠤ᠂ ᠣᠶᠤᠨ᠎ᠤ ᠲᠤᠯᠭᠠᠭᠤᠷᠢᠯᠠᠯ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠦᠢᠯᠡᠴᠢᠯᠡᠭᠡ ᠬᠠᠩᠭᠠᠬᠤ ᠪᠤᠯᠤᠨ᠎ᠠ᠃

ᠲᠠᠨᠢᠯᠴᠠᠭᠤᠯᠤᠭ᠍ᠰᠠᠨ᠎ᠢᠶᠠᠷ᠂ ᠳᠠᠷᠠᠭᠠᠴᠢ᠎ᠪᠠᠷ ᠬᠦᠬᠡᠬᠤᠲᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠭᠠᠭᠤᠯᠤᠭ᠍ᠴᠢ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ ᠲᠥᠪ᠎ᠢ ᠠᠱᠢᠬ᠍ᠯᠠᠨ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠭᠠᠭᠤᠯᠤᠭ᠍ᠴᠢ ᠴᠢᠳᠠᠪᠤᠷᠢᠲᠠᠨ᠎ᠤ ᠬᠥᠬᠡᠬᠤᠲᠠ᠎ᠳᠠᠬᠢ ᠠᠶᠠᠯᠠᠯ》 ᠵᠡᠷᠭᠡ ᠰᠣᠯᠢᠯᠴᠠᠭᠠᠨ᠎ᠤ ᠱᠢᠷᠢᠰ ᠠᠵᠢᠯᠯᠠᠭ᠎ᠠ᠎ᠶ᠋ᠢ ᠦᠷᠨᠢᠭᠦᠯᠵᠦ᠍᠂ ᠨᠠᠩ ᠣᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠳᠠᠭᠠᠭᠤᠯᠤᠭ᠍ᠴᠢ ᠴᠢᠳᠠᠪᠤᠷᠢᠲᠠᠨ᠎ᠤ ᠲᠡᠷᠢᠭᠦᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠬᠥᠬᠡᠬᠤᠲᠠ᠎ᠳᠤ ᠪᠣᠳᠠᠲᠠᠢᠵᠢᠭᠤᠯᠤᠨ ᠤᠨᠳᠤᠤᠱᠢᠭᠤᠯᠬᠤ᠎ᠶ᠋ᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号