
ᠬᠤᠪᠢᠰᠭᠠᠯ᠎ᠤᠨ ᠤᠳᠤᠮᠱᠢᠯ᠎ᠢ ᠵᠠᠯᠭᠠᠮᠵᠢᠯᠠᠵᠤ ᠰᠢ ᠪᠠᠢ ᠫᠦᠸᠧ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠶ᠎ᠠ
1949 ᠣᠨ᠎ᠤ 3 ᠰᠠᠷ᠎ᠠ᠎ᠶ᠋ᠢᠨ 23 ᠤ ᠡᠳᠦᠷ᠂ ᠨᠠᠮ᠎ᠤᠨ ᠲᠥᠪ ᠬᠤᠷᠢᠶ᠎ᠠ ᠰᠢ ᠪᠠᠢ ᠫᠦᠸᠧ᠎ᠠᠴᠠ ᠰᠠᠯᠪᠠ᠃ ᠡᠨᠡ ᠬᠦ᠌ ᠳᠤᠮᠳᠠᠳᠤ ᠤᠯᠤᠰ᠎ᠤᠨ ᠬᠤᠪᠢᠰᠭᠠᠯ᠎ᠤᠨ ᠠᠭᠤᠤ ᠶᠡᠭᠡ ᠲᠡᠦᠬᠡᠨ ᠡᠷᠭᠢᠯᠲᠡ᠎ᠶ᠋ᠢᠨ ᠴᠠᠭ ᠦᠶ᠎ᠡ᠎ᠳᠤ᠂ ᠰᠦᠷ ᠳᠠᠯᠠᠢᠴᠠᠲᠠᠢ ᠬᠤᠪᠢᠰᠭᠠᠯ᠎ᠤᠨ ᠦᠢᠯᠡᠳᠦᠯᠭᠡ᠎ᠶ᠋ᠢᠨ ᠳᠤᠮᠳᠠ᠂ 《ᠬᠤᠶᠠᠷ ᠡᠷᠬᠡᠪᠰᠢ》 ᠪᠠᠷ ᠭᠤᠣᠯ ᠪᠣᠯᠭᠠᠭ᠍ᠰᠠᠨ ᠰᠢ ᠪᠠᠢ ᠫᠦᠸᠧ᠎ᠶ᠋ᠢᠨ ᠵᠣᠷᠢᠭ ᠰᠠᠨᠠᠭ᠎ᠠ᠎ᠶ᠋ᠢ ᠪᠦᠷᠢᠯᠳᠦᠬᠦᠯᠵᠡᠢ᠃ ᠰᠢ ᠪᠠᠢ ᠫᠦᠸᠧ᠎ᠶ᠋ᠢᠨ ᠵᠣᠷᠢᠭ ᠰᠠᠨᠠᠭ᠎ᠠ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠤᠪᠢᠰᠭᠠᠯ᠎ᠤᠨ ᠦᠢᠯᠡᠳᠦᠯᠭᠡ ᠳᠤᠮᠳᠠ ᠪᠦᠷᠢᠯᠳᠦᠭ᠌ᠰᠡᠨ ᠪᠠᠰᠠ ᠨᠢᠭᠡᠨ ᠠᠭᠤᠤ ᠶᠡᠭᠡ ᠵᠣᠷᠢᠭ ᠰᠠᠨᠠᠭ᠎ᠠ ᠮᠥᠨ᠂ ᠪᠠᠰᠠ ᠴᠤ᠌ ᠱᠢᠨ᠎ᠡ ᠴᠠᠭ ᠦᠶ᠎ᠡ᠎ᠳᠤ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠶ᠋ᠢᠨ ᠱᠢᠷᠬᠢᠰᠢ ᠦᠭᠡᠢ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ ᠮᠥᠨ᠃
《ᠥᠩᠭᠡᠷᠡᠭ᠌ᠰᠡᠨ ᠵᠠᠭᠤᠨ ᠵᠢᠯ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠳᠡᠭᠡᠨ᠂ ᠲᠡᠦᠬᠡᠨ᠎ᠳᠤ ᠨᠢᠭᠡᠨ ᠬᠤᠪᠢ ᠱᠢᠯᠢᠳᠡᠭ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠪᠠ᠃ ᠤᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ᠎ᠶ᠋ᠢᠨ ᠠᠶᠠᠨ᠎ᠳᠤ ᠮᠤᠷᠳᠠᠯ᠎ᠠ》᠃ ᠡᠨᠡ ᠪᠣᠯ 2021 ᠣᠨ᠎ᠤ 7 ᠰᠠᠷ᠎ᠠ᠎ᠶ᠋ᠢᠨ 1 ᠤ ᠡᠳᠦᠷ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠶᠠᠷᠢᠶᠠᠨ᠎ᠳᠠᠬᠢ ᠪᠠᠰᠠ ᠨᠢᠭᠡᠨ ᠪᠠᠢᠯᠳᠤᠭᠠᠨ᠎ᠤ ᠪᠦᠷᠢᠶ᠎ᠡ ᠪᠣᠯᠤᠨ᠎ᠠ᠃ ᠥᠨᠥᠳᠦᠷ᠎ᠤᠨ ᠳᠤᠮᠳᠠᠳᠤ ᠤᠯᠤᠰ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠪᠠᠨ ᠪᠡᠶᠡᠯᠡᠭᠦᠯᠵᠦ᠍᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠲᠦᠢᠯ᠎ᠤᠨ ᠶᠠᠳᠠᠭᠤ ᠬᠦᠴᠢᠷᠳᠡᠯ᠎ᠤᠨ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠱᠢᠢᠳᠪᠦᠷᠢᠯᠡᠪᠡ᠃ ᠡᠨᠡ ᠪᠣᠯ ᠮᠠᠤ ᠽᠧ ᠳ᠋ᠦᠩ ᠨᠥᠬᠦᠷ᠎ᠤᠨ 《ᠬᠤᠶᠠᠷ ᠡᠷᠬᠡᠪᠰᠢ》 ᠶ᠋ᠢᠨ ᠰᠡᠷᠡᠮᠵᠢᠯᠡᠭᠦᠯᠦᠯ᠎ᠳᠠᠬᠢ ᠬᠠᠮᠤᠭ᠎ᠤᠨ ᠰᠠᠢᠨ ᠲᠠᠢᠳᠭᠤᠷᠠᠭᠤᠯᠤᠯ ᠮᠥᠨ᠂ ᠰᠢ ᠪᠠᠢ ᠫᠦᠸᠧ᠎ᠶ᠋ᠢᠨ ᠵᠣᠷᠢᠭ ᠰᠠᠨᠠᠭ᠎ᠠ ᠦᠷᠭᠦᠯᠵᠢᠯᠡᠨ ᠬᠥᠭ᠌ᠵᠢᠭ᠌ᠰᠡᠨᠤ ᠬᠠᠮᠤᠭ᠎ᠤᠨ ᠲᠡᠦᠬᠡᠲᠦ ᠠᠴᠢ ᠬᠤᠯᠪᠣᠭ᠍ᠳᠠᠯ᠎ᠲᠠᠢ ᠦᠢᠯᠡᠳᠦᠯᠭᠡ᠎ᠶ᠋ᠢᠨ ᠦᠷ᠎ᠡ ᠪᠦᠲᠦᠭᠡᠯ ᠮᠥᠨ᠃ ᠡᠨᠡ ᠵᠢᠯ᠂ ᠪᠢᠳᠡ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢ ᠡᠬᠢᠯᠡᠨ ᠬᠡᠷᠡᠭ᠌ᠵᠢᠭᠦᠯᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢᠶᠠᠨ ᠡᠬᠢᠯᠡᠭᠦᠯᠪᠡ᠃ ᠱᠢᠨ᠎ᠡ ᠠᠶᠠᠨ᠎ᠳᠠᠭᠠᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ ᠪᠣᠯᠤᠨ ᠳᠡᠯᠡᠬᠡᠢ ᠳ᠋ᠠᠬᠢᠨ᠎ᠤ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠠᠵᠠ ᠲᠣᠬᠢᠶᠠᠯ᠎ᠢ ᠠᠮᠵᠢᠵᠤ᠂ ᠥᠷᠢᠰᠥᠯᠳᠦᠭᠡᠨ᠎ᠢ ᠠᠷᠭᠠᠴᠠᠭᠠᠵᠤ᠂ ᠠᠱᠢᠭ᠎ᠢ ᠡᠷᠬᠢᠮᠯᠡᠨ ᠬᠤᠣᠷ᠎ᠠᠴᠠ ᠵᠠᠢᠯᠠᠵᠤ᠂ ᠥᠪᠡᠷ᠎ᠤᠨ ᠶᠠᠪᠤᠳᠠᠯ᠎ᠢᠶᠠᠨ ᠰᠠᠢᠲᠤᠷ ᠬᠢᠵᠦ᠍᠂ ᠱᠢᠨ᠎ᠡ ᠱᠢᠯᠭᠠᠯᠲᠠ᠎ᠳᠤ ᠣᠷᠣᠯᠴᠠᠬᠤ ᠵᠠᠮ᠎ᠢᠶᠠᠷ ᠰᠠᠢᠲᠤᠷ ᠵᠠᠮᠨᠠᠬᠤ᠎ᠳᠤ᠂ ᠬᠤᠪᠢᠰᠭᠠᠯ᠎ᠤᠨ ᠤᠳᠤᠮᠱᠢᠯ᠎ᠢ ᠵᠠᠯᠭᠠᠮᠵᠢᠯᠠᠵᠤ᠂ ᠰᠢ ᠪᠠᠢ ᠫᠦᠸᠧ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠬᠤ ᠬᠡᠷᠡᠭ᠌ᠲᠡᠢ᠃
ᠱᠢᠨ᠎ᠡ ᠠᠶᠠᠨ ᠵᠠᠮ᠎ᠳᠠᠭᠠᠨ᠂ ᠰᠢ ᠪᠠᠢ ᠫᠦᠸᠧ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠬᠤ᠎ᠳᠤ᠂ ᠠᠷᠠᠳ ᠲᠦᠮᠡᠨ᠎ᠢᠶᠠᠷ ᠭᠤᠣᠯ ᠪᠣᠯᠭᠠᠬᠤ ᠦᠨᠳᠦᠰᠦᠨ ᠵᠣᠭ᠍ᠰᠣᠯᠲᠠ᠎ᠶ᠋ᠢ ᠢᠮᠠᠭ᠍ᠲᠠ ᠪᠠᠷᠢᠮᠲᠠᠯᠠᠬᠤ ᠬᠡᠷᠡᠭ᠌ᠲᠡᠢ᠃ ᠰᠢ ᠪᠠᠶ ᠫᠦᠸᠧ᠎ᠶ᠋ᠢᠨ ᠴᠠᠭ ᠦᠶ᠎ᠡ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠳᠤ ᠲᠦᠱᠢᠭ᠌ᠯᠡᠨ᠂ ᠭᠤᠮᠢᠨᠳᠠᠩ᠎ᠤᠨ ᠬᠦᠴᠦᠷᠬᠡᠭ ᠶᠡᠭᠡ ᠴᠡᠷᠢᠭ᠎ᠤᠨ ᠶᠠᠪᠤᠳᠠᠯ᠎ᠤᠨ ᠳᠠᠭᠠᠷᠢᠯᠲᠠ᠎ᠶ᠋ᠢ ᠨᠢᠷᠭᠡᠭ᠌ᠰᠡᠨ ᠠᠯᠢ ᠤᠯᠠᠨ ᠢᠯᠠᠯᠲᠠ᠎ᠶ᠋ᠢ ᠣᠯᠵᠠᠶ; ᠠᠷᠠᠳ ᠲᠦᠮᠡᠨ᠎ᠤ ᠲᠥᠯᠥᠭᠡ᠂ ᠭᠠᠵᠠᠷ ᠱᠢᠷᠣᠶ᠎ᠶ᠋ᠢᠨ ᠬᠤᠪᠢᠰᠭᠠᠯ᠎ᠤᠨ ᠬᠥᠳᠡᠯᠭᠡᠭᠡᠨ ᠥᠷᠨᠢᠭᠦᠯᠵᠦ᠍᠂ ᠲᠠᠷᠢᠶᠠᠴᠢᠨ᠎ᠳᠤ ᠭᠠᠵᠠᠷ ᠱᠢᠷᠣᠶ ᠬᠦᠷᠳᠡᠭᠡᠪᠡ᠃ ᠠᠯᠢᠪᠠ ᠪᠦᠬᠦᠨ ᠠᠷᠠᠳ ᠲᠦᠮᠡᠨ᠎ᠤ ᠲᠥᠯᠥᠭᠡ ᠪᠠᠢᠬᠤ᠂ ᠠᠯᠢᠪᠠ ᠪᠦᠬᠦᠨ᠎ᠳᠤ ᠠᠷᠠᠳ ᠲᠦᠮᠡᠨ᠎ᠢ ᠲᠦᠱᠢᠭ᠌ᠯᠡᠬᠦ᠌ ᠦᠨᠳᠦᠰᠦᠨ ᠵᠣᠭ᠍ᠰᠣᠯᠲᠠ᠎ᠲᠠᠢ ᠪᠠᠢᠬ᠍ᠰᠠᠨ᠎ᠠᠴᠠ ᠨᠠᠮ ᠪᠣᠯᠤᠨ ᠠᠷᠠᠳ ᠲᠦᠮᠡᠨ᠂ ᠴᠡᠷᠢᠭ ᠠᠩᠭᠢ ᠪᠣᠯᠤᠨ ᠠᠷᠠᠳ ᠲᠦᠮᠡᠨ ᠰᠠᠶᠢ ᠨᠢᠭ᠍ᠲᠠ ᠬᠤᠯᠪᠣᠯᠳᠤᠵᠤ᠂ ᠪᠦᠯᠬᠦᠮᠳᠡᠨ ᠨᠢᠭᠡᠳᠴᠦ᠍᠂ ᠡᠴᠦᠰ᠎ᠲᠡᠭᠡᠨ ᠤᠷᠢᠳᠤ ᠡᠮᠦᠨ᠎ᠡ ᠪᠠᠢᠭ᠎ᠠ ᠦᠭᠡᠢ ᠠᠷᠠᠳ᠎ᠤᠨ ᠲᠠᠢᠢᠨ᠎ᠳᠤ ᠢᠯᠠᠯᠲᠠ ᠣᠯᠤᠭ᠍ᠰᠠᠨ ᠶᠤᠮ᠃ ᠱᠢᠨ᠎ᠡ ᠴᠠᠭ ᠦᠶ᠎ᠡ᠎ᠳᠤ ᠣᠷᠤᠬᠤᠶ᠎ᠠ᠂ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠮᠡᠴᠡᠬᠦ᠌ ᠬᠠᠷᠠᠯᠲᠠ ᠮᠥᠨ᠂ ᠠᠷᠠᠳ ᠲᠦᠮᠡᠨ᠎ᠢ ᠲᠦᠷᠦ᠎ᠶ᠋ᠢ ᠵᠠᠰᠠᠵᠤ ᠵᠠᠰᠠᠭ᠎ᠢ ᠡᠷᠬᠢᠯᠡᠬᠦ᠌ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠠᠷᠠᠳ ᠲᠦᠮᠡᠨ᠎ᠢ ᠳᠡᠭᠡᠳᠦᠯᠡᠬᠦ᠂ ᠠᠷᠠᠳ ᠲᠦᠮᠡᠨ᠎ᠤ ᠲᠥᠯᠥᠭᠡ᠂ ᠠᠷᠠᠳ ᠲᠦᠮᠡᠨ᠎ᠢ ᠲᠦᠱᠢᠭ᠌ᠯᠡᠬᠦ᠂ ᠠᠷᠠᠳ᠎ᠤᠨ ᠦᠨᠡᠯᠡᠯᠲᠡ᠎ᠶ᠋ᠢᠨ ᠥᠷᠲᠡᠭ᠎ᠤᠨ ᠬᠠᠨᠳᠤᠰᠢ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠨᠡᠩ ᠢᠯᠡᠷᠡᠬᠦᠯᠵᠤ᠂ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠨᠡᠢᠭᠡᠮ ᠵᠢᠷᠤᠮ᠎ᠤᠨ ᠣᠳᠣᠬᠢᠴᠢᠯᠠᠯᠳᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠥᠬᠦ᠌ ᠶᠠᠪᠤᠴᠠ᠂ ᠡᠯ᠎ᠡ ᠲᠠᠯ᠎ᠠ᠎ᠳᠤ ᠲᠤᠭᠤᠱᠢᠯᠠᠭᠤᠯᠬᠤ ᠭᠡᠷᠡᠭ᠌ᠳᠠᠢ᠄ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠠᠯ᠎ᠠ᠎ᠪᠠᠷ ᠠᠷᠠᠳ ᠲᠦᠮᠡᠨ᠎ᠤ ᠪᠣᠳᠠᠰ᠎ᠤᠨ ᠠᠮᠢᠳᠤᠷᠠᠯ᠎ᠤᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌᠎ᠶ᠋ᠢ ᠨᠡᠩ ᠴᠢᠬᠤᠯᠠᠴᠢᠯᠠᠬᠤ ᠬᠡᠷᠡᠭ᠌ᠲᠡᠢ᠂ ᠤᠯᠤᠰ ᠲᠦᠷᠦ᠎ᠶ᠋ᠢᠨ ᠪᠠᠢᠭᠤᠯᠤᠯᠲᠠ᠎ᠶ᠋ᠢᠨ ᠲᠠᠯ᠎ᠠ᠎ᠪᠠᠷ ᠪᠦᠷᠢᠨ ᠲᠡᠭᠦᠯᠳᠡᠷ ᠲᠦᠷᠢᠮ᠎ᠤᠨ ᠱᠢᠰᠲ᠋ᠧᠮ᠎ᠢᠶᠠᠷ ᠠᠷᠠᠳ ᠲᠦᠮᠡᠨ᠎ᠤ ᠡᠵᠡᠨ ᠰᠠᠭᠤᠵᠤ ᠡᠷᠬᠡ ᠮᠡᠳᠡᠬᠦ᠌᠎ᠶ᠋ᠢ ᠪᠠᠲᠤᠯᠠᠬᠤ᠎ᠶ᠋ᠢ ᠨᠡᠩ ᠴᠢᠬᠤᠯᠠᠴᠢᠯᠠᠬᠤ ᠬᠡᠷᠡᠭ᠌ᠲᠡᠢ᠂ ᠰᠣᠶᠣᠯ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ ᠠᠷᠠᠳ ᠲᠦᠮᠡᠨ᠎ᠤ ᠤᠯᠠᠨ ᠲᠠᠯ᠎ᠠ᠎ᠶ᠋ᠢᠨ ᠤᠯᠠᠨ ᠳᠡᠰ ᠳᠠᠪᠬᠤᠷᠭ᠎ᠠ᠎ᠶ᠋ᠢᠨ ᠤᠶᠤᠨ ᠰᠠᠨᠠᠭ᠎ᠠ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠬᠤ᠎ᠶ᠋ᠢ ᠨᠡᠩ ᠴᠢᠬᠤᠯᠠᠴᠢᠯᠠᠬᠤ ᠬᠡᠷᠡᠭ᠌ᠲᠡᠢ᠂ ᠨᠡᠢᠭᠡᠮ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠨᠡᠩ ᠴᠢᠬᠤᠯᠠᠴᠢᠯᠠᠬᠤ ᠬᠡᠷᠡᠭ᠌ᠲᠡᠢ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠠᠯ᠎ᠠ᠎ᠪᠠᠷ ᠦᠵᠡᠰᠭᠦᠯᠡᠩᠲᠦ ᠰᠠᠢᠬᠠᠨ ᠠᠮᠢ ᠠᠬᠤᠢ᠎ᠶ᠋ᠢᠨ ᠣᠷᠴᠢᠨ ᠲᠤᠭᠤᠷᠢᠨ᠎ᠤ ᠲᠤᠬᠠᠢ ᠠᠷᠠᠳ ᠲᠦᠮᠡᠨ᠎ᠤ ᠬᠡᠷᠡᠭ᠌ᠴᠡᠭᠡ᠎ᠶ᠋ᠢ ᠬᠠᠩᠭᠠᠬᠤ᠎ᠶ᠋ᠢ ᠨᠡᠩ ᠴᠢᠬᠤᠯᠠᠴᠢᠯᠠᠬᠤ ᠬᠡᠷᠡᠭ᠌ᠲᠡᠢ᠃
ᠱᠢᠨ᠎ᠡ ᠠᠶᠠᠨ᠎ᠳᠠᠭᠠᠨ᠂ ᠰᠢ ᠪᠠᠢ ᠫᠦᠸᠧ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠬᠤ᠎ᠳᠤ᠂ ᠵᠣᠷᠢᠭ᠍ᠲᠠᠢ᠎ᠪᠠᠷ ᠲᠡᠮᠡᠴᠡᠵᠦ᠍᠂ ᠵᠣᠷᠢᠭ᠍ᠲᠠᠢ᠎ᠪᠠᠷ ᠢᠯᠠᠯᠲᠠ ᠤᠯᠬᠤ ᠬᠡᠷᠡᠭ᠌ᠲᠡᠢ᠃ ᠰᠢ ᠪᠠᠢ ᠫᠦᠸᠧ᠎ᠶ᠋ᠢᠨ ᠴᠠᠬ ᠦᠶ᠎ᠡ᠎ᠳᠤ᠂ ᠬᠤᠪᠢᠰᠭᠠᠯ᠎ᠤᠨ ᠬᠦᠰᠡᠯᠡᠩ ᠶᠠᠭᠤᠨ᠎ᠠᠴᠠ ᠴᠤ᠌ ᠡᠷᠬᠢᠮ ᠭᠡᠬᠦ᠌ ᠵᠣᠷᠢᠭ ᠰᠠᠨᠠᠭᠠᠨ᠎ᠤ ᠵᠢᠯᠤᠭᠤᠳᠤᠯᠭ᠎ᠠ ᠳᠣᠣᠷ᠎ᠠ᠂ ᠭᠤᠮᠢᠨᠳᠠᠩ᠎ᠤᠨ ᠴᠡᠷᠢᠭ᠎ᠤᠨ ᠪᠣᠳᠠᠰ᠎ᠤᠨ ᠲᠠᠯ᠎ᠠ᠎ᠶ᠋ᠢᠨ ᠬᠦᠴᠦᠷᠬᠡᠭ ᠪᠠᠢᠳᠠᠯ᠎ᠠᠴᠠ ᠠᠶᠤᠬᠤ ᠦᠭᠡᠢ᠂ ᠡᠷᠡᠰ ᠪᠠᠲᠤ ᠢᠯᠠᠭᠤᠭ᠍ᠰᠠᠨ ᠲᠠᠢᠨ ᠬᠢᠬᠦ᠌ ᠢᠲᠡᠭᠡᠯ ᠵᠣᠷᠢᠭ᠎ᠢᠶᠠᠷ ᠱᠢᠷᠭᠠᠭᠤ ᠬᠠᠲᠠᠭᠤᠵᠢᠯᠲᠠᠢ ᠲᠡᠮᠡᠴᠡᠯ ᠬᠢᠵᠦ᠍᠂ ᠭᠤᠷᠪᠠᠨ ᠶᠡᠭᠡ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠱᠢᠨ᠎ᠡ ᠳᠤᠮᠳᠠᠳᠤ ᠤᠯᠤᠰ᠎ᠢ ᠪᠠᠢᠭᠤᠯᠬᠤ᠎ᠳᠤ ᠱᠢᠢᠳᠪᠦᠷᠢᠲᠦ ᠴᠢᠨᠠᠷᠲᠠᠢ ᠰᠠᠭᠤᠷᠢ᠎ᠶ᠋ᠢ ᠲᠠᠯᠪᠢᠵᠠᠢ᠃ ᠱᠢᠨ᠎ᠡ ᠴᠠᠭ ᠦᠶ᠎ᠡ᠎ᠳᠤ ᠤᠷᠤᠬᠤᠶ᠎ᠠ᠂ ᠮᠠᠨ᠎ᠤ ᠤᠯᠤᠰ᠎ᠤᠨ ᠨᠡᠢᠭᠡᠮ᠎ᠤᠨ ᠭᠤᠣᠯ ᠵᠥᠷᠢᠴᠡᠯ᠎ᠤᠨ ᠬᠤᠪᠢᠷᠠᠯᠲᠠ᠎ᠨᠢ ᠮᠠᠰᠢ ᠤᠯᠠᠨ ᠱᠢᠨ᠎ᠡ ᠱᠠᠭᠠᠷᠳᠠᠯᠭ᠎ᠠ᠎ᠶ᠋ᠢ ᠠᠪᠴᠢᠷᠠᠵᠤ᠂ ᠨᠠᠷᠢᠨ ᠪᠤᠳᠤᠯᠢᠶᠠᠨᠲᠠᠢ ᠳᠡᠯᠡᠭᠡᠢ᠎ᠶ᠋ᠢᠨ ᠣᠷᠴᠢᠨ ᠲᠤᠭᠤᠷᠢᠨ᠎ᠨᠢ ᠮᠠᠰᠢ ᠤᠯᠠᠨ ᠱᠢᠨ᠎ᠡ ᠵᠥᠷᠢᠴᠡᠯ᠂ ᠱᠢᠨ᠎ᠡ ᠱᠢᠯᠭᠠᠯᠲᠠ᠎ᠶ᠋ᠢ ᠠᠪᠴᠢᠷᠠᠭ᠍ᠰᠠᠨ ᠪᠠᠢᠨ᠎ᠠ᠃ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠨᠳᠦ ᠶᠡᠭᠡ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠬᠦᠨᠳᠦ ᠶᠡᠭᠡ ᠠᠶᠤᠯ ᠲᠦᠭ᠌ᠰᠢᠭᠦᠷᠢ᠎ᠶ᠋ᠢ ᠰᠡᠷᠭᠡᠢᠯᠡᠵᠦ᠍᠂ ᠬᠦᠨᠳᠦ ᠶᠡᠭᠡ ᠬᠠᠷᠰᠢ ᠰᠠᠭᠠᠳ᠎ᠢ ᠢᠯᠠᠨ ᠳᠠᠪᠠᠵᠤ᠂ ᠬᠦᠨᠳᠦ ᠶᠡᠭᠡ ᠵᠥᠷᠢᠴᠡᠯ᠎ᠢ ᠱᠢᠢᠳᠪᠦᠷᠢᠯᠡᠬᠦ᠌᠎ᠳᠤ ᠡᠷᠬᠡᠪᠰᠢ ᠱᠢᠨ᠎ᠡ ᠠᠭᠤᠤ ᠶᠡᠭᠡ ᠲᠡᠮᠡᠴᠡᠯ᠎ᠢ ᠬᠢᠬᠦ᠌ ᠬᠡᠷᠡᠭ᠌ᠲᠡᠢ᠃
ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠰᠢ ᠢᠯᠠᠩᠭᠤᠶ᠎ᠠ ᠥᠭᠡᠷᠡᠴᠢᠯᠡᠯᠲᠡ ᠨᠡᠭᠡᠭᠡᠯᠳᠡ ᠬᠢᠭ᠌ᠰᠡᠨ᠎ᠠᠴᠠ ᠨᠠᠭᠠᠰᠢ᠂ ᠳᠤᠮᠳᠠᠳᠤ ᠤᠯᠤᠰ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠬᠥᠭ᠌ᠵᠢᠯᠲᠡ᠎ᠶ᠋ᠢᠨ ᠠᠮᠵᠢᠯᠲᠠ ᠣᠯᠵᠤ᠂ ᠨᠢᠭᠡᠨᠲᠡ ᠳᠡᠯᠡᠬᠡᠢ᠎ᠶ᠋ᠢᠨ ᠬᠤᠶᠠᠳᠤᠭᠠᠷ ᠲᠤᠮᠤ ᠠᠵᠤ ᠠᠬᠤᠢ᠎ᠶ᠋ᠢᠨ ᠴᠣᠭ᠍ᠴᠠ᠂ ᠨᠢᠭᠡᠳᠦᠭᠡᠷ ᠦᠢᠯᠡᠳᠬᠦ᠌ ᠦᠢᠯᠡᠰ᠎ᠤᠨ ᠲᠤᠮᠤ ᠤᠯᠤᠰ ᠪᠠ ᠬᠠᠮᠤᠭ᠎ᠤᠨ ᠲᠤᠮᠤ ᠪᠠᠷᠠᠭᠠᠨ᠎ᠤ ᠠᠷᠠᠯᠵᠢᠶᠠᠨ᠎ᠤ ᠤᠯᠤᠰ ᠪᠤᠯᠵᠤ ᠪᠤᠢᠵᠢᠪᠠ᠃ ᠭᠡᠪᠡᠴᠦ᠍ ᠮᠠᠨ᠎ᠤ ᠤᠯᠤᠰ᠎ᠤᠨ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠵᠠᠷᠢᠮ ᠲᠤᠪᠤᠢᠢᠮ᠎ᠠ ᠠᠰᠠᠭᠤᠳᠠᠯ᠎ᠢ ᠬᠠᠷᠠᠬᠠᠨ ᠱᠢᠢᠳᠪᠦᠷᠢᠯᠡᠭᠡᠳᠦᠢ᠂ ᠬᠥᠭ᠌ᠵᠢᠯᠲᠡ᠎ᠶ᠋ᠢᠨ ᠶᠠᠰᠤ ᠴᠢᠨᠠᠷ ᠥᠨᠳᠥᠷ ᠪᠢᠰᠢ᠂ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠡᠭᠦᠷᠭᠡ ᠬᠦᠨᠳᠦ ᠵᠠᠮ ᠬᠤᠯᠠ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠤ ᠣᠷᠣᠱᠢᠵᠤ ᠪᠠᠢᠭ᠎ᠠ ᠳᠤᠲᠠᠭᠤᠳᠠᠯ᠂ ᠨᠡᠢᠭᠡᠮ᠎ᠤᠨ ᠪᠣᠯᠪᠠᠰᠤᠨ᠎ᠤ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠴᠢᠬᠤᠯᠠᠲᠠᠢ ᠪᠠᠢᠬᠤ ᠵᠡᠷᠭᠡ ᠬᠦᠷᠦᠯᠴᠡᠬᠦ᠌ ᠦᠭᠡᠢ ᠲᠠᠯ᠎ᠠ ᠪᠠ ᠠᠰᠠᠭᠤᠳᠠᠯ᠎ᠨᠢ ᠴᠢᠨᠠᠷ ᠰᠠᠢᠲᠠᠢ ᠬᠥᠭ᠌ᠵᠢᠯᠲᠡ᠎ᠶ᠋ᠢᠨ ᠲᠠᠰᠤᠷᠠᠯᠳᠠ ᠦᠭᠡᠢ ᠭᠦᠨᠵᠡᠭᠡᠢᠷᠡᠬᠦ᠌᠎ᠶ᠋ᠢ ᠬᠢᠵᠠᠭᠠᠷᠯᠠᠵᠤ ᠪᠠᠢᠨ᠎ᠠ᠃ ᠡᠨᠡ᠎ᠨᠢ ᠪᠢᠳᠡᠨ᠎ᠢ ᠬᠥᠭ᠌ᠵᠢᠯᠲᠡ᠎ᠶ᠋ᠢᠨ ᠠᠮᠵᠢᠯᠲᠠ᠎ᠪᠠᠨ ᠭᠦᠢᠴᠡᠳ ᠲᠠᠨᠢᠵᠤ᠂ ᠬᠥᠭ᠌ᠵᠢᠯᠲᠡ᠎ᠶ᠋ᠢᠨ ᠢᠲᠡᠭᠡᠯ ᠵᠣᠷᠢᠭ᠎ᠢᠶᠠᠨ ᠨᠡᠮᠡᠭ᠌ᠳᠡᠭᠦᠯᠬᠦ᠌᠎ᠶ᠋ᠢᠨ ᠬᠠᠮᠲᠤ ᠪᠠᠰᠠ ᠡᠷᠬᠡᠪᠰᠢ 《ᠱᠢᠯᠭᠠᠯᠲᠠ᠎ᠳᠤ ᠣᠷᠣᠯᠴᠠᠬᠤ》 ᠰᠡᠷᠭᠡᠭ ᠪᠠᠢᠳᠠᠯ᠎ᠢᠶᠠᠨ ᠪᠠᠲᠤᠯᠠᠵᠤ᠂ 《ᠬᠤᠶᠠᠷ ᠡᠷᠬᠡᠪᠰᠢ》 ᠶ᠋ᠢ ᠪᠠᠲᠤ ᠴᠡᠭᠡᠵᠢᠯᠡᠵᠦ᠍᠂ ᠳᠠᠷᠤᠤ ᠬᠢᠴᠢᠶᠡᠩᠭᠦᠢ᠂ ᠪᠠᠷᠳᠠᠮᠨᠠᠬᠤ ᠦᠭᠡᠢ ᠪᠠᠴᠢᠮᠳᠠᠬᠤ ᠦᠭᠡᠢ᠂ ᠲᠡᠰᠪᠦᠷᠢ ᠬᠠᠲᠠᠭᠤᠵᠢᠯᠲᠠᠢ᠎ᠪᠠᠷ ᠲᠡᠮᠡᠴᠡᠬᠦ᠌ ᠰᠤᠷᠲᠠᠯ᠎ᠢ ᠪᠠᠷᠢᠮᠲᠠᠯᠠᠵᠤ᠂ ᠦᠷᠭᠦᠯᠵᠢᠯᠡᠨ ᠬᠦᠴᠦᠯᠡᠵᠦ᠍᠂ ᠦᠷᠭᠦᠯᠵᠢᠯᠡᠨ ᠬᠦᠴᠦ᠍ ᠤᠷᠤᠭᠤᠯᠵᠤ᠂ ᠬᠤᠷᠢᠭ᠎ᠠ ᠱᠤᠭᠤᠮ᠎ᠤᠨ ᠰᠡᠳᠭᠢᠬᠦᠢ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠳᠤᠲᠠᠭᠤᠳᠠᠯ ᠪᠠᠭᠤᠷᠠᠢ ᠲᠠᠯ᠎ᠠ᠎ᠪᠠᠨ ᠨᠥᠬᠦᠪᠥᠷᠢᠯᠡᠵᠦ᠍᠂ ᠬᠥᠭ᠌ᠵᠢᠯᠲᠡ ᠪᠠ ᠠᠮᠤᠷ ᠲᠦᠪᠱᠢᠨ᠎ᠤ ᠠᠰᠠᠭᠤᠳᠠᠯ᠎ᠢ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠱᠢᠨ᠎ᠡ ᠢᠷᠡᠭᠡᠳᠦᠢ᠎ᠪᠠᠨ ᠴᠣᠭ᠍ᠴᠠᠯᠠᠬᠤ᠎ᠶ᠋ᠢ ᠱᠠᠭᠠᠷᠳᠠᠵᠤ ᠪᠠᠢᠨ᠎ᠠ᠃
ᠱᠢᠨ᠎ᠡ ᠠᠶᠠᠨ᠎ᠳᠠᠭᠠᠨ᠂ ᠰᠢ ᠪᠠᠢ ᠫᠦᠸᠧ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠬᠤ᠎ᠳᠤ᠂ ᠶᠣᠰᠣ ᠳᠦᠷᠢᠮ᠎ᠤᠨ ᠤᠬᠠᠮᠰᠠᠷ᠂ ᠨᠢᠭᠡᠳᠦᠯᠲᠡᠢ ᠪᠠᠢᠬᠤ ᠤᠬᠠᠮᠰᠠᠷ᠎ᠢᠶᠠᠨ ᠲᠠᠰᠤᠷᠠᠯᠲᠠ ᠦᠭᠡᠢ ᠴᠢᠩᠭᠠᠳᠭᠠᠬᠤ ᠬᠡᠷᠡᠭ᠌ᠲᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠤᠭ᠍ᠰᠠᠨ᠎ᠨᠢ ᠳᠠᠷᠤᠢ ᠰᠢ ᠪᠠᠢ ᠫᠦᠸᠧ᠎ᠶ᠋ᠢᠨ ᠶᠣᠰᠣ ᠲᠦᠷᠢᠮ ᠲᠣᠭ᠍ᠲᠠᠭᠠᠵᠤ᠂ ᠨᠢᠭᠡᠳᠦᠯᠲᠡᠢ ᠪᠠᠢᠬᠤ᠎ᠶ᠋ᠢ ᠡᠷᠬᠢᠮᠯᠡᠭ᠌ᠰᠡᠨ ᠬᠠᠮᠤᠭ᠎ᠤᠨ ᠰᠠᠢᠨ ᠦᠢᠯᠡᠳᠦᠯᠭᠡ ᠪᠣᠯᠤᠨ᠎ᠠ᠃ ᠱᠢᠨ᠎ᠡ ᠠᠶᠠᠨ᠎ᠳᠠᠭᠠᠨ᠂ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭᠠᠭᠤᠯᠤᠨ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠲᠡᠦᠬᠡᠲᠦ ᠱᠢᠨ᠎ᠡ ᠡᠭᠦᠷᠭᠡ᠎ᠶ᠋ᠢ ᠪᠡᠶᠡᠯᠡᠭᠦᠯᠬᠦ᠌᠎ᠳᠤ ᠡᠷᠬᠡᠪᠰᠢ ᠲᠡᠮᠦᠷ ᠮᠡᠲᠦ ᠰᠠᠬᠢᠯᠭ᠎ᠠ ᠪᠠᠲᠤᠲᠠᠢ ᠪᠠᠢᠵᠤ᠂ ᠲᠡᠮᠦᠷ ᠮᠡᠲᠦ ᠰᠠᠬᠢᠯᠭ᠎ᠠ ᠪᠠᠲᠤ᠎ᠪᠠᠷ ᠥᠪᠡᠷ᠎ᠤᠨ ᠲᠡᠷᠢᠭᠦᠨ᠎ᠤ ᠴᠢᠨᠠᠷ ᠪᠣᠯᠤᠨ ᠴᠡᠪᠡᠷ ᠴᠢᠨᠠᠷ᠎ᠢᠶᠠᠨ ᠪᠠᠲᠤᠯᠠᠬᠤ ᠬᠡᠷᠡᠭ᠌ᠲᠡᠢ᠃ ᠱᠢᠨ᠎ᠡ ᠠᠶᠠᠨ᠎ᠳᠠᠭᠠᠨ᠂ ᠳᠤᠮᠳᠠᠳᠤ ᠤᠯᠤᠰ᠎ᠤᠨ ᠡᠪ ᠬᠠᠮᠲᠤ ᠨᠠᠮ ᠪᠥᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭᠠᠭᠤᠯᠤᠨ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠲᠡᠦᠬᠡᠲᠦ ᠱᠢᠨ᠎ᠡ ᠡᠭᠦᠷᠭᠡ᠎ᠶ᠋ᠢ ᠪᠡᠶᠡᠯᠡᠭᠦᠯᠬᠦ᠌᠎ᠳᠤ ᠡᠷᠬᠡᠪᠰᠢ 《ᠬᠤᠶᠠᠷ᠎ᠢ ᠬᠠᠮᠠᠭᠠᠯᠠᠬᠤ》 ᠶ᠋ᠢ ᠪᠠᠷᠢᠮᠲᠠᠯᠠᠵᠤ᠂ ᠨᠢᠭᠡᠳᠦᠯᠲᠡᠶ ᠪᠠᠢᠬᠤ ᠤᠬᠠᠮᠰᠠᠷ᠎ᠢᠶᠠᠷ ᠨᠠᠮ᠎ᠤᠨ ᠨᠢᠭ᠍ᠲᠠᠷᠠᠯ᠎ᠤᠨ ᠬᠦᠴᠦᠨ ᠪᠠ ᠳᠠᠢᠴᠢᠨ ᠬᠦᠴᠦᠨ᠎ᠢ ᠲᠠᠰᠤᠷᠠᠯᠲᠠ ᠥᠬᠡᠶ ᠴᠢᠩᠭᠠᠳᠭᠠᠬᠤ ᠬᠡᠷᠡᠭ᠌ᠲᠡᠶ᠃ ᠭᠠᠭ᠍ᠴᠠ ᠬᠦ᠌ ᠢᠩᠭᠢᠪᠡᠯ ᠰᠠᠶᠢ ᠳᠡᠯᠡᠬᠡᠢ᠎ᠶ᠋ᠢᠨ ᠪᠠᠢᠳᠠᠯ᠎ᠳᠤ ᠭᠦᠨᠵᠡᠭᠡᠢ ᠬᠤᠪᠢᠷᠠᠯᠲᠠ ᠭᠠᠷᠴᠤ᠌ ᠪᠠᠢᠭ᠎ᠠ ᠲᠡᠦᠬᠡᠨ ᠶᠠᠪᠤᠴᠠ᠎ᠳᠤ ᠮᠠᠨ᠎ᠤ ᠨᠠᠮ ᠢᠮᠠᠭ᠍ᠲᠠ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠤ ᠶᠠᠪᠤᠵᠤ᠂ ᠠᠷᠠᠳ ᠲᠦᠮᠡᠨ᠎ᠢ ᠪᠦᠯᠬᠦᠮᠳᠡᠭᠦᠯᠦᠨ᠂ ᠠᠷᠠᠳ ᠲᠦᠮᠡᠨ᠎ᠢ ᠬᠦᠲᠦᠯᠦᠨ ᠳᠠᠭᠠᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ ᠪᠠᠲᠤ ᠴᠢᠩᠭ᠎ᠠ ᠤᠳᠤᠷᠢᠳᠭᠤ ᠭᠤᠣᠯᠯᠠᠭ᠍ᠴᠢ ᠬᠦᠴᠦᠨ ᠪᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠳᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ᠎ᠶ᠋ᠢ ᠡᠭᠦᠳᠬᠦ᠌ ᠠᠮᠢᠳᠤᠯᠢᠭ ᠬᠦᠴᠦᠨ᠎ᠢ ᠲᠠᠰᠤᠷᠠᠯᠲᠠ ᠦᠭᠡᠢ ᠬᠥᠭ᠌ᠵᠢᠭᠡᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ ᠴᠠᠭ ᠦᠶ᠎ᠡ᠎ᠶ᠋ᠢᠨ ᠠᠤᠭ᠎ᠠ ᠬᠦᠴᠦᠨ᠎ᠢ ᠨᠢᠭ᠍ᠲᠠᠷᠠᠭᠤᠯᠵᠤ ᠴᠢᠳᠠᠨ᠎ᠠ᠃
(ᠵᠣᠬᠢᠶᠠᠭ᠍ᠴᠢ᠎ᠶ᠋ᠢᠨ ᠪᠠᠢ᠊ ᠊ᠭᠤᠯᠭᠠ᠄ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠨᠠᠢᠷᠠᠭᠤᠯᠬᠤ ᠬᠡᠯᠲᠡᠰ)
ᠦᠨᠳᠦᠰᠦᠨ ᠱᠠᠲᠤᠨ᠎ᠤ ᠳᠠᠭᠤᠨ
ᠪᠤᠤᠬᠢᠶ᠎ᠠ ᠲᠠᠮᠵᠢᠭᠤᠯᠤᠨ ᠱᠢᠨ᠎ᠡ ᠠᠶᠠᠨ᠎ᠳᠠᠭᠠᠨ ᠬᠤᠪᠢ ᠨᠡᠮᠡᠷᠢ ᠦᠵᠡᠭᠦᠯᠤᠨ᠎ᠡ
ᠭᠦᠸᠧ ᠬᠤᠩ ᠱᠧᠨ
7 ᠰᠠᠷ᠎ᠠ᠎ᠶ᠋ᠢᠨ 1 ᠤ ᠥᠷᠯᠥᠭᠡ᠎ᠶ᠋ᠢᠨ 8 ᠴᠠᠭ᠎ᠲᠤ᠌᠂ ᠲᠦᠩᠯᠢᠶᠣᠤ ᠬᠤᠳᠠ᠎ᠶ᠋ᠢᠨ ᠺᠠᠢᠯᠦ᠍ ᠱᠢᠶᠠᠨ᠎ᠤ ᠮᠠᠢ ᠱᠢᠨ ᠪᠠᠯᠭᠠᠰᠤᠨ᠎ᠤ ᠪᠦᠬᠦ᠌ ᠨᠠᠮ᠎ᠤᠨ ᠭᠡᠱᠢᠭᠦᠨ ᠺᠠᠳ᠋ᠷ ᠰᠣᠶᠣᠯ᠎ᠤᠨ ᠲᠥᠪ᠎ᠤᠨ ᠶᠣᠰᠣᠯᠠᠯ᠎ᠤᠨ ᠲᠠᠩᠬᠢᠮ᠎ᠳᠤ ᠬᠦᠷᠴᠦ᠍᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ᠎ᠤᠨ ᠱᠢᠭᠤᠳ ᠨᠡᠪᠲᠡᠷᠡᠭᠦᠯᠭᠡ᠎ᠶ᠋ᠢ ᠦᠵᠡᠪᠡ᠃ ᠲᠤᠬᠠᠢ᠎ᠶ᠋ᠢᠨ ᠲᠠᠯᠠᠪᠠᠢ᠎ᠳᠤ ᠪᠠᠢᠭ᠍ᠰᠠᠨ ᠬᠥᠮᠦᠨ ᠪᠦᠬᠦᠨ᠂ ᠵᠠᠭᠤᠨ ᠵᠢᠯ᠎ᠤᠨ ᠲᠤᠷᠰᠢ ᠦᠶ᠎ᠡ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠡᠮᠦᠨᠡᠬᠢ᠎ᠨᠢ ᠤᠨᠠᠪᠠᠯ ᠬᠤᠢᠨᠠᠬᠢ᠎ᠨᠢ ᠵᠠᠯᠭᠠᠮᠵᠢᠯᠠᠵᠤ᠂ ᠡᠷᠡᠯᠬᠡᠭ ᠪᠠᠭᠠᠲᠤᠷᠯᠢᠭ᠎ᠢᠶᠠᠷ ᠲᠡᠮᠡᠴᠡᠵᠦ᠍᠂ ᠢᠮᠠᠭ᠍ᠲᠠ ᠬᠤᠪᠢᠰᠭᠠᠯᠴᠢᠳ᠎ᠤᠨ ᠤᠤᠷ ᠴᠢᠨᠠᠷ᠎ᠢᠶᠠᠨ ᠬᠠᠳᠠᠭᠠᠯᠠᠵᠤ᠂ ᠠᠷᠠᠳ ᠲᠦᠮᠡᠨ᠎ᠳᠤ ᠵᠣᠯ ᠵᠢᠷᠭᠠᠯ ᠣᠯᠭᠤᠬᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠲᠡᠦᠬᠡᠲᠦ ᠡᠭᠦᠷᠭᠡ᠎ᠶ᠋ᠢ ᠡᠭᠦᠷᠭᠡᠯᠡᠵᠦ᠍᠂ ᠲᠩᠷᠢ ᠭᠠᠵᠠᠷ᠎ᠢ ᠥᠭᠡᠷᠡᠴᠢᠯᠡᠬᠦ᠌ ᠵᠣᠷᠢᠭ ᠰᠠᠨᠠᠭᠠᠨ᠎ᠤ ᠠᠤᠭ᠎ᠠ ᠬᠦᠴᠦᠨ᠎ᠢ ᠬᠥᠭ᠌ᠵᠢᠭᠡᠭ᠌ᠰᠡᠨᠢ ᠭᠦᠨᠵᠡᠭᠡᠢ ᠮᠡᠳᠡᠷᠡᠪᠡ᠃
ᠮᠢ ᠶᠠᠨ ᠹᠠᠩ ᠲᠤᠬᠠᠢ᠎ᠶ᠋ᠢᠨ ᠡᠳᠦᠷ᠎ᠤᠨ ᠪᠠᠢᠳᠠᠯ᠎ᠢᠶᠠᠨ ᠡᠷᠭᠢᠴᠡᠭᠦᠯᠬᠦᠶ᠎ᠡ᠂ ᠤᠳᠤ ᠴᠦ᠍ ᠲᠤᠬ᠍ᠳᠤᠯᠤᠭ᠍ᠰᠠᠨ ᠰᠡᠳᠭᠢᠯ᠎ᠢᠶᠠᠨ ᠳᠠᠷᠤᠵᠤ ᠶᠠᠳᠠᠨ᠎ᠠ᠃ ᠮᠢ ᠶᠠᠨ ᠹᠠᠩ ᠱᠢᠶᠠᠩ ᠪᠠᠯᠭᠠᠰᠤᠨ᠎ᠳᠤ ᠢᠷᠡᠵᠦ᠍ ᠠᠵᠢᠯᠯᠠᠭᠠᠳ ᠨᠢᠭᠡ ᠮᠡᠳᠡᠬᠦ᠌᠎ᠳᠤ 8 ᠵᠢᠯ ᠱᠢᠬᠠᠮ ᠪᠤᠯᠵᠠᠢ᠃ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠦᠨᠳᠦᠰᠦᠨ ᠱᠠᠲᠤᠨ᠎ᠤ ᠠᠯᠪᠠᠳᠠᠨ ᠪᠣᠯᠤᠭ᠍ᠰᠠᠨ᠎ᠤ ᠬᠤᠪᠢ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ ᠲᠦᠮᠡᠨ᠎ᠳᠤ ᠵᠣᠯ ᠵᠢᠷᠭᠠᠯ ᠣᠯᠭᠤᠬᠤ ᠵᠠᠮ ᠲᠡᠭᠡᠷᠡᠬᠢ ᠠᠯᠢᠪᠠ ᠴᠢᠷᠮᠠᠢᠯᠭ᠎ᠠ᠂ ᠠᠯᠢᠪᠠ ᠲᠡᠮᠡᠴᠡᠯ᠂ ᠠᠯᠢᠪᠠ ᠦᠷᠡᠭ᠌ᠳᠡᠯ᠎ᠨᠢ ᠴᠥᠮ ᠠᠷᠠᠳ ᠲᠦᠮᠡᠨ᠎ᠤ ᠵᠣᠯ ᠵᠢᠷᠭᠠᠯ ᠪᠣᠯᠤᠨ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠲᠥᠯᠥᠭᠡ ᠭᠡᠳᠡᠭ᠎ᠢ ᠴᠠᠭ ᠢᠮᠠᠭ᠍ᠲᠠ ᠮᠡᠳᠡᠷᠡᠵᠦ᠍ ᠪᠠᠢᠳᠠᠭ᠃
《ᠪᠢᠳᠡ ᠨᠢᠭᠡᠨᠲᠡ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨ᠎ᠳᠤ ᠮᠣᠷᠳᠠᠪᠠ᠂ ᠪᠢ ᠨᠡᠩ ᠴᠤᠭ ᠪᠠᠳᠠᠷᠠᠩᠭᠤᠢ ᠣᠪᠣᠷ᠎ᠢᠶᠠᠷ ᠴᠠᠭ ᠦᠶ᠎ᠡ᠎ᠠᠴᠠ ᠨᠠᠳᠠ᠎ᠳᠤ ᠣᠯᠭᠤᠭ᠍ᠰᠠᠨ ᠪᠤᠤᠬᠢᠶ᠎ᠠ ᠮᠣᠳᠣ᠎ᠶ᠋ᠢ ᠰᠠᠢᠲᠤᠷ ᠲᠤᠰᠴᠤ᠌᠂ ᠥᠪᠡᠷ᠎ᠤᠨ ᠥᠲᠡᠯᠦᠭᠡ ᠨᠠᠰᠤ᠎ᠪᠠᠨ ᠡᠨᠡ ᠬᠦ᠌ ᠬᠠᠯᠠᠭᠤᠨ ᠬᠥᠷᠥᠰᠥᠨ᠎ᠳᠤ ᠵᠣᠷᠢᠭᠤᠯᠵᠤ᠂ ᠤᠯᠠᠨ ᠲᠦᠮᠡᠨ᠎ᠤ 〈ᠪᠠᠴᠢᠮᠳᠠᠵᠤ ᠲᠦᠪᠡᠭ᠌ᠳᠡᠵᠤ ᠵᠤᠪᠠᠨᠢᠵᠤ ᠬᠦᠰᠡᠵᠤ〉 ᠪᠠᠢᠭ᠎ᠠ ᠶᠠᠪᠤᠳᠠᠯ᠎ᠠᠴᠠ ᠡᠭᠦᠰᠴᠦ᠍᠂ ᠤᠯᠠᠨ ᠲᠦᠮᠡᠨ᠎ᠤ ᠬᠠᠮᠤᠭ᠎ᠠᠴᠠ ᠠᠩᠬᠠᠷᠴᠤ᠌ ᠪᠠᠢᠭ᠎ᠠ᠂ ᠬᠠᠮᠤᠭ᠎ᠤᠨ ᠱᠢᠭᠤᠳ᠂ ᠬᠠᠮᠤᠭ᠎ᠤᠨ ᠪᠣᠳᠠᠲᠠᠢ ᠠᠱᠢᠭ ᠲᠤᠰᠠ᠎ᠶ᠋ᠢᠨ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍᠂ ᠰᠠᠢᠨ ᠶᠠᠪᠤᠳᠠᠯ᠎ᠢ ᠦᠨᠡᠨ ᠬᠦ᠌ ᠪᠣᠳᠠᠲᠠᠢ ᠬᠢᠵᠦ᠍᠂ ᠪᠣᠳᠠᠲᠠᠢ ᠶᠠᠪᠤᠳᠠᠯ᠎ᠢ ᠰᠠᠢᠲᠤᠷ ᠬᠢᠵᠦ᠍᠂ ᠤᠯᠠᠨ ᠲᠦᠮᠡᠨ᠎ᠤ ᠰᠡᠳᠭᠢᠯ᠎ᠳᠤ ᠬᠠᠳᠠᠩᠱᠢᠭᠤᠯᠤᠨ᠎ᠠ》 ᠭᠡᠵᠦ᠍ ᠮᠢ ᠶᠠᠨ ᠹᠠᠩ ᠬᠡᠯᠡᠨ᠎ᠠ᠃
ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍ ᠦᠨᠳᠦᠰᠦᠨ ᠱᠠᠲᠤᠨ᠎ᠤ ᠠᠵᠢᠯ᠎ᠢ ᠰᠠᠢᠲᠤᠷ ᠬᠢᠨ᠎ᠠ
ᠬᠤᠤ ᠱᠢᠤᠸᠠᠢ ᠯᠢᠶᠠᠨ ᠴᠢᠮᠡᠭᠡᠯᠡᠭ᠌ᠴᠢ ᠯᠢᠦ ᠰᠧ ᠶᠠᠩ ᠪᠠᠶ ᠶᠠ ᠮᠧᠶ
ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶ᠎ᠠ᠎ᠨᠢ ᠣᠲᠤᠭ᠎ᠤᠨ ᠡᠮᠦᠨᠡᠲᠦ ᠬᠤᠱᠢᠭᠤᠨ᠎ᠤ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠤ ᠦᠶ᠋ᠯᠡᠳᠪᠦᠷᠢᠯᠡᠯ ᠠᠮᠢᠳᠤᠷᠠᠯ᠎ᠤᠨ ᠬᠠᠯᠠᠭᠤᠨ ᠰᠡᠳᠭᠢᠯᠭᠡ ᠪᠠ ᠢᠲᠡᠭᠡᠯ᠎ᠢ ᠬᠥᠭ᠌ᠵᠢᠭᠡᠵᠦ᠍᠂ ᠲᠤᠬᠠᠶ᠎ᠶ᠋ᠢᠨ ᠭᠠᠵᠠᠷ᠎ᠤᠨ ᠮᠠᠯᠴᠢᠨ ᠲᠠᠷᠢᠶᠠᠴᠢᠨ᠂ ᠲᠣᠰᠭᠤᠨ᠎ᠤ ᠺᠠᠳ᠋ᠷ᠂ ᠶᠠᠳᠠᠭᠤ᠎ᠶ᠋ᠢ ᠲᠡᠳᠬᠦᠬᠦ᠌ ᠠᠵᠢᠯᠲᠠᠳ ᠪᠣᠳᠠᠲᠤ ᠠᠵᠢᠯᠯᠠᠭ᠎ᠠ᠎ᠪᠠᠷ᠎ᠢᠶᠠᠨ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠪᠤᠢ᠃
ᠯᠢ ᠶᠠᠨ ᠺᠤᠸᠠᠨ ᠪᠣᠯ ᠣᠲᠤᠭ᠎ᠤᠨ ᠡᠮᠦᠨᠡᠲᠦ ᠬᠤᠱᠢᠭᠤᠨ᠎ᠤ ᠪᠤᠷᠤᠪᠠᠯᠭᠠᠰᠤ ᠪᠠᠯᠭᠠᠰᠤᠨ᠎ᠤ ᠪᠣᠷᠣᠲᠣᠬᠤᠶ ᠲᠣᠰᠭᠤᠨ᠎ᠤ ᠶᠠᠳᠠᠭᠤ᠎ᠠᠴᠠ ᠠᠩᠭᠢᠵᠢᠷᠠᠭ᠍ᠰᠠᠨ ᠡᠷᠦᠬᠡ ᠪᠣᠯᠤᠨ᠎ᠠ᠂ 2017 ᠣᠨ᠎ᠳᠤ ᠬᠠᠪᠰᠤᠷᠤᠨ ᠲᠡᠳᠬᠦᠬᠦ᠌᠎ᠪᠠᠷ ᠳᠡᠮᠵᠢᠨ ᠶᠠᠳᠠᠭᠤ᠎ᠠᠴᠠ ᠠᠩᠭᠢᠵᠢᠷᠠᠵᠠᠶ᠃ ᠡᠨᠡ ᠬᠤᠶᠠᠷ ᠵᠢᠯ᠂ ᠲᠡᠷᠡ ᠲᠠᠷᠢᠮᠠᠯ᠎ᠤᠨ ᠦᠶ᠋ᠯᠡᠰ᠎ᠢ ᠬᠥᠭ᠌ᠵᠢᠭᠦᠯᠬᠦ᠌᠎ᠳᠤ ᠲᠦᠱᠢᠭ᠌ᠯᠡᠨ ᠲᠣᠰᠭᠤᠨ᠎ᠤ ᠪᠠᠶᠠᠵᠢᠯ᠎ᠤᠨ ᠳᠠᠭᠠᠭᠤᠯᠤᠭ᠍ᠴᠢ ᠪᠣᠯᠪᠠ᠃ ᠯᠢ ᠶᠠᠨ ᠺᠤᠸᠠᠨ᠄ 《ᠡᠭᠡᠯ ᠵᠢᠷ᠎ᠤᠨ ᠲᠠᠷᠢᠶᠠᠴᠢᠨ ᠪᠣᠯᠤᠭ᠍ᠰᠠᠨ᠎ᠤ ᠬᠤᠪᠢ᠎ᠳᠤ᠂ ᠨᠠᠮ ᠪᠣᠯᠤᠨ ᠤᠯᠤᠰ᠎ᠤᠨ ᠢᠮᠠᠭ᠍ᠲᠠ ᠦᠨᠳᠦᠰᠦᠨ ᠱᠠᠲᠤᠨ᠎ᠤ ᠤᠯᠠᠨ ᠲᠦᠮᠡᠨ᠎ᠤ ᠠᠮᠢᠳᠤᠷᠠᠯ᠎ᠢ ᠪᠤᠳᠤᠵᠤ᠂ ᠶᠠᠳᠠᠭᠤ᠎ᠶ᠋ᠢ ᠲᠡᠳᠬᠦᠬᠦ᠂ ᠲᠠᠷᠢᠶᠠᠴᠢᠳ᠎ᠲᠤ ᠠᠱᠢᠭ ᠬᠦᠷᠲᠡᠭᠡᠬᠦ᠌ ᠡᠯ᠎ᠡ ᠵᠦᠢᠯ᠎ᠤᠨ ᠲᠦᠷᠦ᠎ᠶ᠋ᠢᠨ ᠪᠤᠳᠤᠯᠭ᠎ᠠ᠎ᠶ᠋ᠢᠨ ᠱᠢᠭᠤᠳ ᠠᠱᠢᠭ ᠬᠦᠷᠳᠡᠭ᠌ᠴᠢ ᠪᠣᠯᠤᠭ᠍ᠰᠠᠨ᠎ᠤ ᠬᠤᠪᠢ᠎ᠳᠤ᠂ ᠪᠢ ᠵᠠᠪᠠᠯ ᠵᠢᠱ᠌ᠢᠶ᠎ᠡ ᠦᠵᠡᠭᠦᠯᠬᠦ᠌ ᠡᠷᠦᠭᠡ᠎ᠶ᠋ᠢᠨ ᠳᠠᠭᠠᠭᠤᠯᠬᠤ ᠦᠢᠯᠡᠳᠦᠯ᠎ᠢ ᠰᠠᠢᠲᠤᠷ ᠪᠠᠳᠠᠷᠠᠭᠤᠯᠵᠤ᠂ ᠲᠣᠰᠭᠤᠨ᠎ᠤ ᠠᠷᠠᠳ᠎ᠢ ᠲᠠᠢᠴᠢᠯᠠᠨ ᠬᠠᠮᠲᠤ᠎ᠪᠠᠷ ᠪᠠᠶᠠᠵᠢᠭᠤᠯᠤᠨ᠎ᠠ》 ᠭᠡᠵᠤ ᠬᠡᠯᠡᠪᠡ᠃
ᠱᠢᠨ᠎ᠡ ᠭᠠᠷᠤᠭ᠎ᠠ᠎ᠳᠤ ᠵᠣᠭ᠍ᠰᠣᠵᠤ ᠱᠢᠨ᠎ᠡ ᠳᠠᠪᠱᠢᠯᠲᠠ᠎ᠶ᠋ᠢ ᠪᠡᠶᠡᠯᠡᠭᠦᠯᠦᠨ᠎ᠡ
ᠪᠠᠶᠠᠰᠭᠤᠯᠠᠩ ᠴᠢᠮᠡᠭᠡᠯᠡᠭ᠌ᠴᠢ ᠽᠦᠸᠧ ᠬᠤᠩ ᠹᠸᠢ
《ᠱᠢᠨ᠎ᠡ ᠭᠠᠷᠤᠭ᠎ᠠ᠎ᠳᠤ ᠵᠣᠭ᠍ᠰᠣᠵᠤ᠂ ᠲᠤᠯᠤᠨ ᠨᠤᠤᠷ ᠱᠢᠶᠠᠨ 2025 ᠤᠨ ᠪᠣᠯᠬᠤ᠎ᠳᠤ ᠤᠢ ᠱᠢᠭᠤᠢ ᠨᠤᠲᠤᠭ ᠪᠡᠯᠴᠢᠭᠡᠷ᠎ᠤᠨ ᠭᠤᠣᠯᠳᠠᠯᠭ᠎ᠠ᠎ᠲᠠᠢ ᠠᠮᠢ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠬᠦ᠌᠎ᠪᠠᠷ ᠳᠠᠮᠵᠢᠨ᠂ ᠪᠦᠬᠦ᠌ ᠱᠢᠶᠠᠨ᠎ᠤ ᠤᠢ ᠱᠢᠭᠤᠢ᠎ᠶ᠋ᠢᠨ ᠪᠦᠷᠬᠦᠴᠡ᠎ᠶ᠋ᠢᠨ ᠨᠤᠷᠮ᠎ᠠ᠎ᠶ᠋ᠢ 39.6% ᠪᠣᠯᠭᠠᠨ ᠳᠡᠭᠡᠭ᠌ᠰᠢᠯᠡᠭᠦᠯᠵᠦ᠍᠂ ᠨᠡᠯᠢᠶᠡᠳ ᠲᠣᠭ᠍ᠲᠠᠭᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠱᠢᠰᠲ᠋ᠧᠮ ᠪᠣᠯᠤᠨ ᠨᠡᠯᠢᠶᠡᠳ ᠬᠥᠭ᠌ᠵᠢᠭ᠌ᠰᠡᠨ ᠤᠢ ᠱᠢᠭᠤᠢ ᠡᠪᠡᠰᠦᠨ᠎ᠤ ᠠᠵᠤ ᠦᠢᠯᠡᠰ᠎ᠤᠨ ᠱᠢᠰᠲ᠋ᠧᠮ᠎ᠢ ᠪᠦᠷᠢᠯᠳᠦᠭᠦᠯᠬᠦ᠌᠎ᠪᠠᠷ ᠴᠢᠷᠮᠠᠢᠨ᠎ᠡ᠃ ᠡᠬᠡ ᠭᠠᠵᠠᠷ᠎ᠤᠨ ᠠᠭᠤᠯᠠ ᠤᠰᠤ ᠲᠤᠩᠭᠠᠯᠠᠭ᠂ ᠲᠠᠷᠢᠶᠠᠴᠢᠳ᠎ᠤᠨ ᠣᠷᠣᠯᠭ᠎ᠠ ᠦᠷᠭᠦᠯᠵᠢᠯᠡᠨ ᠨᠡᠮᠡᠭ᠌ᠳᠡᠵᠦ᠍᠂ ᠬᠥᠬᠡᠮᠳᠦᠭ ᠨᠣᠭᠤᠭᠠᠨ ᠠᠭᠤᠯᠠ ᠤᠰᠤ᠎ᠶ᠋ᠢ ᠦᠨᠡᠨ ᠬᠦ᠌ ᠠᠯᠲᠠ ᠮᠥᠩᠭᠦᠨ ᠠᠭᠤᠯᠠ ᠪᠣᠯᠭᠠᠨ ᠬᠤᠪᠢᠷᠠᠭᠤᠯᠤᠨ᠎ᠠ》 ᠭᠡᠵᠦ᠍ ᠲᠤᠯᠤᠨ ᠨᠤᠤᠷ ᠱᠢᠶᠠᠨ᠎ᠤ ᠣᠢ ᠱᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠳᠠᠷᠤᠭ᠎ᠠ ᠵᠠᠩ ᠵᠢᠶᠦ᠋ᠨ ᠬᠡᠯᠡᠪᠡ᠃
ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶ᠎ᠠ᠎ᠨᠢ ᠲᠤᠯᠤᠨ ᠨᠤᠤᠷ ᠱᠢᠶᠠᠨ᠎ᠤ ᠺᠠᠳ᠋ᠷ ᠤᠯᠠᠨ ᠲᠦᠮᠡᠨ᠎ᠤ ᠪᠣᠳᠠᠲᠤ ᠠᠵᠢᠯᠯᠠᠭ᠎ᠠ᠎ᠪᠠᠷ᠎ᠢᠶᠠᠨ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ᠌ ᠬᠥᠭ᠌ᠵᠢᠯᠲᠡ᠎ᠶ᠋ᠢᠨ ᠤᠢᠯᠠᠭᠠᠭ᠍ᠳᠠᠬᠤᠨ᠎ᠢ ᠦᠢᠯᠡᠳᠦᠯᠭᠡᠵᠢᠭᠦᠯᠬᠦ᠌ ᠶ᠋ᠢ ᠵᠣᠷᠢᠭ᠍ᠵᠢᠭᠤᠯᠵᠤ ᠪᠠᠢᠨ᠎ᠠ᠃ ᠵᠠᠩ ᠵᠢᠶᠦ᠋ᠨ᠄ 《ᠰᠢ ᠪᠠᠢ ᠫᠦᠸᠧ᠎ᠶ᠋ᠢᠨ ᠵᠣᠷᠢᠭ ᠰᠠᠨᠠᠭ᠎ᠠ ᠪᠢᠳᠡᠨ᠎ᠤ ᠠᠵᠢᠯ ᠬᠢᠵᠦ᠍ ᠦᠢᠯᠡᠰ ᠪᠤᠰᠭᠠᠬᠤ᠎ᠶ᠋ᠢ ᠲᠠᠰᠤᠷᠠᠯᠳᠠ ᠦᠭᠡᠢ ᠵᠣᠷᠢᠭ᠍ᠵᠢᠭᠤᠯᠵᠤ ᠪᠠᠢᠨ᠎ᠠ᠂ ᠮᠠᠨ᠎ᠤ ᠤᠯᠤᠰ 〈ᠠᠷᠪᠠᠨ ᠳᠥᠷᠪᠡᠳᠦᠭᠡᠷ ᠲᠠᠪᠤᠨ ᠵᠢᠯ〉 ᠤᠨ ᠲᠥᠯᠥᠪᠵᠢᠭᠦᠯᠭᠡ᠎ᠶ᠋ᠢ ᠡᠬᠢᠯᠡᠨ ᠬᠡᠷᠡᠭ᠌ᠵᠢᠭᠦᠯᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢᠶᠠᠨ ᠡᠬᠢᠯᠡᠭᠦᠯᠵᠡᠢ᠃ ᠪᠢᠳᠡ ᠬᠤᠪᠢᠰᠭᠠᠯ᠎ᠤᠨ ᠤᠳᠤᠮᠱᠢᠯ᠎ᠢ ᠵᠠᠯᠭᠠᠮᠵᠢᠯᠠᠵᠤ᠂ ᠰᠢ ᠪᠠᠢ ᠫᠦᠸᠧ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ᠂ ᠠᠵᠠ ᠲᠣᠬᠢᠶᠠᠯ᠎ᠢ ᠠᠮᠵᠢᠵᠤ᠂ ᠥᠷᠢᠰᠥᠯᠳᠦᠭᠡᠨ᠎ᠢ ᠠᠷᠭᠠᠴᠠᠭᠠᠵᠤ᠂ ᠥᠪᠡᠷ᠎ᠤᠨ ᠶᠠᠪᠤᠳᠠᠯ᠎ᠢᠶᠠᠨ ᠰᠠᠢᠲᠤᠷ ᠬᠢᠬᠦ᠌ ᠬᠡᠷᠡᠭ᠌ᠲᠡᠢ》 ᠭᠡᠵᠤ ᠬᠡᠯᠡᠪᠡ᠃