ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠳᠤ ᠮᠠᠨ᠎ᠤ ᠤᠷᠤᠨ᠎ᠤ ᠲᠠᠮᠢᠷᠴᠢᠳ ᠰᠠᠢᠨ ᠬᠢᠷᠢ ᠪᠦᠲᠦᠮᠵᠢ ᠤᠯᠵᠠᠢ
2021-09-28 09:40:35
ᠵᠣᠬᠢᠶᠠᠭ᠍ᠴᠢ᠄
ᠨᠠᠷᠠᠨᠳᠤᠩᠭᠠᠯᠠᠭ
ᠣᠩᠱᠢᠭ᠍ᠰᠠᠨ ᠣᠳᠠᠭ᠎ᠠ᠄
★★★☆☆

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ 9 ᠰᠠᠷ᠎ᠠ᠎ᠶ᠋ᠢᠨ 27 ᠎ᠤ ᠡᠳᠦᠷ ᠦᠨᠳᠦᠷᠯᠡᠵᠦ᠍᠂ ᠮᠠᠨ᠎ᠤ ᠤᠷᠤᠨ᠎ᠤ ᠲᠠᠮᠢᠷᠴᠢᠳ ᠰᠠᠢᠨ ᠬᠢᠷᠢ ᠪᠦᠲᠦᠮᠵᠢ ᠤᠯᠵᠠᠢ᠃ 

ᠮᠠᠨ᠎ᠤ ᠤᠷᠤᠨ᠎ᠤ ᠲᠥᠯᠥᠭᠡᠯᠡᠭ᠌ᠴᠢᠳ᠎ᠤᠨ ᠪᠦᠯᠬᠦᠮ ᠦᠷᠢᠰᠦᠯᠳᠦᠭᠡᠨᠳᠦ ᠲᠠᠮᠢᠷ᠎ᠤᠨ ᠤᠷᠤᠯᠳᠤᠭᠠᠨ᠎ᠤ ᠲᠦᠷᠦᠯ᠎ᠳᠤ ᠨᠡᠢᠲᠡ 8 ᠠᠯᠲᠠᠨ ᠮᠧᠳᠠᠯ᠂ 5 ᠮᠥᠩᠭᠦᠨ ᠮᠧᠳᠠᠯ᠂ 10 ᠬᠦᠷᠡᠯ ᠮᠧᠳᠠᠯ ᠬᠦᠷᠳᠡᠵᠦ᠍᠂ ᠳᠥᠷᠪᠡᠳᠦᠭᠡᠷ᠎ᠲᠤ 2᠂ ᠲᠠᠪᠤᠳᠤᠭᠠᠷ᠎ᠲᠤ 17᠂ ᠵᠢᠷᠭᠤᠳᠤᠭᠠᠷ᠎ᠲᠤ 3᠂ ᠳᠣᠯᠣᠳᠤᠭᠠᠷ᠎ᠲᠤ 6᠂ ᠨᠠᠢ᠍ᠮᠠᠳᠣᠭᠠᠷ᠎ᠲᠤ 6 ᠬᠦᠮᠦᠨ ᠤᠷᠤᠵᠠᠢ; ᠣᠯᠠᠨ ᠲᠦᠮᠡᠨᠴᠢ ᠤᠷᠤᠯᠳᠤᠭᠠᠨ᠎ᠤ ᠲᠦᠷᠦᠯ᠎ᠳᠤ ᠨᠡᠢᠲᠡ 3 ᠠᠯᠲᠠᠨ ᠮᠧᠳᠠᠯ᠂ 3 ᠮᠥᠩᠭᠦᠨ ᠮᠧᠳᠠᠯ᠂ 4 ᠬᠦᠷᠡᠯ ᠮᠧᠳᠠᠯ ᠬᠦᠷᠳᠡᠵᠦ᠍᠂ ᠲᠠᠪᠤᠳᠤᠭᠠᠷ᠎ᠲᠤ 10᠂ ᠵᠢᠷᠭᠤᠳᠤᠭᠠᠷ᠎ᠲᠤ 3᠂ ᠳᠣᠯᠣᠳᠤᠭᠠᠷ᠎ᠲᠤ 2᠂ ᠨᠠᠢ᠍ᠮᠠᠳᠣᠭᠠᠷ᠎ᠲᠤ 2 ᠬᠦᠮᠦᠨ ᠣᠷᠣᠵᠠᠶ; ᠦᠵᠡᠭᠦᠯᠭᠡ᠎ᠶ᠋ᠢᠨ ᠲᠣᠭ᠍ᠯᠠᠯᠲᠠ᠎ᠶ᠋ᠢᠨ ᠲᠦᠷᠦᠯ᠎ᠳᠤ 1 ᠬᠤᠶᠠᠳᠤᠭᠠᠷ ᠳᠡᠰ᠎ᠤᠨ ᠱᠠᠩᠨᠠᠯ᠂ 10 ᠭᠤᠷᠪᠠᠳᠤᠭᠠᠷ ᠳᠡᠰ᠎ᠤᠨ ᠱᠠᠩᠨᠠᠯ ᠤᠯᠤᠭ᠍ᠰᠠᠨ᠎ᠠᠴᠠ ᠭᠠᠳᠠᠨ᠎ᠠ 《ᠬᠠᠮᠤᠭ᠎ᠤᠨ ᠬᠦᠷᠢᠶᠡᠯᠡᠯᠲᠡᠢ ᠱᠠᠩᠨᠠᠯ》 ᠲᠤᠰᠪᠠ᠃ 

ᠤᠷᠤᠯᠳᠤᠭᠠᠨ᠎ᠤ ᠲᠠᠯᠠᠪᠠᠢ᠎ᠳᠤ ᠮᠠᠨ᠎ᠤ ᠤᠷᠤᠨ᠎ᠤ ᠲᠠᠮᠢᠷᠴᠢᠳ ᠪᠦᠬᠦ᠌ ᠬᠦᠴᠦᠨ᠎ᠢᠶᠠᠷ᠎ᠢᠶᠠᠨ ᠴᠢᠷᠮᠠᠢᠵᠤ᠂ ᠨᠥᠬᠦᠷᠰᠡᠭ᠎ᠢᠶᠠᠷ ᠪᠤᠰᠤᠳ᠎ᠢ ᠲᠤᠰᠠᠯᠠᠵᠤ᠂ ᠥᠭᠡᠳᠡᠯᠡᠨ ᠲᠠᠪᠱᠢᠬᠤ ᠱᠢᠨ᠎ᠡ ᠴᠠᠭ ᠦᠶ᠎ᠡ᠎ᠶ᠋ᠢᠨ ᠥᠪᠥᠷ ᠮᠣᠩᠭᠤᠯ᠎ᠤᠨ ᠲᠠᠮᠢᠷᠴᠢᠳ᠎ᠤᠨ ᠴᠤᠭ ᠵᠢᠪᠬᠤᠭ᠎ᠠ᠎ᠶ᠋ᠢ ᠢᠯᠡᠷᠡᠭᠦᠯᠪᠡ᠃ ᠥᠪᠥᠷ ᠮᠣᠩᠭᠤᠯ᠎ᠤᠨ ᠮᠣᠷᠢᠨ ᠮᠡᠷᠭᠡᠵᠢᠯ᠎ᠤᠨ ᠠᠩᠭᠢ᠂ ᠥᠪᠥᠷ ᠮᠣᠩᠭᠤᠯ᠎ᠤᠨ ᠵᠢᠦᠳᠣᠣ ᠪᠦᠬᠡ᠎ᠶ᠋ᠢᠨ ᠠᠩᠭᠢ᠂ ᠥᠪᠥᠷ ᠮᠣᠩᠭᠤᠯ᠎ᠤᠨ ᠪᠤᠤᠺᠰ᠎ᠤᠨ ᠠᠩᠭᠢ᠂ ᠪᠦᠭᠡ᠎ᠶ᠋ᠢᠨ ᠠᠩᠭᠢ᠂ ᠥᠪᠥᠷ ᠮᠣᠩᠭᠤᠯ᠎ᠤᠨ ᠬᠤᠪᠢ ᠬᠥᠮᠦᠨ᠎ᠤ ᠭᠤᠷᠪᠠᠨ ᠲᠦᠷᠦᠯ᠎ᠤᠨ ᠠᠩᠭᠢ᠂ ᠥᠪᠥᠷ ᠮᠣᠩᠭᠤᠯ᠎ᠤᠨ ᠳᠤᠮᠳᠠᠳᠤ ᠮᠠᠶᠢᠭ᠎ᠤᠨ ᠪᠥᠬᠡ᠎ᠶ᠋ᠢᠨ ᠠᠩᠭᠢ 《ᠪᠡᠶ᠎ᠡ᠎ᠶ᠋ᠢᠨ ᠲᠠᠮᠢᠷ᠎ᠤᠨ ᠶᠣᠰᠣ ᠰᠤᠷᠲᠠᠬᠤᠨ᠎ᠤ ᠬᠡᠪ ᠰᠤᠷᠲᠠᠯ》 ᠎ᠤᠨ ᠱᠠᠩᠨᠠᠯ᠎ᠢ ᠭᠥᠷᠳᠡᠵᠦ᠍᠂ ᠮᠠᠨ᠎ᠤ ᠣᠷᠣᠨ᠎ᠤ 9 ᠲᠠᠮᠢᠷᠴᠢᠨ 《ᠪᠡᠶ᠎ᠡ᠎ᠶ᠋ᠢᠨ ᠲᠠᠮᠢᠷ᠎ᠤᠨ ᠶᠣᠰᠣ ᠰᠤᠷᠲᠠᠬᠤᠨ᠎ᠤ ᠬᠡᠪ ᠰᠤᠷᠲᠠᠯ᠎ᠲᠠᠢ ᠲᠠᠮᠢᠷᠴᠢᠨ》 ᠎ᠤ ᠱᠠᠩᠨᠠᠯ ᠭᠥᠷᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号