ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ ᠪᠠᠢᠭᠤᠯᠤᠭ᠍ᠳᠠᠪᠠ
2021-09-28 10:48:40
ᠵᠣᠬᠢᠶᠠᠭ᠍ᠴᠢ᠄
​ ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ ᠪᠠᠢᠭᠤᠯᠤᠭ᠍ᠳᠠᠬᠤ ᠬᠤᠷᠠᠯ ᠵᠢᠴᠢ ᠠᠩᠬᠠᠳᠤᠭᠠᠷ ᠤᠳᠠᠭᠠᠨ᠎ᠤ ᠲᠥᠯᠥᠭᠡᠯᠡᠭ᠌ᠴᠢᠳ᠎ᠤᠨ ᠬᠤᠷᠠᠯ ᠬᠤᠷᠠᠯᠳᠤᠵᠤ᠂ ᠦᠪᠦᠷ ᠮᠤᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡ ᠵᠢᠭᠡᠮᠯᠢᠭ ᠪᠠ ᠦᠪᠦᠷ ᠮᠤᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠬᠤᠯᠪᠤᠭ᠍ᠳᠠᠯ ᠪᠦᠬᠦᠢ ᠨᠡ ᠵᠢᠲᠡ 50 ᠭᠠᠷᠤᠢ ᠬᠦᠮᠦᠨ ᠬᠤᠷᠠᠯ᠎ᠳᠤ ᠤᠷᠤᠯᠴᠠᠪᠠ᠃ 

ᠬᠤᠷᠠᠯ᠎ᠠᠴᠠ᠂ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ᠎ᠤᠨ᠎ᠬᠢᠨ ᠥᠷᠭᠡᠨ ᠣᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠲᠠᠨ᠎ᠤ ᠤᠯᠤᠰ ᠲᠥᠷᠥ᠎ᠶ᠋ᠢᠨ ᠵᠢᠯᠣᠭᠤᠳᠣᠯᠭ᠎ᠠ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠲᠠᠳ᠎ᠲᠠᠢ ᠨᠢᠭ᠍ᠲᠠ ᠬᠠᠷᠢᠯᠴᠠᠨ᠂ ᠴᠢᠳᠠᠪᠤᠷᠢᠲᠠᠨ᠎ᠢ ᠬᠦᠮᠦᠵᠢᠭᠦᠯᠵᠦ᠍᠂ ᠤᠨᠴᠠᠭᠠ ᠵᠢᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠯᠢᠳᠡᠭ ᠵᠠᠯᠠᠭᠤ ᠴᠢᠳᠠᠪᠤᠷᠢᠲᠠᠨ᠎ᠢ ᠶᠡᠭᠡ᠎ᠪᠠᠷ ᠤᠬᠠᠭᠤᠯᠵᠤ ᠬᠥᠬᠢᠭᠦᠯᠦᠨ ᠱᠠᠩᠨᠠᠵᠤ᠂ ᠡᠷᠳᠡᠮ ᠱᠢᠨᠵᠢᠯᠡᠭᠡᠨ᠎ᠤ ᠰᠣᠯᠢᠯᠴᠠᠭᠠᠨ᠎ᠤ ᠠᠵᠢᠯᠯᠠᠭ᠎ᠠ᠎ᠶ᠋ᠢ ᠢᠳᠡᠪᠬᠢᠲᠡᠢ ᠵᠤᠬᠢᠶᠠᠨ ᠪᠠ ᠵᠢᠭᠤᠯᠤᠨ᠂ ᠱᠢᠨᠵᠢᠯᠡᠭᠡᠨ᠎ᠤ ᠬᠥᠭ᠌ᠵᠢᠯᠲᠡ ᠪᠠ ᠱᠢᠨᠵᠢᠯᠡᠭᠡᠨ᠎ᠤ ᠰᠠᠯᠠᠭ᠎ᠠ᠎ᠶ᠋ᠢᠨ ᠠᠭᠤᠰᠤᠯᠴᠠᠯ᠎ᠢ ᠠᠬᠢᠭᠤᠯᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ ᠪᠠ 《ᠱᠢᠨ᠎ᠡ᠎ᠶ᠋ᠢ ᠡᠭᠦᠳᠬᠦ᠌ ᠥᠪᠥᠷ ᠮᠣᠩᠭᠤᠯ》 ᠎ᠤᠨ ᠪᠠᠢᠭᠤᠯᠤᠯᠲᠠ᠎ᠳᠤ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ᠎ᠤᠨ ᠪᠠ ᠵᠢᠭᠤᠯᠤᠭ᠍ᠳᠠᠭ᠍ᠰᠠᠨ᠎ᠨᠢ᠂ ᠦᠪᠦᠷ ᠮᠤᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠢᠯᠡᠰ᠎ᠤᠨ ᠥᠭᠡᠷᠡᠴᠢᠯᠡᠯᠲᠡ᠎ᠳᠠᠬᠢ ᠨᠢᠭᠡᠨ ᠴᠢᠬᠤᠯᠠ ᠶᠠᠪᠤᠳᠠᠯ ᠪᠠ ᠵᠢᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠲᠠᠳ᠎ᠲᠤ ᠨᠡᠩ ᠰᠠ ᠵᠢᠲᠤᠷ ᠦᠢᠯᠡᠴᠢᠯᠡᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠯᠢᠳᠡᠭ ᠴᠢᠳᠠᠪᠤᠷᠢᠲᠠᠨ᠎ᠢ ᠬᠥᠮᠦᠵᠢᠭᠦᠯᠬᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠵᠢᠴᠢ ᠡᠷᠳᠡᠮ ᠱᠢᠨᠵᠢᠯᠡᠭᠡᠨ᠎ᠤ ᠰᠣᠯᠢᠯᠴᠠᠭ᠎ᠠ ᠬᠢᠬᠦ᠂ ᠱᠢᠨᠵᠢᠯᠡᠬᠦ᠌ ᠤᠬᠠᠭᠠᠨ᠎ᠤ ᠶᠣᠰᠣ ᠮᠣᠷᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠪᠠ ᠱᠢᠨᠵᠢᠯᠡᠬᠦ᠌ ᠤᠬᠠᠭᠠᠨᠴᠢ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠳᠤ ᠨᠡᠩ ᠪᠦᠲᠦᠮᠵᠢᠲᠡᠢ ᠦᠢᠯᠡᠴᠢᠯᠡᠬᠦ᠌ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号