ᠪᠦᠬᠦ᠌ ᠣᠷᠣᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠣᠭᠤᠷᠢᠨ ᠵᠢᠯᠣᠭᠤᠳᠭᠤ ᠳᠤᠭᠤᠢᠯᠠᠩ᠎ᠤᠨ ᠶᠠᠷᠢᠯᠴᠠᠬᠤ ᠬᠤᠷᠠᠯ ᠵᠢᠴᠢ ᠤᠳᠤᠷᠢᠳᠭᠤ ᠳᠤᠭᠤᠢᠯᠠᠩ᠎ᠤᠨ ᠠᠯᠪᠡᠠ ᠭᠡᠷ᠎ᠤᠨ ᠡᠷᠬᠢᠯᠡᠭ᠌ᠴᠢᠳ᠎ᠤᠨ ᠬᠤᠷᠠᠯ ᠬᠤᠷᠠᠯᠳᠤᠪᠠ
2021-09-28 09:32:22
ᠵᠣᠬᠢᠶᠠᠭ᠍ᠴᠢ᠄
ᠬᠤᠩ ᠱᠢᠶᠠ
ᠣᠩᠱᠢᠭ᠍ᠰᠠᠨ ᠣᠳᠠᠭ᠎ᠠ᠄
★★★☆☆

ᠵᠧᠩ ᠬᠤᠩ ᠹᠠᠨ ᠶᠠᠷᠢᠶ᠎ᠠ ᠲᠠᠯᠪᠢᠵᠠᠢ

9 ᠰᠠᠷ᠎ᠠ᠎ᠶ᠋ᠢᠨ 26 ᠎ᠤ ᠦᠳᠡ᠎ᠶ᠋ᠢᠨ ᠬᠤᠢᠨ᠎ᠠ᠂ ᠪᠦᠬᠦ᠌ ᠣᠷᠣᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠣᠭᠤᠷᠢᠨ ᠵᠢᠯᠣᠭᠤᠳᠭᠤ ᠳᠤᠭᠤᠢᠯᠠᠩ᠎ᠤᠨ ᠶᠠᠷᠢᠯᠴᠠᠬᠤ ᠬᠤᠷᠠᠯ ᠵᠢᠴᠢ ᠤᠳᠤᠷᠢᠳᠭᠤ ᠳᠤᠭᠤᠢᠯᠠᠩ᠎ᠤᠨ ᠠᠯᠪᠡᠠ ᠭᠡᠷ᠎ᠤᠨ ᠡᠷᠬᠢᠯᠡᠭ᠌ᠴᠢᠳ᠎ᠤᠨ ᠬᠤᠷᠠᠯ ᠬᠦᠬᠡᠬᠤᠳᠠ᠎ᠳᠤ ᠬᠤᠷᠠᠯᠳᠤᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠤᠢ᠍ᠢᠷ᠎ᠠ᠎ᠶ᠋ᠢᠨ ᠬᠤᠭᠤᠴᠠᠭᠠᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠬᠠᠮᠢᠶ᠎ᠠ ᠪᠦᠬᠦᠢ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠭ᠎ᠠ ᠲᠤᠷᠱᠢᠯᠭ᠎ᠠ᠎ᠪᠠᠨ ᠰᠣᠯᠢᠯᠴᠠᠵᠤ᠂ ᠳᠠᠷᠠᠭᠠᠴᠢ᠎ᠶ᠋ᠢᠨ ᠱᠠᠲᠤᠨ᠎ᠤ ᠡᠭᠦᠷᠭᠡ᠎ᠪᠠᠨ ᠲᠤᠬᠢᠷᠠᠭᠤᠯᠤᠨ ᠪᠠᠢᠷᠢᠯᠠᠭᠤᠯᠪᠠ᠃ 

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠡᠤᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠭᠤ ᠳᠤᠭᠤᠢᠯᠠᠩ᠎ᠤᠨ ᠳᠡᠳ᠋ ᠳᠠᠷᠤᠭ᠎ᠠ᠂ ᠠᠯᠪᠡᠠ ᠭᠡᠷ᠎ᠤᠨ ᠡᠷᠬᠢᠯᠡᠭ᠌ᠴᠢ ᠵᠧᠩ ᠬᠤᠩ ᠹᠠᠨ ᠬᠤᠷᠠᠯ᠎ᠳᠤ ᠤᠷᠤᠯᠴᠠᠬ᠍ᠰᠠᠨ ᠪᠦᠭᠡᠳ ᠶᠠᠷᠢᠶ᠎ᠠ ᠲᠠᠯᠪᠢᠪᠠ᠃ 

ᠬᠤᠷᠠᠯ᠎ᠠᠴᠠ᠂ ᠡᠯ᠎ᠡ ᠲᠣᠭᠤᠷᠢᠨ ᠵᠢᠯᠣᠭᠤᠳᠭᠤ ᠳᠤᠭᠤᠢᠯᠠᠩ᠎ᠤᠨ᠎ᠬᠢᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠡᠵᠡᠮᠱᠢᠵᠦ᠍᠂ ᠤᠷᠢᠳ᠎ᠢᠶᠠᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ᠎ᠬᠢᠨ᠎ᠢ ᠱᠠᠯᠠᠪᠳᠠᠭᠤᠯᠤᠨ ᠵᠢᠯᠤᠭᠤᠳᠴᠤ᠌ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢᠭᠡᠮ ᠵᠢᠷᠦᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠣᠢᠯᠠᠭᠠᠵᠤ᠂ ᠨᠡᠪᠲᠡᠷᠡᠲᠡᠯ᠎ᠡ ᠡᠵᠡᠮᠱᠢᠨ ᠪᠣᠳᠠᠲᠠᠢᠵᠢᠭᠤᠯᠵᠤ᠂ ᠦᠵᠡᠯ ᠰᠠᠨᠠᠭᠠᠨ᠎ᠤ ᠠᠤᠭ᠎ᠠ ᠬᠦᠴᠦᠨ᠎ᠢ ᠤᠯᠠᠮ ᠴᠢᠨᠠᠭ᠍ᠰᠢᠳᠠ ᠣᠢᠯᠠᠭᠠᠭᠤᠯᠬᠤ ᠬᠡᠷᠡᠭ᠌ᠲᠡᠢ᠃ ᠲᠥᠪ᠎ᠤᠨ ᠨᠢᠭᠡᠳᠦᠭᠡᠷ ᠵᠢᠯᠣᠭᠤᠳᠭᠤ ᠳᠤᠭᠤᠢᠯᠠᠩ᠎ᠤᠨ ᠬᠢᠨᠠᠨ ᠵᠢᠯᠣᠭᠤᠳᠴᠤ᠌ ᠬᠠᠷᠢᠭᠤ ᠲᠤᠰᠭᠠᠭ᠍ᠰᠠᠨ ᠰᠠᠨᠠᠯ᠎ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢᠯ᠎ᠤᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ ᠬᠡᠵᠦ᠍ ᠵᠢᠭᠠᠵᠤ ᠭᠠᠷᠭᠠᠪᠠ᠃ 

ᠬᠤᠷᠠᠯ᠎ᠠᠴᠠ᠂ ᠣᠯᠠᠨ ᠲᠦᠮᠡᠨ᠎ᠤ 《ᠪᠠᠴᠢᠮᠳᠠᠵᠦ᠍ ᠬᠦᠴᠢᠷᠳᠡᠵᠦ᠍ ᠵᠤᠪᠠᠨᠢᠵᠤ ᠬᠦᠰᠡᠵᠦ᠍》 ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ᠎ᠬᠢᠨ ᠣᠯᠠᠨ ᠲᠦᠮᠡᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠵᠤ᠂ ᠲᠥᠷᠥᠯ ᠵᠦᠢᠯ᠎ᠤᠨ ᠨᠠᠷᠢᠨ ᠲᠠᠩᠰᠠ᠎ᠶ᠋ᠢ ᠨᠠᠷᠢᠯᠢᠬ᠍ᠵᠢᠭᠤᠯᠤᠨ᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠪᠣᠳᠠᠲᠠᠢᠵᠢᠭᠤᠯᠵᠤ᠂ ᠪᠤᠳᠡᠳᠦ ᠠᠵᠢᠯ ᠬᠢᠵᠦ᠍ ᠦᠭ᠌ᠬᠦ ᠠᠵᠢᠯᠯᠠᠭ᠎ᠠ᠎ᠶ᠋ᠢ ᠨᠠᠩ ᠯᠠᠪᠳᠠᠭᠤᠨ ᠪᠦᠲᠦᠮᠵᠢᠲᠡᠶ ᠥᠷᠨᠢᠭᠦᠯᠬᠦ᠌᠎ᠶ᠋ᠢ ᠱᠠᠯᠠᠪᠳᠠᠭᠤᠯᠬᠤ ᠬᠡᠷᠡᠭ᠌ᠲᠡᠶ᠃ ᠭᠤᠣᠯ ᠶᠡᠭᠡ ᠲᠠᠯ᠎ᠠ᠎ᠲᠠᠢ ᠨᠢᠭ᠍ᠲᠠ ᠤᠶᠠᠯᠳᠤᠭᠤᠯᠤᠨ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠬᠢᠭᠡᠳ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠬᠤᠶᠠᠷ᠎ᠢ ᠰᠠᠭᠠᠲᠠᠭᠠᠬᠤ ᠦᠭᠡᠢ ᠬᠤᠶᠠᠷ᠎ᠢ ᠠᠬᠢᠭᠤᠯᠬᠤ᠎ᠶ᠋ᠢ ᠲᠦᠯᠬᠢᠨ ᠠᠬᠢᠭᠤᠯᠵᠤ᠂ ᠰᠠᠢᠨ ᠡᠬᠢᠯᠡᠯᠲᠡ᠎ᠲᠠᠢ ᠪᠣᠯᠭᠠᠬᠤ᠂ ᠰᠠᠢᠨ ᠠᠯᠬᠤᠴᠠ᠎ᠲᠠᠢ ᠪᠣᠯᠭᠠᠬᠤ ᠲᠠᠯ᠎ᠠ᠎ᠪᠠᠷ ᠦᠨᠡᠨ ᠬᠦ᠌ ᠢᠯᠡᠳᠲᠡ ᠦᠷ᠎ᠡ ᠪᠦᠲᠦᠮᠵᠢ ᠤᠯᠬᠤ ᠬᠡᠷᠡᠭ᠌ᠲᠡᠢ ᠬᠡᠵᠦ᠍ ᠴᠢᠬᠤᠯᠠᠴᠢᠯᠠᠪᠠ᠃ 

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠳᠥᠷᠪᠡᠳᠦᠭᠡᠷ᠂ ᠠᠷᠪᠠᠨ ᠨᠢᠭᠡᠳᠦᠭᠡᠷ᠂ ᠠᠷᠪᠠᠨ ᠳᠥᠷᠪᠡᠳᠦᠭᠡᠷ ᠲᠣᠭᠤᠷᠢᠨ ᠵᠢᠯᠣᠭᠤᠳᠭᠤ ᠳᠤᠭᠤᠢᠯᠠᠩ᠎ᠤᠨ ᠬᠠᠷᠢᠭᠤᠴᠠᠯᠭᠠᠲᠠᠨ ᠨᠥᠬᠦᠳ ᠰᠠᠨᠠᠯ᠎ᠢᠶᠠᠨ ᠰᠣᠯᠢᠯᠴᠠᠬᠤ ᠦᠭᠡ ᠬᠡᠯᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号