ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠳᠤ ᠡᠷᠡᠭᠦᠯ᠎ᠢᠶᠠᠷ ᠦᠰᠦᠨ ᠪᠤᠢᠵᠢᠨ᠎ᠡ
2021-09-04 09:19:44
ᠵᠣᠬᠢᠶᠠᠭ᠍ᠴᠢ᠄
​ ᠶᠤᠸᠠᠨ ᠪᠦᠦ ᠨᠢᠶᠠᠨ
ᠣᠩᠱᠢᠭ᠍ᠰᠠᠨ ᠣᠳᠠᠭ᠎ᠠ᠄
★★★☆☆

《ᠪᠢ ᠪᠣᠯ ᠳᠤᠮᠳᠠᠳᠤ ᠤᠯᠤᠰ᠎ᠤᠨ ᠬᠥᠮᠦᠨ᠂ ᠪᠢ ᠬᠡᠯᠡ ᠪᠢᠴᠢᠭ ᠰᠤᠷᠬᠤ ᠳᠤᠷᠠᠲᠠᠢ》᠂ 《ᠤᠯᠤᠰ᠎ᠤᠨ ᠲᠤᠭ ᠵᠦᠭ ᠬᠠᠨᠳᠤᠵᠤ ᠪᠢᠳᠠ ᠲᠥᠪ ᠵᠣᠭ᠍ᠰᠣᠨ᠎ᠠ; ᠤᠯᠤᠰ᠎ᠤᠨ ᠲᠤᠭ᠎ᠢ ᠱᠢᠷᠳᠡᠵᠤ ᠪᠢᠳᠠ ᠶᠣᠰᠣᠯᠠᠨ᠎ᠡ》᠃ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠤᠨ ᠬᠢᠴᠢᠶᠡᠯ᠎ᠤᠨ ᠪᠢᠴᠢᠭ᠎ᠤᠨ ᠨᠢᠭᠡᠳᠦᠭᠡᠷ ᠣᠨ᠎ᠤ ᠳᠡᠭᠡᠳᠦ ᠳᠡᠪᠲᠡᠷ᠎ᠤᠨ ᠬᠢᠴᠢᠶᠡᠯ᠎ᠨᠢ ᠬᠡᠦᠬᠡᠳ᠎ᠤᠳ᠎ᠲᠤ ᠦᠰᠦᠭ ᠲᠠᠨᠢᠭᠤᠯᠬᠤ᠎ᠶ᠋ᠢᠨ ᠬᠠᠮᠲᠤ ᠪᠠᠰᠠ ᠦᠯᠦ᠍ ᠮᠡᠳᠡᠭ᠌ᠳᠡᠮ᠎ᠡ᠎ᠪᠠᠷ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ ᠪᠣᠯᠤᠨ ᠤᠯᠤᠰ ᠭᠡᠷ᠎ᠤᠨ ᠬᠠᠢᠷ᠎ᠠ ᠰᠡᠳᠭᠢᠯᠭᠡ᠎ᠶ᠋ᠢ ᠬᠥᠮᠦᠵᠢᠭᠦᠯᠵᠦ᠍ ᠪᠠᠢᠨ᠎ᠠ᠃ 

ᠮᠠᠨ᠎ᠤ ᠤᠯᠤᠰ ᠪᠣᠯ ᠤᠯᠠᠨ ᠦᠨᠳᠦᠰᠦᠲᠡᠨ᠎ᠲᠠᠢ ᠲᠤᠮᠤ ᠭᠡᠷ ᠪᠦᠯᠢ ᠮᠥᠨ᠂ ᠦᠨᠳᠦᠰᠦᠲᠡᠨ᠎ᠨᠦᠭᠦᠳ ᠤᠷᠳᠤ ᠬᠤᠭᠤᠴᠠᠭᠠᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤᠮᠳᠠ᠂ ᠡᠯᠪᠡᠭ ᠪᠠᠶᠠᠯᠢᠭ ᠳᠤᠮᠳᠠᠳᠤ᠎ᠶ᠋ᠢᠨ ᠱᠢᠯᠢᠳᠡᠭ ᠰᠣᠶᠣᠯ᠎ᠢ ᠪᠤᠢᠵᠢᠭᠤᠯᠵᠤ᠂ ᠦᠶ᠎ᠡ ᠤᠯᠠᠷᠢᠨ ᠣᠷᠣᠱᠢᠨ ᠲᠣᠭ᠍ᠲᠠᠨᠢᠬᠤ ᠳᠤᠮᠳᠠᠳᠤ᠎ᠶ᠋ᠢᠨ ᠦᠨᠳᠦᠰᠦᠲᠡᠨ᠎ᠤ ᠵᠣᠷᠢᠭ ᠰᠠᠨᠠᠭ᠎ᠠ᠎ᠶ᠋ᠢ ᠪᠤᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠬᠠᠮᠲᠤ᠎ᠪᠠᠷ ᠴᠣᠭ᠍ᠴᠠᠯᠠᠪᠠ᠃ ᠡᠷᠲᠡᠨ᠎ᠠᠴᠠ ᠡᠳᠦᠭᠡ ᠪᠣᠯᠲᠠᠯ᠎ᠠ᠂ ᠳᠤᠮᠳᠠᠳᠤ᠎ᠶ᠋ᠢᠨ ᠦᠨᠳᠦᠰᠦᠲᠡᠨ᠎ᠤ ᠵᠣᠷᠢᠭ ᠰᠠᠨᠠᠭ᠎ᠠ ᠪᠣᠯ ᠢᠮᠠᠭ᠍ᠲᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠭᠡᠷ ᠣᠷᠣᠨ᠎ᠢ ᠬᠠᠮᠠᠭᠠᠯᠠᠬᠤ ᠬᠤᠯᠪᠣᠭᠠᠰᠤ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠪᠣᠰᠴᠤ᠌ ᠵᠣᠭ᠍ᠰᠣᠵᠤ᠂ ᠪᠠᠶᠠᠵᠢᠨ ᠴᠢᠨᠡᠭᠡᠯᠢᠭ᠌ᠵᠢᠭ᠌ᠰᠡᠨ᠎ᠠᠴᠠ ᠬᠦᠴᠦᠷᠬᠡᠭ᠌ᠵᠢᠬᠦ᠌᠎ᠶ᠋ᠢ ᠠᠬᠢᠭᠤᠯᠬᠤ ᠱᠢᠪᠬᠠᠭᠠᠳ ᠳᠠᠭᠤᠰᠤᠰᠢ ᠦᠭᠡᠢ ᠬᠥᠳᠡᠯᠭᠡᠭ᠌ᠴᠢ ᠬᠦᠴᠦᠨ ᠮᠥᠨ᠃ 

ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠤᠷᠪᠠᠭᠤᠯᠬᠤ᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠵᠣᠷᠢᠭ ᠰᠠᠨᠠᠭᠠᠨ᠎ᠤ ᠠᠭᠤᠯᠤᠭ᠍ᠳᠠᠬᠤᠨ᠎ᠨᠢ ᠦᠭᠡ ᠥᠭᠦᠯᠡᠪᠦᠷᠢ ᠪᠤᠯᠭᠠᠨ᠎ᠠᠴᠠ ᠮᠡᠳᠡᠷᠡᠭ᠌ᠳᠡᠵᠦ᠍ ᠪᠠᠢᠨ᠎ᠠ᠃ 《ᠪᠤᠰᠤᠳ᠎ᠤᠨ ᠰᠠᠢᠨ᠎ᠢ᠎ᠨᠢ ᠰᠤᠷᠴᠤ᠌᠂ ᠮᠠᠭᠤ᠎ᠶ᠋ᠢ᠎ᠨᠢ ᠵᠠᠰᠠᠵᠤ ᠵᠠᠯᠠᠷᠠᠭᠤᠯᠬᠤ》 ᠭᠡᠳᠡᠭ᠎ᠨᠢ ᠮᠣᠷᠠᠯ᠎ᠢ ᠳᠡᠭᠡᠳᠦᠯᠡᠨ ᠰᠠᠢᠨ᠎ᠢ ᠡᠷᠬᠢᠮᠯᠡᠵᠦ᠍᠂ ᠡᠷᠳᠡᠮᠲᠡᠨ ᠮᠡᠷᠭᠡᠳ᠎ᠠᠴᠠ ᠰᠤᠷᠤᠯᠴᠠᠬᠤ ᠨᠡᠢᠭᠡᠮ᠎ᠤᠨ ᠬᠡᠪ ᠰᠤᠷᠲᠠᠯ᠎ᠢ ᠬᠡᠯᠡᠵᠦ᠍ ᠪᠠᠢᠨ᠎ᠠ; 《ᠵᠣᠪᠠᠭᠤᠷᠢ ᠵᠦᠳᠡᠭᠦᠷᠢ᠎ᠶ᠋ᠢ ᠤᠯᠠᠨ᠎ᠤ ᠡᠮᠦᠨ᠎ᠡ ᠠᠮᠰᠠᠵᠤ᠂ ᠵᠢᠷᠭᠠᠯ ᠴᠡᠩᠭᠡᠯ᠎ᠢ ᠤᠯᠠᠨ᠎ᠤ ᠬᠤᠢᠨ᠎ᠠ ᠡᠳ᠋ᠯᠡᠬᠦ᠌》 ᠭᠡᠳᠡᠭ᠎ᠨᠢ ᠳᠡᠯᠡᠬᠡᠢ ᠳ᠋ᠠᠬᠢᠨ᠎ᠤ ᠮᠠᠨᠳᠤᠵᠤ ᠮᠥᠬᠦᠬᠦ᠌᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ ᠪᠠᠢᠬᠤ ᠬᠠᠷᠢᠭᠤᠴᠠᠯᠭᠠᠲᠤ ᠤᠬᠠᠮᠰᠠᠷ᠎ᠢ ᠬᠠᠷᠠᠭᠤᠯᠵᠤ ᠪᠠᠢᠨ᠎ᠠ; 《ᠤᠯᠠᠭᠠᠨ ᠴᠡᠴᠡᠭ ᠵᠤᠯᠭᠠᠷᠠᠬᠤ᠎ᠨᠢ ᠬᠠᠢᠷ᠎ᠠ ᠨᠠᠢᠷ ᠦᠭᠡᠢ ᠭᠡᠰᠡᠨ ᠪᠢᠰᠢ᠂ ᠬᠠᠪᠤᠷ᠎ᠨᠢ ᠱᠢᠪᠡᠷ ᠪᠤᠯᠵᠦ᠍ ᠬᠤᠪᠢᠷᠠᠭᠠᠳ ᠴᠡᠴᠡᠭ᠎ᠢ ᠨᠡᠩ ᠬᠠᠮᠠᠭᠠᠯᠠᠨ᠎ᠠ》᠂ ᠡᠨᠡ᠎ᠨᠢ ᠤᠯᠤᠰ᠎ᠲᠠᠭᠠᠨ ᠵᠢᠳᠬᠦᠬᠦ᠌ ᠵᠣᠷᠢᠭ ᠪᠣᠯᠤᠨ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠢᠯᠡᠳᠭᠡᠵᠦ᠍ ᠪᠠᠢᠨ᠎ᠠ; 《ᠤᠯᠠᠭᠠᠨ ᠴᠡᠷᠢᠭ ᠠᠶᠠᠨ ᠲᠠ᠊ ᠎ᠶ᠋ᠢᠨ᠎ᠤ ᠬᠦᠴᠢᠷ ᠪᠡᠷᠬᠡᠱᠢᠶᠡᠯ᠎ᠠᠴᠠ ᠠᠶᠤᠬᠤ ᠦᠭᠡᠢ᠂ ᠮᠢᠩᠭ᠎ᠠ ᠲᠦᠮᠡᠨ ᠠᠭᠤᠯᠠ ᠤᠰᠤ᠎ᠶ᠋ᠢ ᠠᠵᠢᠭ ᠦᠭᠡᠢ ᠳᠤᠭᠤᠯᠵᠤ ᠭᠠᠳᠤᠯᠤᠨ᠎ᠠ》 ᠭᠡᠳᠡᠭ᠎ᠨᠢ ᠤᠯᠠᠭᠠᠨ ᠴᠡᠷᠢᠭ᠎ᠤᠨ ᠬᠦᠴᠢᠷ ᠪᠡᠷᠬᠡᠱᠢᠶᠡᠯ᠎ᠠᠴᠠ ᠠᠶᠤᠬᠤ ᠦᠭᠡᠢ᠂ ᠡᠷᠡᠮᠡᠭᠡ ᠵᠢᠯᠡᠨ ᠤᠷᠤᠭ᠍ᠰᠢᠯᠠᠬᠤ ᠬᠤᠪᠢᠰᠭᠠᠯᠲᠤ ᠪᠠᠶᠠᠰᠤᠩᠭᠤᠢ ᠦᠵᠡᠯ᠎ᠤᠨ ᠵᠣᠷᠢᠭ ᠰᠠᠨᠠᠭ᠎ᠠ᠎ᠶ᠋ᠢ ᠢᠯᠡᠷᠡᠭᠦᠯᠵᠤ ᠪᠠ ᠵᠢᠨ᠎ᠡ᠃ 

ᠵᠢᠭᠠᠬᠤ ᠮᠠᠲ᠋ᠧᠷᠢᠶᠠᠯ᠎ᠨᠢ ᠢᠷᠡᠭᠡᠳᠦᠶ᠎ᠶ᠋ᠢ ᠪᠦᠲᠦᠭᠡᠬᠦ᠌ ᠴᠢᠳᠠᠮᠵᠢ᠎ᠲᠠᠢ᠂ ᠪᠢᠳᠡᠨ᠎ᠤ ᠰᠤᠷᠭᠠᠨ ᠬᠥᠮᠦᠵᠢᠯ ᠶᠠᠮᠠᠷ ᠬᠥᠮᠦᠨ᠎ᠢ ᠬᠥᠮᠦᠵᠢᠭᠦᠯᠬᠦ᠌ ᠪᠠ ᠶᠠᠮᠠᠷ ᠬᠥᠮᠦᠨ᠎ᠢ ᠬᠥᠮᠦᠵᠢᠭᠦᠯᠵᠦ᠍ ᠳᠡ ᠵᠢᠯᠬᠦ᠌᠎ᠲᠠᠢ ᠱᠢᠭᠤᠳ ᠬᠤᠯᠪᠣᠭ᠍ᠳᠠᠨ᠎ᠠ᠃ ᠪᠠᠭᠠᠴᠤᠳ ᠬᠡᠦᠬᠡᠳ᠎ᠤᠨ ᠴᠠᠭ ᠦᠶ᠎ᠡ ᠪᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠱᠢᠵᠢᠷ ᠠᠯᠳᠠᠨ ᠴᠠᠭ ᠦᠶ᠎ᠡ ᠮᠥᠨ᠂ ᠪᠠᠰᠠ ᠴᠤ᠌ ᠵᠥᠪ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠤᠯᠤᠰ ᠤᠷᠤᠨ᠎ᠤ ᠦᠵᠡᠯᠲᠡ᠂ ᠰᠣᠶᠣᠯ᠎ᠤᠨ ᠦᠵᠡᠯᠲᠡ ᠪᠦᠷᠢᠯᠳᠦᠬᠦ᠌ ᠴᠢᠬᠤᠯᠠ ᠴᠠᠭ ᠦᠶ᠎ᠡ ᠮᠥᠨ᠃ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠤᠯᠴᠠᠨ ᠬᠡᠷᠡᠭ᠌ᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠨ ᠬᠡᠷᠡᠭ᠌ᠯᠡᠬᠦ᠌᠎ᠨᠢ ᠬᠡᠦᠬᠡᠳ᠎ᠤᠳ᠎ᠤᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠠᠴᠠ ᠱᠢᠮ᠎ᠡ ᠲᠡᠵᠢᠭᠡᠯ ᠬᠦᠷᠳᠡᠬᠦ᠂ ᠤᠯᠤᠰ᠎ᠢᠶᠠᠨ ᠬᠠᠢᠷᠠᠯᠠᠬᠤ ᠦᠵᠡᠯ᠎ᠤᠨ ᠬᠥᠮᠦᠵᠢᠯ᠂ ᠬᠤᠪᠢᠰᠭᠠᠯᠲᠤ ᠤᠯᠠᠮᠵᠢᠯᠠᠯ᠎ᠤᠨ ᠬᠥᠮᠦᠵᠢᠯ᠂ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠢ ᠨᠡᠩ ᠰᠠᠢᠲᠤᠷ ᠬᠦᠷᠳᠡᠬᠦ᠌᠎ᠳᠤ ᠠᠱᠢᠭ᠍ᠲᠠᠢ᠂ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠬᠤ᠎ᠳᠤ ᠠᠱᠢᠭ᠍ᠲᠠᠢ᠂ ᠬᠡᠦᠬᠡᠳ᠎ᠤᠳ᠎ᠤᠨ ᠡᠷᠡᠭᠦᠯ᠎ᠢᠶᠠᠷ ᠦᠰᠦᠨ ᠪᠤᠢᠵᠢᠬᠤ᠎ᠳᠤ ᠠᠱᠢᠭ᠍ᠲᠠᠢ ᠶᠤᠮ᠃ 

《ᠬᠠᠰ᠎ᠢ ᠰᠡᠢᠯᠬᠦ᠌ ᠦᠭᠡᠢ ᠪᠣᠯ ᠰᠠᠪᠠ ᠪᠤᠯᠵᠤ ᠴᠢᠳᠠᠬᠤ ᠦᠭᠡᠢ; ᠬᠥᠮᠦᠨ ᠰᠤᠷᠬᠤ ᠦᠭᠡᠢ ᠪᠣᠯ ᠮᠡᠳᠡᠬᠦ᠌ ᠦᠭᠡᠢ》᠃ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ ᠪᠣᠯ ᠤᠯᠤᠰ ᠣᠷᠣᠨ᠎ᠤ ᠢᠷᠡᠭᠡᠳᠦᠢ ᠪᠠ ᠦᠨᠳᠦᠰᠦᠲᠡᠨ᠎ᠤ ᠬᠦᠰᠡᠯ ᠡᠷᠡᠮᠡᠯᠵᠡᠯ ᠮᠥᠨ᠂ ᠱᠢᠨ᠎ᠡ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠵᠤ᠂ ᠬᠠᠮᠲᠤ᠎ᠪᠠᠷ ᠤᠷᠤᠭ᠍ᠰᠢᠯᠠᠬᠤ ᠨᠢᠭᠡ ᠦᠶ᠎ᠡ᠎ᠶ᠋ᠢᠨ᠎ᠬᠢᠨ ᠮᠥᠨ᠃ ᠲᠡᠳᠡ ᠰᠠ᠊ ᠎ᠶ᠋ᠢᠨ ᠴᠠᠭ᠎ᠲᠤ ᠲᠦᠷᠦᠵᠦ᠍᠂ ᠬᠦᠨᠳᠦ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠬᠦ᠌ ᠪᠤᠯᠤᠨ᠎ᠠ᠂ ᠭᠠᠭ᠍ᠴᠠ ᠬᠦ᠌ ᠤᠬᠠᠮᠰᠠᠷ᠎ᠠᠴᠠ᠎ᠪᠠᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠂ ᠬᠤᠪᠢᠰᠭᠠᠯᠲᠤ ᠰᠣᠶᠣᠯ᠂ ᠨᠡᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢᠶᠠᠷ ᠤᠶᠤᠨ ᠪᠢᠯᠢᠭ᠎ᠢᠶᠠᠨ ᠬᠥᠭ᠌ᠵᠢᠭᠡᠪᠡᠯ ᠰᠠᠶᠢ ᠥᠪᠡᠷ᠎ᠤᠨ ᠠᠮᠢᠳᠤᠷᠠᠯ᠎ᠢᠶᠠᠨ ᠨᠡᠩ ᠥᠨᠳᠥᠷ ᠲᠦᠪᠱᠢᠨ᠎ᠲᠠᠢ᠂ ᠨᠡᠩ ᠰᠠᠨᠠᠭ᠎ᠠ ᠠᠬᠤᠢ᠎ᠲᠠᠢ᠂ ᠨᠡᠩ ᠴᠢᠨᠠᠷ ᠴᠢᠨᠰᠠᠭ᠎ᠠ᠎ᠲᠠᠢ ᠪᠣᠯᠭᠠᠬᠤ ᠪᠦᠭᠡᠳ ᠡᠷᠳᠡᠮ᠎ᠤᠨ ᠨᠣᠶᠠᠨ ᠤᠷᠬᠢᠯ᠎ᠳᠤ ᠮᠠᠴᠤᠬᠤ ᠳᠤᠮᠳᠠ ᠭᠠᠷᠮᠠᠭᠠ ᠵᠢᠯᠠᠨ ᠭᠠᠪᠱᠢᠭᠠ ᠵᠢᠯᠠᠵᠦ᠍᠂ ᠦᠭᠡ ᠶᠠᠷᠢᠶ᠎ᠠ᠎ᠠᠴᠠ᠎ᠪᠠᠨ ᠢᠯᠡᠬᠦᠦ ᠦᠢᠯᠡ ᠠᠵᠢᠯᠯᠠᠭ᠎ᠠ᠎ᠪᠠᠷ᠎ᠢᠶᠠᠨ ᠴᠠᠭ ᠦᠶ᠎ᠡ᠎ᠶ᠋ᠢᠨ ᠬᠦᠨᠳᠦ ᠡᠭᠦᠷᠭᠡ᠎ᠶ᠋ᠢ ᠡᠭᠦᠷᠭᠡᠯᠡᠵᠤ ᠢᠷᠡᠭᠡᠳᠦᠢ᠎ᠳᠤ ᠦᠢᠯᠡᠰ ᠪᠦᠲᠦᠭᠡᠵᠦ᠍ ᠴᠢᠳᠠᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号