ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠠᠴᠠ ᠣᠢᠯᠠᠭᠠᠭ᠍ᠰᠠᠨ᠎ᠢᠶᠠᠷ᠂ 9 ᠰᠠᠷ᠎ᠠ᠎ᠶ᠋ᠢᠨ 10 ᠤ ᠥᠷᠯᠥᠭᠡ ᠪᠣᠯᠲᠠᠯ᠎ᠠ᠂ ᠪᠥᠬᠦ᠌ ᠣᠷᠣᠨ᠎ᠤ ᠤᠯᠠᠭᠠᠨ ᠵᠠᠭᠠᠯᠮᠠᠢᠲᠠᠨ᠎ᠤ ᠱᠢᠰᠲ᠋ᠧᠮ᠎ᠤᠨ᠎ᠬᠢᠨ ᠢᠨᠲ᠋ᠧᠷ ᠰᠦᠯᠵᠢᠶᠡᠨ᠎ᠤ ᠪᠠᠯᠠ ᠴᠤᠭ᠍ᠯᠠᠭᠤᠯᠬᠤ 3 ᠲᠥᠷᠥᠯ ᠵᠦᠢᠯ᠎ᠳᠤ ᠨᠡᠢᠲᠡ 706811.63 ᠲᠥᠭᠦᠷᠢᠭ᠎ᠤᠨ ᠪᠠᠯᠠ ᠮᠥᠩᠭᠦ᠌ ᠴᠤᠭ᠍ᠯᠠᠭᠤᠯᠵᠤ᠂ ᠨᠡᠢᠲᠡ 62969 ᠬᠥᠮᠦᠨ ᠤᠳᠠᠭ᠎ᠠ ᠮᠦᠩᠬᠦ᠌ ᠬᠠᠨᠳᠢᠪᠯᠠᠬᠤ᠎ᠳᠤ ᠣᠷᠣᠯᠴᠠᠨ᠂ 《99 ᠨᠡᠢᠲᠡ᠎ᠶ᠋ᠢᠨ ᠠᠰᠠᠷᠠᠮᠵᠢ᠎ᠶ᠋ᠢᠨ ᠡᠳᠦᠷ》 ᠤᠨ ᠠᠵᠢᠯᠯᠠᠭ᠎ᠠ ᠠᠮᠵᠢᠯᠲᠠ᠎ᠲᠠᠢ ᠥᠨᠳᠥᠷᠯᠡᠪᠡ᠃
ᠤᠢ᠍ᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠤᠨ ᠡᠨᠡ ᠬᠦ᠌ ᠢᠨᠲ᠋ᠧᠷ ᠰᠦᠯᠵᠢᠶᠡᠨ᠎ᠤ ᠪᠠᠯᠠ ᠴᠤᠭ᠍ᠯᠠᠭᠤᠯᠬᠤ 3 ᠲᠦᠷᠦᠯ ᠵᠦᠢᠯ᠎ᠨᠢ ᠲᠣᠰ ᠲᠣᠰ 《ᠬᠠᠢᠷ᠎ᠠ ᠬᠠᠯᠠᠮᠵᠢ ᠳᠡᠷᠭᠡᠳᠡ ᠴᠢᠨᠢ》᠂ 《ᠰᠡᠳᠭᠢᠴᠡ᠎ᠶ᠋ᠢᠨ ᠡᠷᠡᠭᠦᠯ ᠮᠡᠨᠳᠦ᠎ᠶ᠋ᠢ ᠰᠤᠷᠭᠠᠭᠤᠯᠢ᠎ᠶ᠋ᠢᠨ ᠬᠦᠷᠢᠶᠡᠨ᠎ᠳᠤ ᠤᠷᠤᠭᠤᠯᠬᠤ》᠂ 《ᠥᠪᠥᠷ ᠮᠣᠩᠭᠤᠯ᠎ᠤᠨ ᠲᠦᠭᠡᠮᠡᠯ ᠬᠠᠢᠷ᠎ᠠ᠎ᠶ᠋ᠢᠨ ᠰᠤᠷᠭᠠᠭᠤᠯᠢ᠎ᠶ᠋ᠢᠨ ᠡᠮᠨᠡᠯᠭᠡ᠎ᠶ᠋ᠢᠨ ᠲᠠᠰᠤᠭ》 ᠪᠣᠯᠤᠨ᠎ᠠ᠃ 9 ᠰᠠᠷ᠎ᠠ᠎ᠶ᠋ᠢᠨ 10 ᠤ ᠥᠷᠯᠥᠭᠡ ᠪᠣᠯᠲᠠᠯ᠎ᠠ᠂ 《ᠬᠠᠢᠷ᠎ᠠ ᠬᠠᠯᠠᠮᠵᠢ ᠳᠡᠷᠭᠡᠳᠡ ᠴᠢᠨᠢ》 ᠲᠥᠷᠥᠯ ᠵᠦᠢᠯ᠎ᠳᠤ 54312.53 ᠲᠥᠭᠦᠷᠢᠭ ᠴᠤᠭ᠍ᠯᠠᠭᠤᠯᠪᠡ; 《ᠰᠡᠳᠭᠢᠴᠡ᠎ᠶ᠋ᠢᠨ ᠡᠷᠡᠭᠦᠯ ᠮᠡᠨᠳᠦ᠎ᠶ᠋ᠢ ᠰᠤᠷᠭᠠᠭᠤᠯᠢ᠎ᠶ᠋ᠢᠨ ᠬᠦᠷᠢᠶᠡᠨ᠎ᠳᠤ ᠣᠷᠣᠭᠤᠯᠬᠤ》 ᠲᠦᠷᠦᠯ ᠵᠦᠢᠯ᠎ᠳᠤ 45089.52 ᠲᠥᠭᠦᠷᠢᠭ ᠴᠤᠭ᠍ᠯᠠᠭᠤᠯᠪᠠ; 《ᠥᠪᠥᠷ ᠮᠣᠩᠭᠤᠯ᠎ᠤᠨ ᠲᠦᠭᠡᠮᠡᠯ ᠬᠠᠢᠷ᠎ᠠ᠎ᠶ᠋ᠢᠨ ᠰᠤᠷᠭᠠᠭᠤᠯᠢ᠎ᠶ᠋ᠢᠨ ᠡᠮᠨᠡᠯᠭᠡ᠎ᠶ᠋ᠢᠨ ᠲᠠᠰᠤᠭ》 ᠲᠥᠷᠥᠯ ᠵᠦᠢᠯ᠎ᠳᠤ 607409.58 ᠲᠥᠭᠦᠷᠢᠭ ᠴᠤᠭ᠍ᠯᠠᠭᠤᠯᠪᠠ᠃ ᠤᠯᠠᠭᠠᠨ ᠵᠠᠭᠠᠯᠮᠠᠢᠲᠠᠨ᠎ᠤ ᠱᠢᠰᠲ᠋ᠧᠮ᠎ᠤᠨ 《99 ᠨᠡᠢᠲᠡ᠎ᠶ᠋ᠢᠨ ᠠᠰᠠᠷᠠᠮᠵᠢ᠎ᠶ᠋ᠢᠨ ᠡᠳᠦᠷ》 ᠤᠨ ᠠᠵᠢᠯᠯᠠᠭ᠎ᠠ᠎ᠨᠢ 9 ᠰᠠᠷ᠎ᠠ᠎ᠶ᠋ᠢᠨ 9 ᠤ ᠡᠳᠦᠷ ᠪᠤᠯᠳᠠᠯ᠎ᠠ ᠶᠠᠪᠤᠭ᠍ᠳᠠᠵᠦ᠍᠂ ᠤᠯᠠᠭᠠᠨ ᠵᠠᠭᠠᠯᠮᠠᠢᠲᠠᠨ᠎ᠤ ᠰᠠᠭᠤᠷᠢ ᠮᠥᠩᠭᠦᠨ᠎ᠤ ᠨᠡᠢᠭᠡᠮᠯᠢᠭ᠎ᠤᠨ ᠲᠧᠩ ᠱᠢᠶᠦ᠋ᠨ ᠨᠡᠢᠲᠡ᠎ᠶ᠋ᠢᠨ ᠠᠰᠠᠷᠠᠮᠵᠢ᠎ᠶ᠋ᠢᠨ ᠲᠠᠪᠴᠠᠩ᠎ᠤᠨ ᠰᠦᠯᠵᠢᠶᠡᠨ ᠳᠡᠭᠡᠷ᠎ᠡ ᠪᠠᠯᠠ ᠴᠤᠭ᠍ᠯᠠᠭᠤᠯᠬᠤ ᠠᠵᠢᠯᠯᠠᠭ᠎ᠠ᠎ᠨᠢ 11 ᠰᠠᠷ᠎ᠠ᠎ᠶ᠋ᠢᠨ 18 ᠤ ᠡᠳᠦᠷ ᠪᠣᠯᠲᠠᠯ᠎ᠠ ᠦᠷᠭᠦᠯᠵᠢᠯᠡᠨ᠎ᠡ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号