ᠪᠠᠶᠠᠨᠨᠠᠭᠤᠷ ᠬᠤᠲᠠ᠎ᠶ᠋ᠢᠨ ᠰᠤᠷᠤᠭ᠍ᠴᠢᠳ ᠴᠤᠭ ᠵᠢᠪᠬᠤᠭ᠎ᠠ ᠲᠡᠭᠦᠯᠳᠡᠷ᠎ᠢᠶᠠᠷ ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ᠎ᠪᠠᠨ ᠤᠭ᠍ᠲᠤᠯ᠎ᠠ
2021-09-04 10:44:02
ᠵᠣᠬᠢᠶᠠᠭ᠍ᠴᠢ᠄
​ ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 28 ᠎ᠤ ᠡᠳᠦᠷ᠎ᠠᠴᠠ ᠡᠬᠢᠯᠡᠨ᠂ ᠪᠠᠶᠠᠨᠨᠠᠭᠤᠷ ᠬᠤᠲᠠ᠎ᠶ᠋ᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠵᠠᠯᠭᠠᠭ᠎ᠠ᠎ᠪᠠᠷ ᠰᠤᠷᠭᠠᠭᠤᠯᠢ ᠡᠬᠢᠯᠡᠨ ᠬᠢᠴᠢᠶᠡᠯ ᠣᠷᠣᠵᠤ᠂ ᠰᠤᠷᠤᠭ᠍ᠴᠢᠳ ᠴᠤᠭ ᠵᠢᠪᠬᠤᠭ᠎ᠠ ᠲᠡᠭᠦᠯᠳᠡᠷ᠎ᠢᠶᠠᠷ ᠱᠢᠨ᠎ᠡ ᠰᠤᠷᠤᠯᠭ᠎ᠠ᠎ᠶ᠋ᠢᠨ ᠬᠤᠭᠤᠴᠠᠭᠠᠨ᠎ᠤ ᠰᠤᠷᠤᠯᠴᠠᠯᠭ᠎ᠠ᠎ᠪᠠᠨ ᠡᠬᠢᠯᠡᠬᠦᠯᠦᠯ᠎ᠡ᠃ 

ᠰᠤᠷᠭᠠᠭᠤᠯᠢ ᠡᠬᠢᠯᠡᠭ᠌ᠰᠡᠨ ᠠᠩᠬᠠᠨ᠎ᠤ ᠡᠳᠦᠷ᠂ ᠪᠠᠶᠠᠨᠨᠠᠭᠤᠷ ᠬᠤᠳᠠ᠎ᠶ᠋ᠢᠨ ᠮᠣᠩᠭᠤᠯ ᠦᠨᠳᠦᠰᠦᠲᠡᠨ᠎ᠤ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ ᠲᠡᠷᠢ ᠲᠡᠭ᠌ᠰᠢ ᠮᠥᠷᠯᠡᠨ ᠵᠢᠭ᠍ᠰᠠᠵᠤ᠂ ᠴᠡᠪᠡᠷ ᠴᠡᠮᠴᠡᠭᠡᠷ ᠰᠤᠷᠭᠠᠭᠤᠯᠢ᠎ᠶ᠋ᠢᠨ ᠬᠤᠪᠴᠠᠰᠤ᠎ᠪᠠᠨ ᠡᠮᠦᠰᠴᠦ᠍᠂ ᠪᠠᠶᠠᠷ ᠬᠦᠷ᠎ᠲᠠᠢ᠎ᠪᠠᠷ ᠰᠤᠷᠭᠠᠭᠤᠯᠢ᠎ᠶ᠋ᠢᠨ ᠬᠦᠷᠢᠶᠡᠨ᠎ᠳᠤ ᠠᠯᠬᠤᠨ ᠣᠷᠣᠵᠤ᠂ ᠶᠣᠰᠣ ᠮᠣᠷᠠᠯ᠎ᠲᠠᠢ᠎ᠪᠠᠷ ᠪᠠᠭ᠍ᠰᠢ ᠨᠠᠷ᠎ᠲᠤ ᠶᠣᠰᠣᠯᠠᠨ ᠮᠡᠨᠳᠦᠴᠢᠯᠡᠵᠦ᠍᠂ ᠬᠠᠮᠲᠤ ᠨᠦᠭᠦᠳ᠎ᠲᠠᠢ᠎ᠪᠠᠨ ᠳᠣᠲᠣᠨᠣᠰᠤᠭ᠎ᠢᠶᠠᠷ ᠮᠡᠨᠳᠦᠴᠢᠯᠡᠵᠦ᠍᠂ ᠠᠮᠠᠷᠠᠯᠲᠠ᠎ᠶ᠋ᠢᠨ ᠬᠤᠭᠤᠴᠠᠭᠠᠨ᠎ᠳᠤ ᠰᠣᠨᠣᠰᠤᠭ᠍ᠰᠠᠨ ᠪᠠ ᠲᠣᠬᠢᠶᠠᠯᠳᠤᠭ᠍ᠰᠠᠨ ᠡᠯ᠎ᠡ ᠵᠦᠢᠯ᠎ᠤᠨ ᠪᠠᠶᠠᠷ ᠪᠠᠶᠠᠰᠤᠯ᠎ᠢᠶᠠᠨ ᠬᠤᠪᠢᠶᠠᠯᠴᠠᠵᠤ᠂ ᠰᠠᠯᠤᠭᠠᠳ ᠤᠳᠠᠭ᠍ᠰᠠᠨ ᠬᠢᠴᠢᠶᠡᠯ᠎ᠤᠨ ᠭᠡᠷ ᠵᠦᠭ᠎ᠢᠶᠠᠨ ᠶᠠᠪᠤᠵᠠᠭᠠᠨ᠎ᠠ᠃ ᠴᠤ᠋ ᠱᠢᠨ᠎ᠡ ᠵᠠᠰᠠᠵᠤ ᠴᠢᠮᠡᠭ᠌ᠯᠡᠭ᠌ᠰᠡᠨ ᠬᠢᠴᠢᠶᠡᠯ᠎ᠤᠨ ᠭᠡᠷ ᠴᠤ᠌ ᠡᠪᠦᠷ᠎ᠢᠶᠠᠨ ᠳᠡᠯᠭᠡᠨ ᠬᠡᠦᠬᠡᠳ᠎ᠤᠳ᠎ᠢ ᠪᠠᠶᠠᠷᠯᠠᠨ ᠤᠭ᠍ᠲᠤᠵᠤ᠂ ᠡᠯ᠎ᠡ ᠠᠩᠬᠢ᠎ᠶ᠋ᠢᠨ ᠡᠷᠬᠢᠯᠡᠭ᠌ᠴᠢ ᠰᠤᠷᠤᠭ᠍ᠴᠢᠳ᠎ᠲᠠᠭᠠᠨ ᠠᠮᠢᠳᠤᠯᠢᠭ ᠰᠠ ᠵᠢᠬᠠᠨ 《ᠰᠤᠷᠭᠠᠭᠤᠯᠢ ᠡᠬᠢᠯᠡᠬᠦ᠌ ᠨᠢᠭᠡᠳᠦᠭᠡᠷ ᠬᠢᠴᠢᠶᠡᠯ》 ᠣᠷᠣᠵᠠᠢ᠃ 

8 ᠰᠠᠷ᠎ᠠ᠎ᠶ᠋ᠢᠨ 30 ᠎ᠤ ᠡᠳᠦᠷ᠂ ᠰᠤᠷᠪᠤᠯᠵᠢᠯᠠᠭ᠍ᠴᠢ ᠤᠷᠠᠳ᠎ᠤᠨ ᠳᠤᠮᠳᠠᠳᠤ ᠬᠤᠱᠢᠭᠤᠨ᠎ᠤ ᠮᠣᠩᠭᠤᠯ ᠦᠨᠳᠦᠰᠦᠲᠡᠨ᠎ᠤ ᠰᠤᠷᠭᠠᠭᠤᠯᠢ᠎ᠶ᠋ᠢᠨ ᠪᠠᠭ᠎ᠠ ᠰᠤᠷᠭᠠᠭᠤᠯᠢ᠎ᠶ᠋ᠢᠨ ᠬᠡᠯᠲᠡᠰ᠎ᠤᠨ ᠨᠢᠭᠡᠳᠦᠭᠡᠷ ᠣᠨ᠎ᠤ ᠳᠥᠷᠪᠡᠳᠦᠭᠡᠷ ᠠᠩᠭᠢ᠎ᠶ᠋ᠢᠨ ᠬᠢᠴᠢᠶᠡᠯ᠎ᠤᠨ ᠬᠡᠷ᠎ᠲᠤ᠌᠂ ᠠᠩᠭᠢ᠎ᠶ᠋ᠢᠨ ᠡᠷᠬᠢᠯᠡᠭ᠌ᠴᠢ ᠪᠠᠭ᠍ᠰᠢ ᠶᠠᠭ ᠰᠤᠷᠤᠭ᠍ᠴᠢᠳ᠎ᠲᠤ 《ᠠᠮᠤᠷ ᠲᠦᠪᠱᠢᠨ》 ᠭᠡᠬᠦ᠌ ᠭᠤᠤᠯ ᠰᠡᠳᠦᠪᠲᠦ ᠬᠢᠴᠢᠶᠡᠯ ᠣᠷᠣᠵᠤ ᠪᠠᠢᠬᠤ᠎ᠶ᠋ᠢ ᠣᠯᠵᠤ ᠬᠠᠷᠠᠪᠠ᠃ ᠪᠠᠭ᠍ᠰᠢ᠎ᠠᠴᠠ ᠰᠤᠷᠤᠭ᠍ᠴᠢᠳ᠎ᠲᠤ ᠵᠠᠮ ᠬᠠᠷᠢᠯᠴᠠᠭᠠᠨ᠎ᠤ ᠠᠮᠤᠷ ᠲᠦᠪᠱᠢᠨ᠂ ᠢᠳᠡᠭᠡᠨ ᠤᠮᠳᠠᠭᠠᠨ᠎ᠤ ᠡᠷᠡᠭᠦᠯ ᠬᠠᠮᠠᠭᠠᠯᠠᠯ᠎ᠤᠨ ᠠᠮᠤᠷ ᠲᠦᠪᠱᠢᠨ᠂ ᠠᠮᠤᠷ ᠲᠦᠪᠱᠢᠨ᠎ᠤ ᠰᠡᠷᠭᠡᠢᠯᠡᠯᠲᠡ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠮᠡᠳᠡᠯᠭᠡ ᠵᠡᠷᠭᠡ᠎ᠶ᠋ᠢ ᠨᠠᠷᠢᠨ ᠲᠠᠢᠯᠪᠤᠷᠢᠯᠠᠵᠤ ᠥᠭ᠌ᠬᠦ᠎ᠶ᠋ᠢᠨ ᠬᠠᠮᠲᠤ ᠰᠤᠷᠤᠭ᠍ᠴᠢᠳ᠎ᠲᠤ ᠠᠮᠤᠷ ᠲᠦᠪᠱᠢᠨ᠎ᠤ ᠤᠬᠠᠮᠰᠠᠷ᠎ᠢᠶᠠᠨ ᠳᠡᠭᠡᠭ᠌ᠰᠢᠯᠡᠭᠦᠯᠵᠦ᠍᠂ ᠱᠢᠨ᠎ᠡ ᠰᠤᠷᠤᠯᠭ᠎ᠠ᠎ᠶ᠋ᠢᠨ ᠬᠤᠭᠤᠴᠠᠭᠠᠨ᠎ᠳᠤ ᠰᠤᠷᠤᠯᠭ᠎ᠠ᠎ᠶ᠋ᠢᠨ ᠬᠢᠷᠢ ᠪᠦᠲᠦᠮᠵᠢ᠎ᠪᠠᠨ ᠱᠢᠨ᠎ᠡ ᠲᠦᠪᠱᠢᠨ᠎ᠳᠤ ᠬᠦᠷᠭᠡᠬᠦ᠌ ᠬᠡᠷᠡᠭ᠌ᠲᠡᠶ ᠭᠡᠵᠦ᠍ ᠵᠠᠬᠢᠪᠠ᠃ 

ᠰᠤᠷᠭᠠᠭᠤᠯᠢ᠎ᠶ᠋ᠢᠨ ᠬᠦᠷᠢᠶᠡᠨ᠎ᠳᠤ᠂ ᠪᠦᠬᠦ᠌ ᠪᠠᠭ᠍ᠰᠢ ᠰᠤᠷᠤᠭ᠍ᠴᠢᠳ ᠵᠢᠭᠠᠨ ᠰᠤᠷᠭᠠᠯᠲᠠ᠎ᠶ᠋ᠢᠨ ᠠᠰᠠᠷ᠎ᠤᠨ ᠡᠮᠦᠨ᠎ᠡ ᠴᠤᠭ᠍ᠯᠠᠷᠠᠵᠤ᠂ 《ᠵᠢᠷᠤᠮ᠎ᠤᠨ ᠴᠡᠷᠢᠭ᠎ᠤᠨ ᠤᠷᠤᠭ᠍ᠰᠢᠯᠠᠯᠲᠠ᠎ᠶ᠋ᠢᠨ ᠳᠠᠭᠤᠤ》 ᠎ᠶ᠋ᠢᠨ ᠬᠠᠩᠭᠢᠨᠠᠮ᠎ᠠ ᠰᠠᠢᠬᠠᠨ ᠠᠶᠠᠰ᠎ᠢᠶᠠᠷ ᠭᠠᠯ ᠤᠯᠠᠭᠠᠨ ᠲᠠᠪᠤᠨ ᠣᠳᠣᠲᠤ ᠤᠯᠠᠭᠠᠨ ᠲᠤᠭ᠎ᠢᠶᠠᠨ ᠮᠠᠨᠳᠤᠭᠤᠯᠵᠦ᠍᠂ ᠪᠦᠬᠦ᠌ ᠪᠠᠭ᠍ᠰᠢ ᠰᠤᠷᠤᠭ᠍ᠴᠢᠳ ᠲᠥᠪ ᠴᠢᠩᠭ᠎ᠠ᠎ᠪᠠᠷ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ᠎ᠢᠶᠠᠨ ᠬᠠᠢᠷᠠᠯᠠᠬᠤ ᠰᠡᠳᠭᠢᠯᠭᠡ ᠰᠡᠳᠭᠢᠯ ᠵᠢᠷᠦᠬᠡᠨ᠎ᠳᠤ ᠤᠨᠳᠤᠷᠤᠨ᠎ᠠ᠃ ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ ᠨᠢᠭᠡᠨᠲᠡ ᠡᠬᠢᠯᠡᠵᠦ᠍᠂ ᠰᠤᠷᠤᠭ᠍ᠴᠢᠳ ᠡᠷᠡᠰ ᠬᠠᠲᠠᠭᠤ ᠰᠥᠰᠥ᠍ ᠵᠣᠷᠢᠭ᠎ᠢᠶᠠᠷ ᠰᠠᠯᠬᠢ ᠳᠠᠪᠠᠯᠭᠠᠨ᠎ᠢ ᠵᠦᠰᠦᠨ ᠡᠷᠡᠯᠬᠡᠭ᠌ᠯᠡᠨ ᠤᠷᠤᠭ᠍ᠰᠢᠯᠠᠵᠤ᠂ ᠥᠪᠡᠷ᠎ᠤᠨ ᠱᠢᠷᠭᠠᠭᠤ ᠴᠢᠷᠮᠠᠢᠯᠭ᠎ᠠ ᠪᠠ ᠤᠶᠤᠨ ᠤᠬᠠᠭᠠᠨ᠂ ᠣᠷᠭᠢᠯᠤᠮ᠎ᠠ ᠬᠠᠯᠠᠭᠤᠨ ᠰᠡᠳᠭᠢᠯᠭᠡ᠎ᠪᠠᠷ ᠱᠢᠨ᠎ᠡ ᠰᠤᠷᠤᠯᠴᠠᠯᠭ᠎ᠠ ᠪᠠ ᠠᠮᠢᠳᠤᠷᠠᠯ᠎ᠳᠠᠭᠠᠨ ᠢᠳᠡᠪᠬᠢᠲᠡᠢ ᠣᠷᠣᠯᠴᠠᠵᠤ᠂ ᠬᠦᠰᠡᠯ ᠵᠡᠭᠦᠳᠦ᠎ᠪᠠᠨ ᠲᠡᠷᠭᠡᠯᠱᠢᠬᠦᠯᠬᠦ᠌᠎ᠪᠠᠷ ᠴᠢᠷᠮᠠ ᠵᠢᠨ᠎ᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号