ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠭ᠎ᠤᠨ ᠨᠢᠭᠡᠳᠤᠭᠡᠷ ᠪᠦᠯᠦᠭ᠎ᠤᠨ ᠠᠭᠤᠤ ᠶᠡᠭᠡ ᠵᠣᠷᠢᠭ ᠰᠠᠨᠠᠭ᠎ᠠ᠎ᠶ᠋ᠢ ᠵᠢᠩᠬᠢᠨᠢ᠎ᠪᠠᠷ ᠨᠡᠢᠲᠡᠯᠡᠪᠡ
2021-09-30 09:43:21
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠱᠢᠨᠬᠤᠸᠠ ᠬᠤᠷᠢᠶᠠᠨ᠎ᠤ ᠪᠡᠭᠡᠵᠢᠩ᠎ᠤᠨ 9 ᠰᠠᠷ᠎ᠠ᠎ᠶ᠋ᠢᠨ 29 ᠎ᠤ ᠴᠠᠬᠢᠯᠭᠠᠨ ᠮᠡᠳᠡᠭᠡ    ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ ᠪᠣᠯᠤᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠂ ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠤᠷᠳᠤ ᠬᠤᠭᠤᠴᠠᠭᠠᠨ᠎ᠤ ᠲᠡᠮᠡᠴᠡᠯ᠎ᠤᠨ ᠶᠠᠪᠤᠴᠠ᠎ᠳᠤ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠭ᠎ᠢ ᠡᠬᠦᠳᠦᠨ ᠴᠣᠭ᠍ᠴᠠᠯᠠᠵᠤ᠂ ᠢᠯᠡ ᠲᠣᠳᠣ ᠤᠯᠤᠰ ᠲᠦᠷᠦ᠎ᠶ᠋ᠢᠨ ᠬᠡᠪ ᠴᠢᠨᠠᠷ᠎ᠢ ᠳᠠᠪᠲᠠᠨ ᠪᠣᠯᠪᠠᠰᠤᠷᠠᠭᠤᠯᠪᠠ᠃ ᠣᠢᠷ᠎ᠠ᠎ᠳᠤ᠂ ᠨᠠᠮ᠎ᠤᠨ ᠲᠥᠪ ᠬᠤᠷᠢᠶᠠᠨ᠎ᠠᠴᠠ ᠲᠥᠪ᠎ᠤᠨ ᠤᠬᠠᠭᠤᠯᠬᠤ ᠬᠡᠯᠲᠡᠰ᠎ᠤᠨ ᠡᠮᠬᠢᠯᠡᠵᠦ᠍ ᠭᠠᠷᠭᠠᠬ᠍ᠰᠠᠨ ᠨᠢᠭᠡᠳᠤᠭᠡᠷ ᠪᠦᠯᠦᠭ᠎ᠤᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠬ᠎ᠲᠤ ᠣᠷᠣᠭᠤᠯᠤᠭ᠍ᠰᠠᠨ ᠠᠭᠤᠤ ᠶᠡᠭᠡ ᠵᠣᠷᠢᠭ ᠰᠠᠨᠠᠭ᠎ᠠ᠎ᠶ᠋ᠢ ᠵᠥᠪᠱᠢᠶᠡᠷᠡᠵᠦ᠍᠂ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 72 ᠵᠢᠯ᠎ᠤᠨ ᠣᠶ᠎ᠶ᠋ᠢᠨ ᠲᠠᠱᠢᠷᠠᠮ᠎ᠳᠤ ᠨᠡᠢᠲᠡᠯᠡᠪᠡ᠃ 

ᠨᠢᠭᠡᠳᠤᠭᠡᠷ ᠪᠦᠯᠦᠭ᠎ᠤᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠬ᠎ᠲᠤ ᠣᠷᠣᠭᠤᠯᠤᠭ᠍ᠰᠠᠨ ᠠᠭᠤᠤ ᠶᠡᠭᠡ ᠵᠣᠷᠢᠭ ᠰᠠᠨᠠᠭ᠎ᠠ ᠪᠣᠯ᠄ ᠨᠠᠮ ᠪᠠᠢᠭᠤᠯᠬᠤ ᠵᠣᠷᠢᠭ ᠰᠠᠨᠠᠭ᠎ᠠ; ᠵᠢᠩᠭᠠᠩᠱᠠᠨ᠎ᠤ ᠵᠣᠷᠢᠭ ᠰᠠᠨᠠᠭ᠎ᠠ᠂ ᠰᠣᠪᠢᠶᠠᠳ ᠣᠷᠣᠨ᠎ᠤ ᠵᠣᠷᠢᠭ ᠰᠠᠨᠠᠭ᠎ᠠ᠂ ᠤᠷᠳᠤ ᠵᠠᠮ᠎ᠤᠨ ᠠᠶᠠᠨ ᠲᠠ᠊ ᠎ᠶ᠋ᠢᠨ᠎ᠤ ᠵᠣᠷᠢᠭ ᠰᠠᠨᠠᠭ᠎ᠠ᠂ ᠽᠦᠨ ᠢ᠎ᠶ᠋ᠢᠨ ᠬᠤᠷᠠᠯ᠎ᠤᠨ ᠵᠣᠷᠢᠭ ᠰᠠᠨᠠᠭ᠎ᠠ᠂ ᠶᠠᠨ ᠠᠨ᠎ᠤ ᠵᠣᠷᠢᠭ ᠰᠠᠨᠠᠭ᠎ᠠ᠂ ᠶᠠᠫᠣᠨ᠎ᠢ ᠡᠰᠡᠷᠭᠦᠴᠡᠬᠦ᠌ ᠲᠠ᠊ ᠎ᠶ᠋ᠢᠨ᠎ᠤ ᠵᠣᠷᠢᠭ ᠰᠠᠨᠠᠭ᠎ᠠ᠂ ᠤᠯᠠᠭᠠᠨ ᠬᠠᠳᠠ᠎ᠶ᠋ᠢᠨ ᠵᠣᠷᠢᠭ ᠰᠠᠨᠠᠭ᠎ᠠ᠂ ᠰᠢ ᠪᠠᠢ ᠫᠦᠸᠧ᠎ᠶ᠋ᠢᠨ ᠵᠣᠷᠢᠭ ᠰᠠᠨᠠᠭ᠎ᠠ᠂ ᠵᠤᠤ᠎ᠶ᠋ᠢᠨ᠎ᠤ ᠵᠣᠷᠢᠭ ᠰᠠᠨᠠᠭ᠎ᠠ᠂ ᠵᠡᠭᠦᠨ ᠬᠤᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠤᠯᠪᠣᠭᠠᠲᠤ ᠴᠡᠷᠢᠭ᠎ᠤᠨ ᠵᠣᠷᠢᠭ ᠰᠠᠨᠠᠭ᠎ᠠ᠂ ᠨᠠᠨ᠎ᠨᠢ ᠸᠠᠨ᠎ᠤ ᠵᠣᠷᠢᠭ ᠰᠠᠨᠠᠭ᠎ᠠ᠂ ᠲᠠ ᠵᠢᠬᠠᠩᠱᠠᠨ ᠱᠠᠨ᠎ᠤ ᠵᠣᠷᠢᠭ ᠰᠠᠨᠠᠭ᠎ᠠ (ᠯᠢᠦᠢ ᠯᠢᠶᠠᠩ᠎ᠤᠨ ᠵᠣᠷᠢᠭ ᠰᠠᠨᠠᠭ᠎ᠠ)᠂ ᠳ᠋ᠠ ᠪᠢᠶᠸ᠋ ᠱᠠᠨ᠎ᠤ ᠵᠣᠷᠢᠭ ᠰᠠᠨᠠᠭ᠎ᠠ᠂ ᠢ ᠮᠧᠩ᠎ᠤᠨ ᠵᠣᠷᠢᠭ ᠰᠠᠨᠠᠭ᠎ᠠ᠂ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠵᠣᠷᠢᠭ ᠰᠠᠨᠠᠭ᠎ᠠ᠂ ᠵᠠᠩ ᠰᠧ ᠳ᠋ᠧ᠎ᠶ᠋ᠢᠨ ᠵᠣᠷᠢᠭ ᠰᠠᠨᠠᠭ᠎ᠠ; ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠵᠣᠷᠢᠭ ᠰᠠᠨᠠᠭ᠎ᠠ᠂ 《ᠬᠤᠶᠠᠷ ᠪᠥᠮᠪᠦᠭᠡ ᠨᠢᠭᠡ ᠤᠳᠤᠨ》 ᠎ᠤ ᠵᠣᠷᠢᠭ ᠰᠠᠨᠠᠭ᠎ᠠ᠂ ᠯᠸᠢ ᠹᠧᠩ᠎ᠤᠨ ᠵᠣᠷᠢᠭ ᠰᠠᠨᠠᠭ᠎ᠠ᠂ ᠵᠢᠶᠤᠤ ᠢᠦᠢ ᠯᠦ᠍᠎ᠶ᠋ᠢᠨ ᠵᠣᠷᠢᠭ ᠰᠠᠨᠠᠭ᠎ᠠ᠂ ᠳ᠋ᠠᠴᠢᠩ᠎ᠤᠨ ᠵᠣᠷᠢᠭ ᠰᠠᠨᠠᠭ᠎ᠠ (ᠲᠡᠮᠤᠷ ᠬᠥᠮᠦᠨ᠎ᠤ ᠵᠣᠷᠢᠭ ᠰᠠᠨᠠᠭ᠎ᠠ)᠂ ᠤᠯᠠᠭᠠᠨ ᠲᠤᠭ ᠰᠤᠪᠠᠭ᠎ᠤᠨ ᠵᠣᠷᠢᠭ ᠰᠠᠨᠠᠭ᠎ᠠ᠂ ᠤᠮᠠᠷᠠᠳᠤ᠎ᠶ᠋ᠢᠨ ᠶᠡᠭᠡ ᠠᠳᠠᠷ᠎ᠤᠨ ᠵᠣᠷᠢᠭ ᠰᠠᠨᠠᠭ᠎ᠠ᠂ ᠰᠠ ᠵᠢᠬᠠᠨᠳᠠᠪᠠᠭ᠎ᠠ᠎ᠶ᠋ᠢᠨ ᠵᠣᠷᠢᠭ ᠰᠠᠨᠠᠭ᠎ᠠ᠂ 《ᠬᠤᠶᠠᠷ ᠵᠠᠮ》 ᠎ᠤᠨ ᠵᠣᠷᠢᠭ ᠰᠠᠨᠠᠭ᠎ᠠ᠂ ᠠᠬᠠᠮᠠᠳ ᠥᠶ᠎ᠠ᠎ᠶ᠋ᠢᠨ ᠲᠥᠪᠡᠳ᠎ᠤᠨ ᠵᠣᠷᠢᠭ ᠰᠠᠨᠠᠭ᠎ᠠ (ᠺᠦᠩ ᠹᠠᠨ ᠰᠧᠨ᠎ᠤ ᠵᠣᠷᠢᠭ ᠰᠠᠨᠠᠭ᠎ᠠ)᠂ ᠪᠠᠷᠠᠭᠤᠨᠰᠢ ᠨᠡᠭᠦᠭ᠌ᠰᠡᠨ ᠵᠣᠷᠢᠭ ᠰᠠᠨᠠᠭ᠎ᠠ᠂ ᠸᠠᠩ ᠵᠢᠶᠸ᠎ᠶ᠋ᠢᠨ ᠵᠣᠷᠢᠭ ᠰᠠᠨᠠᠭ᠎ᠠ; ᠥᠭᠡᠷᠡᠴᠢᠯᠡᠯᠲᠡ ᠨᠡᠭᠡᠭᠡᠯᠲᠡ᠎ᠶ᠋ᠢᠨ ᠵᠣᠷᠢᠭ ᠰᠠᠨᠠᠭ᠎ᠠ᠂ ᠣᠨᠴᠠᠭᠠᠶ ᠣᠷᠣᠨ᠎ᠤ ᠵᠣᠷᠢᠭ ᠰᠠᠨᠠᠭ᠎ᠠ᠂ ᠦᠶᠡᠷ᠎ᠲᠠᠢ ᠲᠡᠮᠡᠴᠡᠭ᠌ᠰᠡᠨ ᠵᠣᠷᠢᠭ ᠰᠠᠨᠠᠭ᠎ᠠ᠂ ᠰᠠᠷᠰ᠎ᠲᠠᠢ ᠲᠡᠮᠡᠴᠡᠭ᠌ᠰᠡᠨ ᠵᠣᠷᠢᠭ ᠰᠠᠨᠠᠭ᠎ᠠ᠂ ᠭᠠᠵᠠᠷ ᠬᠥᠳᠡᠯᠦᠯᠲᠡ᠎ᠲᠠᠢ ᠲᠡᠮᠡᠴᠡᠵᠦ᠍ ᠭᠠᠮᠱᠢᠭ᠎ᠠᠴᠠ ᠠᠪᠤᠷᠠᠬᠤ ᠵᠣᠷᠢᠭ ᠰᠠᠨᠠᠭ᠎ᠠ᠂ ᠬᠥᠮᠦᠨ ᠰᠠᠭᠤᠯᠭᠠᠭ᠍ᠰᠠᠨ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ᠂ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ (ᠬᠥᠳᠡᠯᠮᠦᠷᠢ᠎ᠶ᠋ᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ)᠂ ᠬᠥᠬᠡᠨᠠᠭᠤᠷ᠎ᠠᠴᠠ ᠲᠥᠪᠡᠳ ᠬᠦ᠍ᠷᠬᠦ᠌ ᠲᠡᠮᠦᠷ ᠵᠠᠮ᠎ᠤᠨ ᠵᠣᠷᠢᠭ ᠰᠠᠨᠠᠭ᠎ᠠ᠂ ᠡᠮᠡᠭ᠌ᠲᠡᠶ᠎ᠶ᠋ᠢᠨ ᠠᠯᠠᠭᠠᠳᠠᠬᠤ ᠪᠥᠮᠪᠦᠭᠡ᠎ᠶ᠋ᠢᠨ ᠠᠩᠭᠢ᠎ᠶ᠋ᠢᠨ ᠵᠣᠷᠢᠭ ᠰᠠᠨᠠᠭ᠎ᠠ; ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠬ᠍ᠰᠠᠨ ᠵᠣᠷᠢᠭ ᠰᠠᠨᠠᠭ᠎ᠠ᠂ ᠬᠢᠵᠢᠭ᠎ᠲᠠᠢ ᠲᠡᠮᠡᠴᠡᠬᠦ᠌ ᠵᠣᠷᠢᠭ ᠰᠠᠨᠠᠭ᠎ᠠ᠂ 《ᠭᠤᠷᠪᠠᠨ ᠱᠠᠷ》 ᠎ᠤᠨ ᠵᠣᠷᠢᠭ ᠰᠠᠨᠠᠭ᠎ᠠ᠂ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠂ ᠠᠵᠤ ᠠᠬᠤᠢᠯᠠᠯᠲᠠᠨ᠎ᠤ ᠵᠣᠷᠢᠭ ᠰᠠᠨᠠᠭ᠎ᠠ᠂ ᠰᠠᠷᠠᠨ ᠪᠦᠮᠪᠦᠷᠴᠡᠭ᠎ᠢ ᠬᠠ᠊ ᠎ᠶ᠋ᠢᠨ ᠱᠢᠨᠵᠢᠯᠡᠬᠦ᠌ ᠵᠣᠷᠢᠭ ᠰᠠᠨᠠᠭ᠎ᠠ᠂ ᠱᠢᠨ᠎ᠡ ᠴᠠᠭ ᠦᠶ᠎ᠡ᠎ᠶ᠋ᠢᠨ ᠳᠣᠬᠢᠭᠤᠷ ᠲᠤᠯᠤᠭᠠᠨ ᠤᠳᠤᠨ᠎ᠤ ᠵᠣᠷᠢᠭ ᠰᠠᠨᠠᠭ᠎ᠠ᠂ ᠲᠣᠷᠭᠠᠨ ᠵᠠᠮ᠎ᠤᠨ ᠵᠣᠷᠢᠭ ᠰᠠᠨᠠᠭ᠎ᠠ ᠪᠤᠯᠤᠨ᠎ᠠ᠃ ᠡᠳᠡᠭᠡᠷ ᠵᠣᠷᠢᠭ ᠰᠠᠨᠠᠭ᠎ᠠ᠎ᠨᠢ ᠳᠤᠮᠳᠠᠳᠤ᠎ᠶ᠋ᠢᠨ ᠦᠨᠳᠦᠰᠦᠲᠡᠨ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠤ ᠤᠷᠳᠤ ᠬᠤᠭᠤᠴᠠᠭᠠᠨ᠎ᠤ ᠲᠤᠷᠰᠢ ᠪᠦᠷᠢᠯᠳᠦᠭᠦᠯᠦᠭ᠌ᠰᠡᠨ ᠠᠭᠤᠤ ᠶᠡᠭᠡ ᠡᠭᠦᠳᠦᠨ ᠪᠦᠲᠦᠭᠡᠬᠦ᠌ ᠵᠣᠷᠢᠭ ᠰᠠᠨᠠᠭ᠎ᠠ᠂ ᠠᠭᠤᠤ ᠶᠡᠭᠡ ᠲᠡᠮᠡᠴᠡᠯ᠎ᠤᠨ ᠵᠣᠷᠢᠭ ᠰᠠᠨᠠᠭ᠎ᠠ᠂ ᠠᠭᠤᠤ ᠶᠡᠭᠡ ᠪᠦᠯᠬᠦᠮᠳᠡᠯ᠎ᠤᠨ ᠵᠣᠷᠢᠭ ᠰᠠᠨᠠᠭ᠎ᠠ᠂ ᠠᠭᠤᠤ ᠶᠡᠭᠡ ᠬᠦᠰᠡᠯ ᠵᠡᠭᠦᠳᠦ᠎ᠶ᠋ᠢᠨ ᠵᠣᠷᠢᠭ ᠰᠠᠨᠠᠭ᠎ᠠ᠎ᠶ᠋ᠢ ᠲᠥᠪᠯᠡᠷᠡᠩᠭᠦᠢ ᠢᠯᠡᠷᠡᠭᠦᠯᠵᠦ᠍᠂ ᠦᠶ᠎ᠡ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ 《ᠨᠠᠨᠳᠢᠨ ᠠᠮᠢ᠎ᠪᠠᠨ ᠴᠦᠯᠡᠨ ᠦᠷᠡᠭ᠌ᠳᠡᠭᠦᠯᠬᠦ᠌ ᠠᠤᠭ᠎ᠠ ᠵᠤᠷᠢᠭ ᠦᠯᠡᠮᠵᠢ᠂ ᠨᠠᠷᠠᠨ ᠰᠠᠷᠠᠨ᠎ᠢ ᠵᠢᠭᠠᠨ ᠵᠠᠬᠢᠷᠴᠤ᠌ ᠱᠢᠨ᠎ᠠ ᠤᠷᠴᠢᠯᠠᠩ ᠪᠤᠯᠭᠠᠮᠤᠢ》 ᠬᠡᠬᠦ᠌ ᠲᠡᠮᠡᠴᠡᠯ᠎ᠤᠨ ᠵᠣᠷᠢᠭ ᠰᠠᠨᠠᠭ᠎ᠠ᠎ᠶ᠋ᠢ ᠢᠯᠡᠷᠡᠭᠦᠯᠵᠡᠢ᠃ 

ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠪᠦᠬᠦ᠌ ᠨᠠᠮ ᠪᠦᠬᠦ᠌ ᠨᠡᠢᠭᠡᠮ᠎ᠳᠤ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠵᠤ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠭ᠎ᠢ ᠭᠦᠨᠵᠡᠭᠡᠶ ᠤᠬᠠᠭᠤᠯᠵᠤ᠂ ᠡᠭᠦᠨ᠎ᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠪᠠ 《ᠳᠥᠷᠪᠡᠨ ᠲᠡᠦᠬᠡ》 ᠎ᠶ᠋ᠢᠨ ᠤᠬᠠᠭᠤᠯᠭ᠎ᠠ ᠬᠥᠮᠦᠵᠢᠯ᠎ᠤᠨ ᠴᠢᠬᠤᠯᠠ ᠠᠭᠤᠯᠭ᠎ᠠ ᠪᠣᠯᠭᠠᠵᠤ᠂ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ᠎ᠤ ᠢᠷᠠᠭᠤ ᠠᠯᠳᠠᠷᠲᠤ ᠬᠤᠪᠢᠰᠭᠠᠯᠲᠤ ᠤᠯᠠᠮᠵᠢᠯᠠᠯ᠎ᠢ ᠪᠠᠳᠠᠷᠠᠭᠤᠯᠬᠤ᠂ ᠬᠤᠪᠢᠰᠭᠠᠯ᠎ᠤᠨ ᠠᠮᠢᠨ ᠰᠤᠳᠠᠰᠤ᠎ᠶ᠋ᠢ ᠵᠠᠯᠭᠠᠮᠵᠢᠯᠠᠬᠤ᠎ᠶ᠋ᠢ ᠨᠡᠩ ᠰᠠ᠊ ᠎ᠶ᠋ᠢᠨ ᠵᠤᠷᠢᠭ᠍ᠵᠢᠭᠤᠯᠵᠤ᠂ 《ᠳᠥᠷᠪᠡᠨ ᠤᠬᠠᠮᠰᠠᠷ》 ᠎ᠢᠶᠠᠨ ᠲᠠᠰᠤᠷᠠᠯᠲᠠ ᠥᠬᠡᠶ ᠴᠢᠩᠭᠠᠳᠭᠠᠵᠤ᠂ 《ᠳᠥᠷᠪᠡᠨ ᠢᠲᠡᠭᠡᠯ》 ᠎ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠡᠷᠡᠯᠬᠡᠭ᠌ᠯᠡᠨ ᠤᠷᠤᠭ᠍ᠰᠢᠯᠠᠬᠤ ᠬᠦᠴᠦᠷᠬᠡᠭ ᠶᠡᠭᠡ ᠣᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠵᠤ ᠦᠭ᠌ᠬᠦ ᠬᠡᠷᠡᠭ᠌ᠳᠠᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠱᠢᠨᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号