ᠪᠥᠬᠦ᠌ ᠣᠷᠣᠨ᠎ᠤ ᠡᠩ᠎ᠤᠨ ᠥᠨᠳᠥᠷ ᠳᠤᠮᠳᠠᠳᠤ᠎ᠶ᠋ᠢᠨ ᠰᠤᠷᠤᠯᠭ᠎ᠠ᠎ᠶ᠋ᠢᠨ ᠲᠦᠪᠱᠢᠨ᠎ᠤ ᠱᠢᠯᠭᠠᠯᠲᠠ᠎ᠶ᠋ᠢᠨ ᠨᠠᠷ᠎ᠠ ᠮᠡᠳᠡᠬᠦᠯᠬᠦ᠌ ᠪᠤᠯᠤᠨ ᠨᠢᠭᠡᠳᠦᠭᠡᠷ ᠣᠨ᠎ᠤ ᠱᠢᠨ᠎ᠡ ᠰᠣᠷᠣᠭ᠍ᠴᠢ᠎ᠶ᠋ᠢᠨ ᠱᠢᠯᠭᠠᠯᠲᠠ᠎ᠶ᠋ᠢᠨ ᠬᠠᠷᠢᠶ᠎ᠠ᠎ᠶ᠋ᠢ ᠳᠠᠩᠰᠠᠯᠠᠬᠤ ᠠᠵᠢᠯ ᠤᠳᠠᠯ ᠥᠬᠡᠶ ᠡᠬᠢᠯᠡᠨ᠎ᠡ
2021-09-30 17:26:40
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

2021 — 2022 ᠰᠤᠷᠤᠯᠭ᠎ᠠ᠎ᠶ᠋ᠢᠨ ᠣᠨ᠎ᠤ ᠨᠢᠭᠡᠳᠦᠭᠡᠷ ᠬᠤᠭᠤᠴᠠᠭᠠᠨ᠎ᠤ ᠪᠥᠬᠦ᠌ ᠣᠷᠣᠨ᠎ᠤ ᠡᠩ᠎ᠤᠨ ᠥᠨᠳᠥᠷ ᠳᠤᠮᠳᠠᠳᠤ᠎ᠶ᠋ᠢᠨ ᠰᠤᠷᠤᠯᠭ᠎ᠠ᠎ᠶ᠋ᠢᠨ ᠲᠦᠪᠱᠢᠨ᠎ᠤ ᠱᠢᠯᠭᠠᠯᠲᠠ 12 ᠰᠠᠷ᠎ᠠ᠎ᠶ᠋ᠢᠨ 7 — 8 ᠎ᠤ ᠡᠳᠦᠷ ᠪᠣᠯᠲᠠᠯ᠎ᠠ ᠶᠠᠪᠤᠭ᠍ᠳᠠᠨ᠎ᠠ᠃ ᠲᠣᠰ ᠰᠤᠷᠤᠯᠭ᠎ᠠ᠎ᠶ᠋ᠢᠨ ᠬᠤᠭᠤᠴᠠᠭᠠᠨ᠎ᠤ ᠥᠨᠳᠥᠷ ᠳᠤᠮᠳᠠᠳᠤ᠎ᠶ᠋ᠢᠨ ᠨᠢᠭᠡᠳᠦᠭᠡᠷ ᠣᠨ᠎ᠤ ᠱᠢᠨ᠎ᠡ ᠰᠣᠷᠣᠭ᠍ᠴᠢ᠎ᠶ᠋ᠢᠨ ᠱᠢᠯᠭᠠᠯᠲᠠ᠎ᠶ᠋ᠢᠨ ᠬᠠᠷᠢᠶ᠎ᠠ᠎ᠶ᠋ᠢ ᠳᠠᠩᠰᠠᠯᠠᠬᠤ ᠠᠵᠢᠯ ᠪᠠ ᠬᠤᠶᠠᠷ᠂ ᠭᠤᠷᠪᠠᠳᠤᠭᠠᠷ ᠣᠨ᠎ᠤ ᠰᠣᠷᠣᠭ᠍ᠴᠢ᠎ᠶ᠋ᠢᠨ ᠱᠢᠯᠭᠠᠯᠲᠠ᠎ᠶ᠋ᠢᠨ ᠬᠠᠷᠢᠶ᠎ᠠ᠎ᠶ᠋ᠢ ᠨᠥᠬᠦᠨ ᠳᠠᠩᠰᠠᠯᠠᠬᠤ ᠵᠢᠴᠢ ᠬᠢᠴᠢᠶᠡᠯ ᠰᠣᠩᠭᠤᠬᠤ᠎ᠳᠤ ᠨᠡᠷ᠎ᠡ ᠮᠡᠳᠡᠭᠦᠯᠬᠦ᠌ ᠠᠵᠢᠯ᠎ᠢ 10 ᠰᠠᠷ᠎ᠠ᠎ᠶ᠋ᠢᠨ 8 ᠎ᠠᠴᠠ 15 ᠎ᠤ ᠡᠳᠦᠷ ᠪᠣᠯᠲᠠᠯ᠎ᠠ ᠨᠢᠭᠡᠳᠦᠯᠲᠡᠶ ᠲᠣᠬᠢᠷᠠᠭᠤᠯᠤᠨ᠎ᠠ᠃

2021 ᠣᠨ᠎ᠤ ᠨᠠᠮᠤᠷ ᠰᠤᠷᠭᠠᠭᠤᠯᠢ᠎ᠳᠤ ᠣᠷᠣᠬ᠍ᠰᠠᠨ ᠡᠩ᠎ᠤᠨ ᠥᠨᠳᠥᠷ ᠳᠤᠮᠳᠠᠳᠤ᠎ᠶ᠋ᠢᠨ ᠨᠢᠭᠡᠳᠦᠭᠡᠷ ᠣᠨ᠎ᠤ ᠱᠢᠨ᠎ᠡ ᠰᠤᠷᠤᠭ᠍ᠴᠢᠳ ᠲᠣᠭ᠍ᠲᠠᠬ᠍ᠰᠠᠨ ᠴᠠᠭ᠎ᠤᠨ ᠳᠣᠲᠣᠷ᠎ᠠ ᠥᠪᠥᠷ ᠮᠣᠩᠭᠤᠯ᠎ᠤᠨ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠮᠡᠳᠡᠭᠡ ᠵᠠᠩᠭᠢ᠎ᠶ᠋ᠢᠨ ᠰᠦᠯᠵᠢᠶ᠎ᠡ᠎ᠳᠤ ᠭᠠᠷᠴᠤ᠌᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠥᠨᠳᠥᠷ ᠳᠤᠮᠳᠠᠳᠤ ᠰᠤᠷᠭᠠᠭᠤᠯᠢ᠎ᠶ᠋ᠢᠨ ᠰᠤᠷᠤᠯᠭ᠎ᠠ᠎ᠶ᠋ᠢᠨ ᠲᠦᠪᠱᠢᠨ᠎ᠤ ᠱᠢᠯᠭᠠᠯᠲᠠ᠎ᠶ᠋ᠢᠨ ᠬᠠᠷᠢᠶ᠎ᠠ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ》 ᠎ᠳᠤ ᠤᠷᠤᠵᠤ ᠱᠢᠯᠭᠠᠯᠳᠠ᠎ᠶ᠋ᠢᠨ ᠬᠠᠷᠢᠶ᠎ᠠ᠎ᠪᠠᠨ ᠳᠠᠩᠰᠠᠯᠠᠭᠤᠯᠬᠤ ᠬᠡᠷᠡᠭ᠌ᠲᠡᠶ᠃

ᠲᠣᠰ ᠤᠳᠠᠭᠠᠨ᠎ᠤ ᠱᠢᠯᠭᠠᠯᠲᠠ᠎ᠳᠤ ᠨᠡᠷ᠎ᠡ ᠮᠡᠳᠡᠭᠦᠯᠬᠦ᠌ ᠡᠲᠡᠭᠡᠳ ᠪᠣᠯ ᠮᠠᠨ᠎ᠤ ᠣᠷᠣᠨ᠎ᠤ ᠡᠩ᠎ᠤᠨ ᠥᠨᠳᠥᠷ ᠳᠤᠮᠳᠠᠳᠤ ᠰᠤᠷᠭᠠᠭᠤᠯᠢ᠎ᠶ᠋ᠢᠨ ᠰᠤᠷᠤᠯᠭ᠎ᠠ᠎ᠶ᠋ᠢᠨ ᠲᠦᠪᠱᠢᠨ᠎ᠤ ᠱᠢᠯᠭᠠᠯᠲᠠ᠎ᠶ᠋ᠢᠨ ᠬᠠᠷᠢᠶ᠎ᠠ᠎ᠪᠠᠨ ᠨᠢᠭᠡᠨᠲᠡ ᠳᠠᠩᠰᠠᠯᠠᠭᠤᠯᠤᠭ᠍ᠰᠠᠨ ᠡᠩ᠎ᠤᠨ ᠥᠨᠳᠥᠷ ᠳᠤᠮᠳᠠᠳᠤ᠎ᠶ᠋ᠢᠨ ᠬᠤᠶᠠᠷ᠂ ᠭᠤᠷᠪᠠᠳᠤᠭᠠᠷ ᠣᠨ᠎ᠤ ᠰᠤᠷᠭᠠᠭᠤᠯᠢ᠎ᠳᠤ ᠪᠠᠢᠭ᠎ᠠ ᠰᠣᠷᠣᠭ᠍ᠴᠢ ᠪᠣᠯᠤᠨ᠎ᠠ᠃ ᠡᠭᠦᠨ᠎ᠳᠤ᠂ ᠥᠨᠳᠥᠷ ᠳᠤᠮᠳᠠᠳᠤ᠎ᠶ᠋ᠢᠨ ᠭᠤᠷᠪᠠᠳᠤᠭᠠᠷ ᠣᠨ᠎ᠤ ᠰᠤᠷᠤᠭ᠍ᠴᠢ ᠬᠡᠯᠡ ᠪᠢᠴᠢᠭ᠂ ᠲᠣᠭᠠᠨ᠎ᠤ ᠤᠬᠠᠭᠠᠨ᠂ ᠭᠠᠳᠠᠭᠠᠳᠤ ᠬᠡᠯᠡ ᠵᠡᠷᠭᠡ 3 ᠬᠢᠴᠢᠶᠡᠯ ᠲᠥᠷᠥᠯ᠎ᠢ ᠱᠢᠯᠭᠠᠨ᠎ᠠ; ᠥᠨᠳᠥᠷ ᠳᠤᠮᠳᠠᠳᠤ᠎ᠶ᠋ᠢᠨ ᠬᠤᠶᠠᠳᠤᠭᠠᠷ ᠣᠨ᠎ᠤ ᠰᠤᠷᠤᠭ᠍ᠴᠢ ᠠᠮᠢᠳᠤ ᠪᠣᠳᠠᠰ᠂ ᠲᠡᠦᠬᠡ᠂ ᠭᠠᠵᠠᠷ ᠵᠦᠶ ᠵᠡᠷᠭᠡ 3 ᠬᠢᠴᠢᠶᠡᠯ ᠲᠥᠷᠥᠯ᠎ᠢ ᠱᠢᠯᠭᠠᠨ᠎ᠠ᠃ ᠬᠡᠷᠪᠡ ᠠᠮᠢᠳᠤ ᠪᠣᠳᠠᠰ᠂ ᠲᠡᠦᠬᠡ᠂ ᠭᠠᠵᠠᠷ ᠵᠦᠶ ᠵᠡᠷᠭᠡ 3 ᠬᠢᠴᠢᠶᠡᠯ ᠲᠥᠷᠥᠯ᠎ᠳᠡᠭᠡᠨ ᠬᠢᠷᠢ ᠲᠡᠩᠴᠡᠭ᠌ᠰᠡᠨ ᠥᠬᠡᠶ ᠪᠠᠢᠪᠠᠯ᠂ ᠥᠨᠳᠥᠷ ᠳᠤᠮᠳᠠᠳᠤ᠎ᠶ᠋ᠢᠨ ᠭᠤᠷᠪᠠᠳᠤᠭᠠᠷ ᠣᠨ᠎ᠤ ᠰᠣᠷᠣᠭ᠍ᠴᠢ ᠬᠠᠷᠠᠭᠠᠯᠵᠠᠭ᠍ᠰᠠᠨ ᠬᠢᠴᠢᠶᠡᠯ ᠲᠥᠷᠥᠯ᠎ᠢ ᠳᠠᠭᠢᠵᠤ ᠨᠠᠷ᠎ᠠ ᠮᠡᠳᠡᠭᠦᠯᠦᠨ ᠱᠢᠯᠭᠠᠵᠤ ᠪᠣᠯᠤᠨ᠎ᠠ᠃ ᠰᠤᠷᠤᠯᠭ᠎ᠠ᠎ᠶ᠋ᠢᠨ ᠲᠦᠪᠱᠢᠨ᠎ᠤ ᠱᠢᠯᠭᠠᠯᠲᠠ᠎ᠶ᠋ᠢᠨ ᠬᠠᠷᠢᠶ᠎ᠠ᠎ᠪᠠᠨ ᠳᠠᠩᠰᠠᠯᠠᠭᠤᠯᠵᠤ ᠥᠩᠭᠡᠷᠡᠭ᠌ᠰᠡᠨ ᠥᠬᠡᠶ ᠥᠨᠳᠥᠷ ᠳᠤᠮᠳᠠᠳᠤ᠎ᠶ᠋ᠢᠨ ᠬᠤᠶᠠᠷ᠂ ᠭᠤᠷᠪᠠᠳᠤᠭᠠᠷ ᠣᠨ᠎ᠤ ᠰᠤᠷᠭᠠᠭᠤᠯᠢ᠎ᠳᠤ ᠪᠠᠢᠭ᠎ᠠ ᠰᠣᠷᠣᠭ᠍ᠴᠢ ᠲᠣᠭ᠍ᠲᠠᠭᠠᠭ᠍ᠰᠠᠨ ᠴᠠᠭ᠎ᠤᠨ ᠳᠣᠲᠣᠷ᠎ᠠ ᠱᠢᠯᠭᠠᠯᠲᠠ᠎ᠶ᠋ᠢᠨ ᠬᠠᠷᠢᠶ᠎ᠠ᠎ᠪᠠᠨ ᠨᠥᠬᠦᠵᠦ᠍ ᠳᠠᠩᠰᠠᠯᠠᠭᠤᠯᠤᠭ᠍ᠰᠠᠨ᠎ᠤ ᠳᠠᠷᠠᠭ᠎ᠠ ᠰᠠᠶᠢ ᠬᠢᠴᠢᠶᠡᠯ ᠰᠣᠩᠭᠤᠬᠤ᠎ᠳᠤ ᠨᠡᠷ᠎ᠡ ᠮᠡᠳᠡᠭᠦᠯᠵᠦ᠍ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号