ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ ᠪᠤᠯ ᠨᠠᠮ ᠪᠠ ᠠᠷᠠᠳ ᠳᠦᠮᠠᠨ ᠴᠡᠷᠢᠭ᠎ᠤᠨ ᠦᠨᠳᠦᠰᠦ ᠮᠦᠨ (ᠬᠤᠶᠠᠷ)
2021-09-28 10:09:52
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠤᠤ᠎ᠶ᠋ᠢᠨ᠎ᠢᠶᠠᠷ ᠲᠥᠪ ᠪᠣᠯᠭᠠᠭ᠍ᠰᠠᠨ ᠱᠠᠨᠰᠢ ᠭᠠᠨᠰᠦ᠎ᠶ᠋ᠢᠨ ᠬᠢᠵᠠᠭᠠᠷ ᠣᠷᠣᠨ᠎ᠤ ᠬᠤᠪᠢᠰᠭᠠᠯ᠎ᠤᠨ ᠰᠠᠭᠤᠷᠢᠨ ᠭᠠᠵᠠᠷ᠎ᠨᠢ ᠳᠤᠮᠳᠠᠳᠤ ᠤᠯᠤᠰ᠎ᠤᠨ ᠬᠤᠪᠢᠰᠭᠠᠯ᠎ᠤᠨ ᠲᠡᠦᠬᠡᠨ ᠳᠡᠭᠡᠷ᠎ᠡ ᠭᠡᠷᠡᠯ ᠰᠠᠴᠤᠷᠠᠩᠭᠤᠢ ᠬᠠᠭᠤᠳᠠᠰᠤ᠎ᠶ᠋ᠢ ᠪᠢᠴᠢᠭ᠌ᠯᠡᠵᠡᠢ᠃ ᠬᠤᠪᠢᠰᠭᠠᠯ᠎ᠤᠨ ᠰᠠᠭᠤᠷᠢᠨ ᠭᠠᠵᠠᠷ᠎ᠤᠨ ᠲᠡᠦᠬᠡ᠎ᠶ᠋ᠢᠨ ᠲᠤᠬᠠᠢ ᠰᠤᠳᠤᠯᠭᠠᠨ᠎ᠢ ᠴᠢᠩᠭᠠᠳᠭᠠᠵᠤ᠂ ᠲᠡᠦᠬᠡ᠎ᠶ᠋ᠢᠨ ᠲᠤᠷᠱᠢᠯᠭ᠎ᠠ᠎ᠶ᠋ᠢ ᠳ᠋ᠦᠩᠨᠡᠨ᠂ ᠬᠤᠪᠢᠰᠭᠠᠯᠲᠤ ᠵᠣᠷᠢᠭ ᠰᠠᠨᠠᠭ᠎ᠠ ᠪᠠ ᠱᠢᠯᠢᠳᠡᠭ ᠰᠤᠷᠲᠠᠯ᠎ᠢ ᠨᠡᠩ ᠰᠠᠢᠨ ᠪᠠᠳᠠᠷᠠᠭᠤᠯᠬᠤ ᠬᠡᠷᠡᠭ᠌ᠲᠡᠢ᠃ 

(ᠰᠢ᠎ᠶ᠋ᠢᠨ ᠫᠢᠩ 2015 ᠣᠨ᠎ᠤ 2 ᠰᠠᠷ᠎ᠠ᠎ᠶ᠋ᠢᠨ 13 ᠎ᠤ ᠡᠳᠦᠷ᠎ᠠᠴᠠ 16 ᠎ᠤ ᠡᠳᠦᠷ ᠪᠣᠯᠲᠠᠯ᠎ᠠ ᠴᠠᠭᠠᠨ ᠰᠠᠷ᠎ᠠ᠎ᠠᠴᠠ ᠡᠮᠦᠨᠡᠬᠡᠨ ᠱᠠᠨᠰᠢ᠎ᠳᠤ ᠬᠦᠷᠴᠦ᠍ ᠥᠷᠭᠡᠨ ᠤᠯᠠᠨ ᠺᠠᠳ᠋ᠷ ᠤᠯᠠᠨ ᠲᠦᠮᠡᠨ᠎ᠢ ᠡᠷᠭᠢᠵᠦ᠍ ᠦᠵᠡᠬᠦ᠌᠎ᠳᠡᠭᠡᠨ ᠬᠡᠯᠡᠭ᠌ᠰᠡᠨ ᠦᠭᠡ)᠃

ᠭᠤᠸᠠᠩᠰᠢ ᠪᠣᠯ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ ᠪᠣᠯᠤᠨ᠎ᠠ᠂ ᠳ᠋ᠧᠩ ᠱᠢᠶᠤᠤ ᠫᠢᠩ᠂ ᠵᠠᠩ ᠶᠦᠨ ᠢ᠂ ᠸᠧᠢ ᠪᠠ ᠴᠢᠶᠦ᠋ᠨ ᠵᠡᠷᠭᠡ ᠠᠬᠠᠮᠠᠳ ᠨᠢᠭᠡ ᠦᠶ᠎ᠡ᠎ᠶ᠋ᠢᠨ ᠬᠤᠪᠢᠰᠭᠠᠯᠴᠢᠳ ᠡᠨᠡ ᠬᠦ᠌ ᠬᠤᠪᠢᠰᠭᠠᠯᠲᠤ ᠨᠤᠲᠤᠭ ᠳᠡᠪᠢᠰᠭᠡᠷ ᠳᠡᠭᠡᠷ᠎ᠡ ᠪᠠᠢ ᠰᠧ᠎ᠶ᠋ᠢᠨ ᠪᠣᠰᠣᠯᠭ᠎ᠠ ᠪᠠ ᠯᠦᠩ ᠵᠧᠦ᠎ᠶ᠋ᠢᠨ ᠪᠣᠰᠣᠯᠭ᠎ᠠ᠎ᠶ᠋ᠢ ᠤᠳᠤᠷᠢᠳᠴᠤ᠌᠂ ᠽᠦᠸᠧᠵᠢᠶᠠᠩ ᠶᠢᠤᠵᠢᠶᠠᠩ᠎ᠤᠨ ᠬᠤᠪᠢᠰᠭᠠᠯ᠎ᠤᠨ ᠰᠠᠭᠤᠷᠢᠨ ᠭᠠᠵᠠᠷ᠎ᠢ ᠪᠠᠢᠭᠤᠯᠪᠠ᠃ 1934 ᠣᠨ᠎ᠤ ᠠᠷᠪᠠᠨ ᠨᠢᠭᠡᠳᠦᠭᠡᠷ ᠰᠠᠷ᠎ᠠ᠎ᠶ᠋ᠢᠨ ᠬᠤᠷᠢᠨ ᠲᠤᠯᠤᠭᠠᠨ᠎ᠠᠴᠠ ᠠᠷᠪᠠᠨ ᠬᠤᠶᠠᠳᠤᠭᠠᠷ ᠰᠠᠷ᠎ᠠ᠎ᠶ᠋ᠢᠨ ᠡᠬᠢ ᠬᠦᠷᠲᠡᠯ᠎ᠡ᠂ ᠱᠢᠶᠠᠩᠵᠢᠶᠠᠩ ᠮᠥᠷᠡᠨ᠎ᠤ ᠬᠠᠷᠠᠰᠠᠯᠳᠤ ᠳᠠᠢᠯᠠᠯᠳᠤᠭᠠᠨ ᠭᠤᠸᠠᠩᠰᠢ᠎ᠶ᠋ᠢᠨ ᠬᠢᠯᠢ᠎ᠳᠤ ᠭᠠᠷᠴᠠᠢ᠃ ᠡᠷᠲᠡ ᠴᠢᠯᠥᠭᠡᠯᠡᠭ᠌ᠳᠡᠭ᠌ᠰᠡᠨ ᠣᠷᠣᠨ ᠪᠣᠯᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠠᠷᠠᠳ ᠲᠦᠮᠡᠨ ᠮᠠᠨ᠎ᠤ ᠨᠠᠮ᠎ᠤᠨ ᠤᠳᠤᠷᠢᠳᠤᠭ᠍ᠰᠠᠨ ᠳᠤᠮᠳᠠᠳᠤ ᠤᠯᠤᠰ᠎ᠤᠨ ᠬᠤᠪᠢᠰᠭᠠᠯ᠎ᠳᠤ ᠴᠢᠬᠤᠯᠠ ᠶᠡᠭᠡ ᠦᠷᠡᠭ᠌ᠳᠡᠯ ᠪᠠ ᠬᠤᠪᠢ ᠨᠡᠮᠡᠷᠢ ᠦᠵᠡᠭᠦᠯᠦᠭ᠌ᠰᠡᠨ ᠶᠤᠮ᠃ 

(ᠰᠢ᠎ᠶ᠋ᠢᠨ ᠫᠢᠩ᠎ᠤᠨ 2017 ᠣᠨ᠎ᠤ 4 ᠰᠠᠷ᠎ᠠ᠎ᠶ᠋ᠢᠨ 21 ᠎ᠤ ᠡᠳᠦᠷ ᠭᠤᠸᠠᠩᠰᠢ᠎ᠳᠤ ᠠᠵᠢᠯ ᠪᠠᠢᠴᠠᠭᠠᠵᠤ ᠳᠠᠭᠤᠰᠭᠤ ᠦᠶ᠎ᠡ᠎ᠳᠤ ᠶᠠᠷᠢᠭ᠍ᠰᠠᠨ ᠶᠠᠷᠢᠶ᠎ᠠ)᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号