ᠤᠢ᠍ᠢᠷ᠎ᠠ᠎ᠶ᠋ᠢᠨ ᠡᠳᠦᠷ᠂ ᠬᠦᠬᠡᠬᠤᠳᠠ᠎ᠶ᠋ᠢᠨ ᠲᠤᠳᠤᠭᠠᠳᠤ᠎ᠶ᠋ᠢ ᠬᠠᠮᠠᠭᠠᠯᠠᠬᠤ ᠲᠤᠪᠴᠢᠶ᠎ᠠ᠎ᠶ᠋ᠢᠨ ᠬᠤᠤᠷ ᠴᠠᠭᠠᠵᠠᠯᠠᠬᠤ ᠰᠠᠯᠪᠤᠷᠢ ᠠᠩᠭᠢ ᠳᠠᠭᠠᠭᠠᠴᠢᠯᠠᠨ ᠬᠤᠯᠪᠣᠭᠠᠯᠠᠭ᠍ᠰᠠᠨ ᠪᠠᠷᠠᠭᠤᠨ ᠵᠶ᠋ᠢ ᠡᠦ ᠳ᠋ᠤᠸᠠᠨ ᠨᠡᠢᠭᠡᠮ ᠲᠣᠭᠤᠷᠢᠭ᠎ᠲᠤ ᠬᠦᠷᠴᠦ᠍᠂ ᠪᠥᠬᠦ᠌ ᠤᠯᠤᠰ᠎ᠤᠨ ᠪᠣᠯᠪᠠᠰᠤᠨ ᠬᠤᠲᠠ᠎ᠶ᠋ᠢ ᠡᠭᠦᠳᠦᠨ ᠪᠠᠢᠭᠤᠯᠬᠤ ᠲᠥᠪᠯᠡᠷᠡᠩᠭᠦᠶ ᠤᠬᠠᠭᠤᠯᠭ᠎ᠠ ᠪᠤᠯᠤᠨ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ ᠠᠵᠢᠯᠯᠠᠭ᠎ᠠ ᠥᠷᠨᠢᠭᠦᠯᠪᠡ᠃ ᠬᠤᠤᠷ ᠴᠠᠭᠠᠵᠠᠯᠠᠬᠤ ᠰᠠᠯᠪᠤᠷᠢ ᠠᠩᠭᠢ᠎ᠶ᠋ᠢᠨ 27 ᠴᠠᠭ᠍ᠳᠠᠭ᠎ᠠ ᠲᠤᠰᠠᠯᠠᠬ᠍ᠴᠢ ᠴᠠᠭ᠍ᠳᠠᠭ᠎ᠠ ᠲᠤᠬᠠᠶ᠎ᠶ᠋ᠢᠨ ᠲᠠᠯᠠᠪᠠᠶ᠎ᠳᠤ ᠨᠡᠢᠭᠡᠮ ᠲᠣᠭᠤᠷᠢᠭ᠎ᠤᠨ ᠣᠷᠴᠢᠨ ᠲᠣᠭᠤᠷᠢᠨ᠎ᠤ ᠠᠷᠢᠭᠤᠨ ᠴᠡᠪᠡᠷ᠎ᠢ ᠴᠡᠭ᠌ᠴᠡᠯᠡᠨ ᠰᠠᠢᠵᠢᠷᠠᠭᠤᠯᠬᠤ ᠠᠵᠢᠯᠯᠠᠭ᠎ᠠ ᠥᠷᠨᠢᠭᠦᠯᠵᠦ᠍᠂ ᠨᠡᠢᠭᠡᠮ ᠲᠣᠭᠤᠷᠢᠭ᠎ᠤᠨ ᠡᠷᠡᠭᠦᠯ ᠬᠠᠮᠠᠭᠠᠯᠠᠯ᠂ ᠵᠢᠵᠢᠭ ᠵᠠᠷ ᠮᠡᠳᠡᠭᠡ᠎ᠶ᠋ᠢ ᠭᠤᠤᠯᠳᠠᠯᠭ᠎ᠠ᠎ᠲᠠᠢ ᠲᠦᠢᠯᠪᠤᠷᠢᠲᠠᠶ ᠴᠡᠪᠡᠷᠯᠡᠵᠦ᠍᠂ ᠨᠡᠢᠭᠡᠮ ᠲᠣᠭᠤᠷᠢᠭ᠎ᠤᠨ ᠣᠷᠴᠢᠨ ᠲᠣᠭᠤᠷᠢᠨ᠎ᠢ ᠶᠡᠭᠡ᠎ᠪᠠᠷ ᠰᠠᠢᠵᠢᠷᠠᠭᠤᠯᠪᠡ᠃
ᠲᠣᠰ ᠤᠳᠠᠭᠠᠨ᠎ᠤ ᠠᠵᠢᠯᠯᠠᠭ᠎ᠠ᠎ᠨᠢ 《ᠠᠮᠢ ᠨᠠᠰᠤ᠎ᠪᠠᠨ ᠨᠠᠨᠳᠢᠩᠨᠠᠵᠤ ᠬᠤᠤᠷᠳᠦ ᠡᠳ᠋᠎ᠠᠴᠠ ᠬᠤᠯᠠ ᠪᠠᠢᠬᠤ》 ᠪᠠᠷ ᠭᠤᠤᠯ ᠰᠡᠳᠦᠪ ᠪᠤᠯᠭᠠᠵᠤ᠂ ᠬᠤᠤᠷ ᠴᠠᠭᠠᠵᠠᠯᠠᠬᠤ ᠲᠡᠦᠬᠡ᠂ ᠬᠤᠣᠷᠲᠤ ᠡᠳ᠋᠎ᠤᠨ ᠪᠠᠢᠳᠠᠯ᠂ ᠬᠤᠣᠷᠲᠤ ᠡᠳ᠋᠎ᠤᠨ ᠠᠩᠭᠢᠯᠠᠯ᠂ ᠬᠤᠣᠷᠲᠤ ᠡᠳ᠋᠎ᠤᠨ ᠬᠤᠣᠷ ᠬᠥᠨᠥᠭᠡᠯ᠂ ᠠᠢᠽ ᠡᠪᠡᠳᠴᠢᠨ᠎ᠢ ᠰᠡᠷᠭᠡᠢᠯᠡᠬᠦ᠂ ᠬᠤᠤᠷ ᠴᠠᠭᠠᠵᠠᠯᠠᠬᠤ ᠲᠥᠷᠥ᠎ᠶ᠋ᠢᠨ ᠪᠣᠳᠣᠯᠭ᠎ᠠ ᠬᠠᠤᠯᠢ ᠴᠠᠭᠠᠵᠠ ᠵᠡᠷᠭᠡ 6 ᠲᠠᠯ᠎ᠠ᠎ᠪᠠᠷ ᠤᠬᠠᠭᠤᠯᠭ᠎ᠠ ᠥᠷᠨᠢᠭᠦᠯᠪᠡ᠃
ᠲᠣᠰ ᠤᠳᠠᠭᠠᠨ᠎ᠤ ᠪᠥᠬᠦ᠌ ᠤᠯᠤᠰ᠎ᠤᠨ ᠪᠣᠯᠪᠠᠰᠤᠨ ᠬᠤᠲᠠ᠎ᠶ᠋ᠢ ᠡᠭᠦᠳᠦᠨ ᠪᠠᠢᠭᠤᠯᠬᠤ ᠲᠥᠪᠯᠡᠷᠡᠩᠭᠦᠶ ᠤᠬᠠᠭᠤᠯᠭ᠎ᠠ ᠵᠢᠴᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ ᠠᠵᠢᠯᠯᠠᠭ᠎ᠠ᠎ᠨᠢ ᠨᠡᠢᠭᠡᠮ ᠲᠣᠭᠤᠷᠢᠭ᠎ᠤᠨ ᠰᠠᠭᠤᠭᠠᠯᠢ ᠠᠷᠠᠳ᠎ᠤᠨ ᠬᠤᠤᠷ᠎ᠢ ᠲᠠᠨᠢᠬᠤ᠂ ᠬᠤᠤᠷ᠎ᠢ ᠰᠡᠷᠭᠡᠢᠯᠡᠬᠦ᠂ ᠬᠤᠤᠷ᠎ᠢ ᠲᠡᠪᠴᠢᠬᠦ᠌ ᠤᠬᠠᠮᠰᠠᠷ᠎ᠢ ᠤᠯᠠᠮ ᠴᠢᠨᠠᠬ᠍ᠰᠢᠳᠠ ᠳᠡᠭᠡᠭ᠌ᠰᠢᠯᠡᠭᠦᠯᠵᠦ᠍᠂ ᠨᠡᠢᠭᠡᠮ ᠲᠣᠭᠤᠷᠢᠭ᠎ᠤᠨ ᠬᠤᠤᠷ ᠴᠠᠭᠠᠵᠠᠯᠠᠬᠤ ᠠᠵᠢᠯ᠎ᠤᠨ ᠢᠳᠡᠪᠬᠢᠵᠢᠯ᠎ᠢ ᠭᠦᠢᠴᠡᠳ ᠳᠠᠢᠴᠢᠯᠠᠨ᠂ ᠬᠤᠤᠷ ᠴᠠᠭᠠᠵᠠᠯᠠᠬᠤ ᠠᠵᠢᠯ᠎ᠤᠨ ᠠᠷᠠᠳ᠎ᠤᠨ ᠲᠠᠢᠯᠠᠯᠳᠤᠭᠠᠨ᠎ᠳᠤ ᠪᠥᠬᠦ᠌ ᠲᠠᠯ᠎ᠠ᠎ᠪᠠᠷ ᠢᠯᠠᠯᠲᠠ ᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠭᠦᠭ᠌ᠰᠡᠨ ᠪᠠᠢᠨ᠎ᠠ᠃