ᠬᠥᠬᠡᠬᠤᠲᠠ᠎ᠶ᠋ᠢᠨ ᠠᠷᠠᠳ ᠢᠷᠭᠡᠳ᠎ᠤᠨ ᠱᠢᠨᠵᠢᠯᠡᠬᠦ᠌ ᠤᠬᠠᠭᠠᠨ᠎ᠤ ᠬᠡᠪ ᠪᠤᠯᠪᠠᠰᠤᠷᠠᠯ ᠢᠯᠡᠳᠳᠡ ᠲᠡᠭᠡᠭ᠌ᠰᠢᠯᠡᠪᠡ ​
2021-09-28 09:03:26
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠬᠥᠬᠡᠬᠤᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ᠎ᠠᠴᠠ ᠣᠢᠯᠠᠭᠠᠭ᠍ᠰᠠᠨ᠎ᠢᠶᠠᠷ᠂ 2020 ᠣᠨ᠎ᠳᠤ᠂ ᠬᠥᠬᠡᠬᠤᠲᠠ᠎ᠶ᠋ᠢᠨ ᠠᠷᠠᠳ ᠢᠷᠭᠡᠳ᠎ᠤᠨ ᠱᠢᠨᠵᠢᠯᠡᠬᠦ᠌ ᠤᠬᠠᠭᠠᠨ᠎ᠤ ᠬᠡᠪ ᠪᠤᠯᠪᠠᠰᠤᠷᠠᠯ᠎ᠢ ᠪᠦᠷᠢᠯᠳᠦᠬᠦᠯᠦᠭ᠌ᠰᠡᠨ ᠬᠦᠮᠦᠰ᠎ᠤᠨ ᠬᠠᠷᠢᠴᠠᠯ 11.5% ᠎ᠳᠤ ᠬᠦᠷᠴᠦ᠍᠂ ᠥᠪᠥᠷ ᠮᠣᠩᠭᠤᠯ᠎ᠤᠨ 8.73 % ᠪᠠ ᠪᠥᠬᠦ᠌ ᠤᠯᠤᠰ᠎ᠤᠨ 10.56 % ᠎ᠶ᠋ᠢᠨ ᠳᠤᠮᠳᠠᠴᠢ ᠬᠢᠷᠢ ᠲᠦᠪᠱᠢᠨ᠎ᠢ ᠳᠠᠪᠠᠵᠤ᠂ ᠥᠪᠥᠷ ᠮᠣᠩᠭᠤᠯ᠎ᠤᠨ ᠲᠡᠷᠢᠭᠦᠨ᠎ᠳᠤ ᠤᠷᠤᠭ᠍ᠰᠠᠨ ᠪᠠᠢᠨ᠎ᠠ᠃

ᠤᠢ᠍ᠢᠯᠠᠭᠠᠭ᠍ᠰᠠᠨ᠎ᠢᠶᠠᠷ᠂ ᠨᠠᠮ᠎ᠤᠨ ᠠᠷᠪᠠᠨ ᠨᠠᠢ᠍ᠮᠠᠳᠣᠭᠠᠷ ᠶᠡᠭᠡ ᠬᠤᠷᠠᠯ᠎ᠠᠴᠠ ᠨᠠᠭᠠᠰᠢ᠂ ᠬᠥᠬᠡᠬᠤᠲᠠ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠤᠬᠠᠭᠤᠯᠭ᠎ᠠ ᠵᠢᠴᠢ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠥᠮᠦᠵᠢᠯ᠎ᠤᠨ ᠠᠵᠢᠯᠯᠠᠭ᠎ᠠ᠎ᠶ᠋ᠢ ᠥᠷᠭᠡᠨ ᠳᠡᠯᠭᠡᠷ ᠥᠷᠨᠢᠭᠦᠯᠵᠦ᠍᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠰᠠᠭᠤᠷᠢ ᠲᠦᠭᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯ᠎ᠤᠨ ᠠᠷᠭ᠎ᠠ ᠬᠡᠮᠵᠢᠶ᠎ᠡ᠎ᠪᠠᠨ ᠴᠢᠩᠭᠠᠷᠠᠭᠤᠯᠵᠤ᠂ ᠨᠡᠢᠭᠡᠮ᠎ᠤᠨ ᠡᠯ᠎ᠡ ᠲᠠᠯ᠎ᠠ᠎ᠶ᠋ᠢᠨ ᠬᠦᠴᠦᠨ᠎ᠢ ᠳᠠᠢᠴᠢᠯᠠᠨ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯ᠎ᠤᠨ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠤᠭ᠍ᠰᠠᠨ᠎ᠢᠶᠠᠷ ᠪᠦᠬᠦ᠌ ᠠᠷᠠᠳ᠎ᠤᠨ ᠱᠢᠨᠵᠢᠯᠡᠬᠦ᠌ ᠤᠬᠠᠭᠠᠨ᠎ᠤ ᠬᠡᠪ ᠪᠤᠯᠪᠠᠰᠤᠷᠠᠯ ᠢᠯᠡᠳᠲᠡ ᠳᠡᠭᠡᠭ᠌ᠰᠢᠯᠡᠭ᠌ᠰᠡᠨ ᠪᠠᠢᠨ᠎ᠠ᠃

《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠳᠤ᠂ ᠬᠥᠬᠡᠬᠤᠲᠠ ᠱᠢᠨᠵᠢᠯᠡᠬᠦ᠌ ᠤᠬᠠᠭᠠᠨ᠎ᠤ ᠬᠡᠪ ᠪᠤᠯᠪᠠᠰᠤᠷᠠᠯ᠎ᠢ ᠳᠡᠭᠡᠭ᠌ᠰᠢᠯᠡᠭᠦᠯᠬᠦ᠌ 5 ᠵᠦᠢᠯ᠎ᠤᠨ ᠠᠵᠢᠯᠯᠠᠭ᠎ᠠ ᠪᠣᠯᠤᠨ 5 ᠵᠦᠢᠯ᠎ᠤᠨ ᠭᠤᠤᠯᠳᠠᠯᠭ᠎ᠠ᠎ᠲᠠᠢ ᠢᠨᠵᠧᠨᠧᠷᠢᠩ᠎ᠢ ᠬᠡᠷᠡᠭ᠌ᠵᠢᠭᠦᠯᠵᠦ᠍᠂ ᠪᠥᠬᠦ᠌ ᠠᠷᠠᠳ᠎ᠤᠨ ᠱᠢᠨᠵᠢᠯᠡᠬᠦ᠌ ᠤᠬᠠᠭᠠᠨ᠎ᠤ ᠬᠡᠪ ᠪᠤᠯᠪᠠᠰᠤᠷᠠᠯ᠎ᠢ ᠦᠷᠭᠦᠯᠵᠢᠯᠡᠨ ᠳᠡᠭᠡᠭ᠌ᠰᠢᠯᠡᠭᠦᠯᠬᠦ᠌᠎ᠶ᠋ᠢ ᠠᠬᠢᠭᠤᠯᠬᠤ᠎ᠶ᠋ᠢᠨ ᠬᠠᠮᠲᠤ᠌᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯ᠎ᠤᠨ ᠲᠣᠭ᠍ᠲᠠᠴᠠ᠎ᠶ᠋ᠢ ᠨᠡᠩ ᠢᠯᠡᠭᠦᠦ ᠪᠦᠷᠢᠨᠱᠢᠭᠦᠯᠵᠦ᠍᠂ ᠦᠨᠳᠦᠰᠦᠨ ᠱᠠᠲᠤᠨ᠎ᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠵᠣᠬᠢᠶᠠᠨ ᠪᠠᠢᠭᠤᠯᠤᠯᠲᠠ᠎ᠶ᠋ᠢ ᠲᠡᠭᠦᠯᠳᠡᠷᠵᠢᠭᠦᠯᠦᠨ᠂ ᠣᠯᠠᠨ ᠲᠦᠮᠡᠨᠴᠢ ᠴᠢᠨᠠᠷᠲᠠᠶ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠯᠠᠭ᠎ᠠ᠎ᠶ᠋ᠢᠨ ᠡᠷᠴᠢᠮ᠎ᠢ ᠨᠡᠮᠡᠭ᠌ᠳᠡᠭᠦᠯᠵᠦ᠍᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠰᠠᠭᠤᠷᠢᠨ᠎ᠤ ᠪᠠᠢᠭᠤᠯᠤᠯᠲᠠ᠎ᠶ᠋ᠢ ᠴᠢᠩᠭᠠᠳᠭᠠᠨ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠦᠨ ᠬᠦᠳᠡᠭᠡ ᠲᠤᠰᠭᠤᠨ᠎ᠢ ᠬᠦᠭ᠌ᠵᠢᠭᠦᠯᠬᠦ᠌ ᠲᠥᠷᠥᠯ ᠵᠦᠢᠯ᠎ᠢ ᠬᠡᠷᠡᠭ᠌ᠵᠢᠭᠦᠯᠵᠦ᠍᠂ ᠡᠷᠳᠡᠮ ᠱᠢᠨᠵᠢᠯᠡᠭᠡᠨ᠎ᠤ ᠰᠣᠯᠢᠯᠴᠠᠭ᠎ᠠ ᠬᠢᠬᠦ᠌ ᠪᠠ ᠵᠠᠯᠠᠭᠤᠴᠤᠳ ᠪᠠᠭᠠᠴᠤᠳ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠱᠢᠨ᠎ᠡ᠎ᠶ᠋ᠢ ᠡᠭᠦᠳᠬᠦ᠌ ᠬᠥᠮᠦᠵᠢᠯ᠎ᠢ ᠨᠡᠩ ᠢᠯᠡᠭᠦᠦ ᠴᠢᠩᠭᠠᠳᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号