
ᠲᠦᠷᠦᠬᠦᠬᠡᠨ᠂ ᠰᠤᠷᠪᠤᠯᠵᠢᠯᠠᠭ᠍ᠴᠢ ᠦᠥᠱᠢᠨ ᠬᠤᠱᠢᠭᠤᠨ᠎ᠤ ᠰᠦᠯᠳᠡ ᠰᠤᠮᠤᠨ᠎ᠤ ᠴᠤᠤᠳᠠᠢ ᠭᠠᠴᠠᠭ᠎ᠠ᠎ᠪᠠᠷ ᠰᠤᠷᠪᠤᠯᠵᠢᠯᠠᠵᠤ ᠶᠠᠪᠤᠬᠤ᠎ᠳᠤ᠂ ᠳᠣᠰ ᠭᠠᠴᠠᠭᠠᠨ᠎ᠤ ᠮᠠᠯᠴᠢᠳ ᠨᠠᠮᠣᠷ᠎ᠤᠨ ᠬᠤᠷᠢᠶᠠᠯᠳᠠ᠎ᠳᠠᠭᠠᠨ ᠮᠠᠩᠨᠠᠢ ᠲᠡᠨᠢᠨ ᠪᠠᠶᠠᠰᠴᠤ᠌᠂ ᠬᠥᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠠᠵᠢᠯ ᠡᠷᠴᠢᠮᠳᠠᠢ ᠶᠠᠪᠣᠬ᠍ᠳᠠᠵᠣ ᠪᠠᠢᠭ᠎ᠠ᠎ᠶ᠋ᠢ ᠣᠯᠵᠣ ᠬᠠᠷᠠᠯ᠎ᠠ᠃
ᠦᠥᠱᠢᠨ ᠬᠤᠱᠢᠭᠤᠨ᠎ᠤ ᠰᠦᠯᠳᠡ ᠰᠣᠮᠣᠨ᠎ᠤ ᠪᠠᠷᠠᠭᠤᠨ ᠪᠡᠶ᠎ᠡ᠎ᠳᠤ ᠪᠠᠢᠷᠢᠯᠠᠭ᠎ᠠ ᠴᠤᠤᠳᠠᠢ ᠭᠠᠴᠠᠭ᠎ᠠ ᠪᠤᠯ ᠮᠠᠯᠵᠢᠬᠤ ᠲᠠᠷᠢᠶᠠᠯᠠᠬᠤ᠎ᠶ᠋ᠢ ᠤᠶᠠᠯᠳᠤᠭᠤᠯᠤᠭ᠍ᠰᠠᠨ ᠭᠠᠴᠠᠭ᠎ᠠ ᠶᠤᠮ᠃ ᠳᠣᠰ ᠭᠠᠴᠠᠭ᠎ᠠ᠂ ᠡᠨᠡ ᠬᠠᠪᠤᠷ 《ᠺᠤᠮᠫᠠᠨᠢ + ᠬᠤᠷᠱᠢᠶ᠎ᠠ + ᠮᠠᠯᠴᠢᠨ ᠲᠠᠷᠢᠶᠠᠴᠢᠨ ᠡᠷᠦᠬᠡ》 ᠶ᠋ᠢᠨ ᠬᠠᠮᠳᠤᠷᠠᠯᠴᠠᠭᠠᠨ᠎ᠤ ᠵᠠᠭ᠍ᠪᠤᠷ᠎ᠢ ᠬᠡᠷᠡᠭ᠌ᠵᠢᠬᠦᠯᠵᠤ ᠥᠪᠤᠷ ᠮᠤᠩᠭᠤᠯ᠎ᠤᠨ ᠵᠧᠩ ᠴᠢ ᠮᠠᠯ ᠠᠵᠤ ᠠᠬᠤᠢ ᠲᠠᠷᠢᠶᠠᠯᠠᠩ᠎ᠤᠨ ᠦᠢᠯᠡᠰ᠎ᠤᠨ ᠬᠢᠵᠠᠭᠠᠷᠲᠤ ᠺᠤᠮᠫᠠᠨᠢ᠎ᠶ᠋ᠢ ᠣᠷᠣᠭᠤᠯᠤᠨ ᠠᠪᠴᠢᠷᠠᠵᠤ 5000 ᠮᠦ᠍᠎ᠶ᠋ᠢᠨ ᠬᠠᠷ᠎ᠠ ᠪᠤᠭᠤᠳᠠᠢ᠎ᠶ᠋ᠢᠨ ᠰᠦᠷᠡᠯ᠎ᠤᠨ ᠰᠠᠭᠤᠷᠢᠨ᠎ᠢ ᠪᠠᠢᠭᠤᠯᠪᠠ᠃
ᠬᠠᠷ᠎ᠠ ᠪᠤᠭᠤᠳᠠᠢ᠎ᠶ᠋ᠢᠨ ᠰᠦᠷᠡᠯ ᠪᠣᠯ ᠲᠡᠯᠡᠭᠡᠢ ᠲᠡᠭᠡᠷᠡᠬᠢ ᠲᠠᠷᠢᠬᠤ ᠬᠡᠪᠴᠢᠶ᠎ᠠ᠎ᠪᠠᠷ ᠬᠠᠮᠤᠭ᠎ᠤᠨ ᠦᠷᠬᠡᠨ ᠲᠡᠯᠬᠡᠷ ᠲᠡᠵᠢᠬᠡᠯ ᠡᠪᠡᠰᠦ ᠪᠣᠯᠣᠨ᠎ᠠ᠃ ᠬᠡᠪᠡᠴᠤ᠌ ᠠᠭᠤᠷ ᠠᠮᠢᠰᠭᠤᠯ᠎ᠤᠨ ᠨᠦᠬᠦᠴᠡᠯ᠎ᠠᠴᠠ ᠪᠣᠯᠵᠣ᠂ ᠮᠠᠨ᠎ᠤ ᠤᠯᠤᠰ᠎ᠤᠨ ᠣᠮᠠᠷᠠᠳᠣ ᠤᠷᠤᠨ᠎ᠢᠶᠠᠷ ᠲᠠᠷᠢᠬᠤ᠎ᠳᠤ ᠲᠣᠬᠢᠷᠠᠮᠵᠢ ᠦᠬᠡᠢ ᠪᠠᠢᠵᠠᠢ᠃ ᠲᠤᠰ ᠺᠤᠮᠫᠠᠨᠢ 5 ᠵᠢᠯ᠎ᠤᠨ ᠰᠤᠳᠤᠯᠤᠯᠳᠠ ᠬᠢᠵᠤ ᠪᠤᠢᠵᠢᠭᠤᠯᠬᠤ᠎ᠪᠠᠷ ᠲᠠᠮᠵᠢᠨ ᠠᠮᠵᠢᠯᠳᠠ ᠣᠯᠵᠣ᠂ ᠡᠨᠡ ᠵᠢᠯ ᠴᠤᠤᠳᠠᠢ ᠭᠠᠴᠠᠭ᠎ᠠ᠎ᠳᠤ 5000 ᠮᠥ᠍ ᠬᠡᠪᠴᠢᠶᠡᠵᠢᠬᠦᠯᠦᠨ ᠲᠠᠷᠢᠵᠠᠢ᠃ ᠲᠤᠰ ᠡᠪᠡᠰᠦ ᠱᠢᠮ᠎ᠡ ᠲᠡᠵᠢᠬᠡᠯ ᠮᠠᠰᠢ ᠡᠯᠪᠡᠭ ᠪᠦᠬᠡᠳ ᠬᠤᠷᠢᠶᠠᠯᠳᠠ ᠦᠨᠳᠦᠷ ᠵᠡᠷᠬᠡ ᠤᠨᠴᠠᠯᠢᠭ᠎ᠲᠠᠢ᠃ ᠲᠤᠰ ᠺᠤᠮᠫᠠᠨᠢ᠎ᠶ᠋ᠢᠨ ᠶᠡᠷᠦᠩᠬᠡᠢ ᠲᠠᠭᠠᠭᠠᠮᠠᠯ ᠶᠡᠨ ᠹᠧᠩ᠄ 《ᠡᠨᠡ ᠵᠢᠯ ᠵᠢᠱ᠌ᠢᠶ᠎ᠡ ᠦᠵᠡᠬᠦᠯᠦᠨ ᠲᠠᠷᠢᠬᠤ᠎ᠪᠠᠷ ᠲᠡᠮᠵᠢᠭᠤᠯᠤᠨ ᠮᠠᠯᠴᠢᠨ ᠲᠠᠷᠢᠶᠠᠴᠢᠳ᠎ᠲᠤ ᠡᠨᠡ ᠬᠦ᠌ ᠱᠢᠮ᠎ᠡ ᠲᠡᠵᠢᠬᠡᠯᠳᠦ ᠡᠪᠡᠰᠦᠨ᠎ᠤ ᠠᠱᠢᠭ ᠱᠢᠮ᠎ᠡ᠎ᠶ᠋ᠢ ᠪᠦᠬᠦ᠌ ᠲᠠᠯ᠎ᠠ᠎ᠪᠠᠷ ᠲᠠᠨᠢᠭᠤᠯᠪᠠ᠂ ᠲᠠᠷᠠᠭ᠎ᠠ ᠠᠯᠬᠤᠮ᠎ᠳᠤ᠂ ᠪᠢᠳᠠ ᠲᠤᠰ ᠡᠪᠡᠰᠦ᠎ᠪᠠᠷ ᠲᠡᠵᠢᠬᠡᠯ ᠪᠣᠯᠭᠠᠵᠤ᠂ ᠲᠤᠬᠠᠢ᠎ᠶ᠋ᠢᠨ ᠭᠠᠵᠠᠷ᠎ᠤᠨ ᠬᠤᠨᠢ ᠦᠬᠡᠷ᠎ᠤᠨ ᠮᠢᠬᠠᠨ᠎ᠤ ᠦᠢᠯᠡᠰ᠎ᠤᠨ ᠴᠢᠨᠠᠷ ᠪᠠ ᠲᠡᠰᠢ ᠲᠡᠬᠡᠭ᠌ᠰᠢᠯᠡᠭᠦᠯᠵᠥ᠍᠂ ᠬᠥᠳᠡᠭᠡ ᠳᠣᠰᠭᠤᠨ᠎ᠢ ᠠᠮᠢ ᠠᠬᠤᠢ᠎ᠶ᠋ᠢ ᠬᠠᠮᠠᠭᠠᠯᠠᠬᠤ ᠮᠥᠷᠳᠡᠭᠡᠨ ᠦᠨᠳᠦᠷ ᠦᠷ᠎ᠡ ᠪᠦᠳᠦᠮᠵᠢᠳᠡᠢ ᠮᠠᠯᠵᠢᠬᠤ ᠦᠢᠯᠡᠰ᠎ᠤᠨ ᠵᠠᠮ᠎ᠢᠶᠠᠷ ᠵᠠᠮᠨᠠᠭᠤᠯᠣᠨᠠ》 ᠬᠡᠵᠣ ᠳᠣᠰ ᠡᠪᠠᠰᠣ᠎ᠶ᠋ᠢ ᠣᠷᠣᠭᠤᠯᠣᠨ ᠠᠪᠴᠢᠷᠠᠵᠣ ᠲᠠᠷᠢᠬ᠍ᠰᠠᠨ ᠵᠣᠷᠢᠯᠭ᠎ᠠ᠎ᠪᠠᠨ ᠶᠠᠷᠢᠵᠤ ᠪᠠᠢᠯ᠎ᠠ᠃
ᠴᠤᠤᠳᠠᠢ ᠭᠠᠴᠠᠭ᠎ᠠ ᠭᠠᠵᠠᠷ ᠨᠤᠲᠤᠭ ᠦᠷᠬᠡᠨ ᠪᠥᠭᠡᠳ ᠲᠣᠮᠣ ᠬᠡᠯᠪᠡᠷᠢ᠎ᠶ᠋ᠢᠨ ᠤᠰᠤᠯᠠᠯᠳᠠ᠎ᠶ᠋ᠢᠨ ᠲᠦᠬᠦᠬᠡᠷᠦᠮᠵᠢ ᠢᠵᠢ ᠪᠦᠷᠢᠨ ᠪᠠᠢᠳᠠᠭ᠎ᠢᠶᠠᠷ᠎ᠢᠶᠠᠨ ᠠᠵᠤ ᠠᠬᠤᠢ᠎ᠶ᠋ᠢᠨ ᠲᠠᠷᠢᠮᠠᠯ᠎ᠢ ᠬᠡᠪᠴᠢᠶᠠᠵᠢᠬᠦᠯᠤᠠ ᠲᠠᠷᠢᠬᠤ᠎ᠳᠤ ᠲᠤᠩ ᠲᠣᠬᠢᠷᠠᠳᠠᠭ᠃ ᠭᠠᠴᠠᠭᠠᠨ᠎ᠤ ᠨᠠᠮ᠎ᠤᠨ ᠡᠭᠦᠷ᠎ᠤᠨ ᠱᠦᠵᠢ ᠨᠣᠮᠢᠨᠴᠡᠩᠬᠡᠯ᠄ 《ᠮᠠᠨ᠎ᠤ ᠭᠠᠴᠠᠭ᠎ᠠ 2008 ᠣᠨ᠎ᠳᠤ 〈ᠺᠤᠮᠫᠠᠨᠢ + ᠬᠤᠷᠱᠢᠶ᠎ᠠ + ᠮᠠᠯᠴᠢᠨ ᠲᠠᠷᠢᠶᠠᠴᠢᠨ ᠡᠷᠦᠬᠡ〉 ᠶ᠋ᠢᠨ ᠵᠠᠭ᠍ᠪᠤᠷ᠎ᠢ ᠬᠡᠷᠡᠭ᠌ᠵᠢᠬᠦᠯᠦᠭᠡᠳ ᠤᠷᠢᠳ ᠬᠤᠵᠢᠳ ᠨᠠᠷᠠᠠ ᠬᠤᠸᠠᠷ᠂ ᠡᠷᠳᠡᠨᠢ ᠱᠢᠰᠢ᠂ ᠲᠥᠮᠥᠰᠦ ᠵᠡᠷᠭᠡ᠎ᠶ᠋ᠢ ᠲᠠᠷᠢᠭᠠᠳ ᠮᠠᠯᠴᠢᠨ ᠲᠠᠷᠢᠶᠠᠴᠢᠨ᠎ᠤ ᠣᠷᠣᠯᠭ᠎ᠠ ᠢᠯᠡᠳᠳᠡ ᠨᠡᠮᠡᠭ᠌ᠳᠡᠭ᠌ᠰᠡᠨ᠂ ᠣᠳᠣ ᠬᠦᠮᠦᠨ ᠪᠦᠷᠢ᠎ᠶ᠋ᠢᠨ ᠳᠤᠮᠳᠠᠴᠢ ᠤᠷᠤᠯᠭ᠎ᠠ 2 ᠲᠥᠮᠡᠡ ᠲᠦᠬᠦᠷᠢᠭ᠎ᠲᠤ ᠬᠥᠷᠴᠤ᠌ ᠪᠤᠢ᠂ ᠳᠠᠷᠠᠭᠠᠴᠢ᠎ᠶ᠋ᠢᠨ ᠠᠯᠬᠤᠮ᠎ᠳᠤ᠂ ᠥᠷᠬᠦᠯᠵᠢᠯᠡᠨ ᠡᠨᠡ ᠬᠦ᠌ ᠵᠠᠭ᠍ᠪᠤᠷ᠎ᠢᠶᠠᠷ ᠠᠵᠤ ᠠᠬᠤᠢ᠎ᠶ᠋ᠢᠨ ᠲᠠᠷᠢᠮᠠᠯ ᠲᠠᠷᠢᠬᠤ ᠪᠤᠶᠤ ᠮᠠᠯ ᠮᠠᠯᠵᠢᠬᠤ᠎ᠪᠠᠨ ᠡᠷᠴᠢᠮᠵᠢᠬᠦᠯᠵᠣ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠳᠣᠬ᠍ᠳᠠᠭᠤᠨᠢᠶᠠᠷ ᠨᠡᠮᠡᠭ᠌ᠳᠡᠬᠦᠯᠬᠦ᠌᠎ᠶ᠋ᠢ ᠪᠠᠳᠣᠯᠠᠵᠣ᠂ ᠬᠦᠳᠡᠭᠡ ᠲᠤᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠥᠴᠥᠨ ᠨᠡᠮᠡᠷᠢᠯᠡᠨ᠎ᠠ》 ᠬᠡᠵᠣ ᠰᠣᠷᠪᠣᠯᠵᠢᠯᠠᠬ᠍ᠴᠢ᠎ᠳᠤ ᠢᠳᠡᠬᠡᠯ ᠲᠡᠬᠦᠯᠳᠡᠷ ᠬᠡᠯᠡᠨ᠎ᠠ᠃