ᠬᠥᠯᠥᠨ ᠪᠤᠢᠷ ᠬᠤᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ᠎ᠤᠨ᠎ᠶ᠋ᠢᠨ ᠶᠠᠨ 《ᠪᠡᠶ᠎ᠡ᠎ᠪᠠᠨ ᠳᠠᠭᠠᠭᠠᠨ ᠬᠦᠴᠦᠷᠬᠡᠭ᠌ᠵᠢᠵᠦ᠍ ᠵᠠᠯᠠᠭᠤ ᠨᠠᠰᠤ᠎ᠪᠠᠨ ᠨᠠᠮ᠎ᠳᠠᠭᠠᠨ ᠵᠤᠷᠢᠭᠤᠯᠤᠶ᠎ᠠ》 ᠶᠠᠷᠢᠶ᠎ᠠ ᠢᠯᠡᠳᠭᠡᠯ᠎ᠤᠨ ᠤᠷᠤᠯᠳᠤᠭᠠᠨ᠎ᠤ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠪᠡ
2021-09-05 11:54:47
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ᠎ᠠᠴᠠ ᠭᠤᠤᠯᠯᠠᠨ ᠡᠷᠭᠢᠯᠡᠭ᠌ᠰᠡᠨ 《ᠪᠡᠶ᠎ᠡ᠎ᠪᠠᠨ ᠳᠠᠭᠠᠭᠠᠨ ᠬᠦᠴᠦᠷᠬᠡᠭ᠌ᠵᠢᠵᠦ᠍ ᠵᠠᠯᠠᠭᠤ ᠨᠠᠰᠤ᠎ᠪᠠᠨ ᠨᠠᠮ᠎ᠳᠠᠭᠠᠨ ᠵᠤᠷᠢᠭᠤᠯᠤᠶ᠎ᠠ》 ᠭᠡᠬᠦ᠌ ᠵᠠᠯᠠᠭᠤᠴᠤᠳ᠎ᠤᠨ ᠶᠠᠷᠢᠶ᠎ᠠ ᠢᠯᠡᠳᠭᠡᠯ᠎ᠤᠨ ᠤᠷᠤᠯᠳᠤᠭᠠᠨ ᠪᠡᠭᠡᠵᠢᠩ᠎ᠳᠤ ᠶᠠᠪᠤᠭ᠍ᠳᠠᠵᠤ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ᠎ᠠᠴᠠ ᠲᠠᠨᠢᠯᠴᠠᠭᠤᠯᠤᠨ ᠳᠡᠪᠱᠢᠭᠦᠯᠦᠭ᠌ᠰᠡᠨ ᠬᠥᠯᠥᠨ ᠪᠤᠢᠷ ᠬᠤᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ᠎ᠤᠨ ᠠᠵᠢᠯᠲᠠᠨ᠎ᠶ᠋ᠢᠨ ᠶᠠᠨ ᠨᠢᠭᠡᠳᠦᠭᠡᠷ ᠳᠡᠰ᠎ᠤᠨ ᠱᠠᠩᠨᠠᠯ ᠭᠥᠷᠳᠡᠪᠡ᠃

ᠤᠢ᠍ᠢᠯᠠᠭᠠᠭ᠍ᠰᠠᠨ᠎ᠢᠶᠠᠷ᠂ ᠲᠤᠰ ᠤᠷᠤᠯᠳᠤᠭᠠᠨ᠎ᠤ ᠶᠡᠷᠦᠩᠬᠡᠢ ᠱᠢᠢᠳᠪᠦᠷᠢᠲᠦ ᠤᠷᠤᠯᠳᠤᠭᠠᠨ᠎ᠨᠢ ᠭᠤᠷᠪᠠᠨ ᠳᠤᠭᠤᠢ᠍ᠢᠯᠠᠩ ᠬᠤᠪᠢᠶᠠᠨ ᠶᠠᠪᠤᠬ᠍ᠳᠠᠵᠤ᠂ ᠶ᠋ᠢᠨ ᠶᠠᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠪᠠ ᠦᠢᠯᠡᠴᠢᠯᠡᠭᠡ᠎ᠶ᠋ᠢ ᠦᠷᠭᠡᠳᠭᠡᠬᠦ᠌ ᠳᠤᠭᠤᠢᠯᠠᠩ᠎ᠳᠤ ᠨᠢᠭᠡᠳᠦᠭᠡᠷ᠎ᠲᠤ ᠵᠢᠭ᠍ᠰᠠᠭᠠᠭ᠍ᠳᠠᠪᠠ᠃ ᠶ᠋ᠢᠨ ᠶᠠᠨ 《ᠵᠠᠭᠤᠨ ᠵᠢᠯ᠎ᠤᠨ ᠤᠭ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠢᠲᠡ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠥᠩᠭᠡᠨ ᠮᠣᠷᠢᠲᠤ ᠴᠡᠷᠢᠭ ᠪᠤᠯᠤᠨ᠎ᠠ》 ᠭᠡᠬᠦ᠌ ᠶᠠᠷᠢᠶ᠎ᠠ ᠢᠯᠡᠳᠭᠡᠯ᠎ᠳᠡᠭᠡᠨ ᠤᠮᠤᠭ᠍ᠯᠠᠩ ᠵᠢᠪᠬᠤᠭᠠᠳᠤ ᠦᠭᠡ ᠬᠡᠯᠡ ᠪᠠ ᠠᠮᠢᠳᠤᠯᠢᠭ ᠪᠤᠳᠠᠲᠠᠢ ᠵᠢᠱ᠌ᠢᠶ᠎ᠡ᠎ᠪᠠᠷ ᠳᠠᠮᠵᠢᠭᠤᠯᠤᠨ᠂ ᠲᠠᠯ᠎ᠠ ᠨᠤᠲᠤᠭ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠥᠩᠭᠡᠨ ᠮᠣᠷᠢᠲᠤ ᠴᠡᠷᠢᠭ᠎ᠢᠶᠠᠷ ᠲᠥᠯᠥᠭᠡᠯᠡᠭᠦᠯᠦᠭ᠌ᠰᠡᠨ ᠪᠥᠬᠦ᠌ ᠣᠷᠣᠨ᠎ᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠲᠠᠳ᠎ᠤᠨ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ᠎ᠤᠨ ᠠᠷᠪᠠᠳᠤᠭᠠᠷ ᠤᠳᠠᠭ᠎ᠠ᠎ᠶ᠋ᠢᠨ ᠪᠥᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠵᠤ᠂ ᠦᠨᠳᠦᠰᠦᠨ ᠱᠠᠲᠤᠨ᠎ᠳᠤ ᠦᠨᠳᠦᠰᠦᠯᠡᠵᠦ᠍ ᠠᠷᠠᠳ ᠲᠦᠮᠡᠨ᠎ᠳᠤ  ᠦᠢᠯᠡᠴᠢᠯᠡᠬᠦ᠌ ᠡᠷᠡᠰ ᠪᠠᠲᠤ ᠢᠲᠡᠭᠡᠯ ᠵᠣᠷᠢᠭ ᠪᠠ ᠴᠥᠬᠦᠷᠡᠰᠢ ᠦᠭᠡᠢ ᠬᠥᠭᠡᠭᠡᠴᠡᠯᠳᠦᠯ᠎ᠢ ᠢᠯᠡᠷᠡᠭᠦᠯᠵᠦ᠍᠂ ᠲᠤᠬᠠᠶ᠎ᠶ᠋ᠢᠨ ᠲᠠᠯᠠᠪᠠᠢ᠎ᠶ᠋ᠢᠨ ᠤᠳᠤᠷᠢᠳᠤᠯᠭ᠎ᠠ᠂ ᠬᠢᠨᠠᠭ᠍ᠴᠢ ᠪᠠ ᠦᠵᠡᠭ᠌ᠴᠢᠳ᠎ᠤᠨ ᠬᠠᠯᠠᠭᠤᠨ ᠠᠯᠠᠭ᠎ᠠ ᠲᠡᠱᠢᠯᠲᠡ᠎ᠶ᠋ᠢ ᠤᠯᠵᠠᠢ᠃

ᠤᠢ᠍ᠢᠷ᠎ᠠ᠎ᠶ᠋ᠢᠨ ᠵᠢᠯ᠎ᠳᠤ᠂ ᠬᠦᠯᠦᠨ ᠪᠤᠢᠷ ᠬᠤᠲᠠ ᠤᠯᠠᠮᠵᠢᠯᠠᠯᠲᠤ ᠳᠠᠩ ᠴᠤᠯᠭᠤᠢ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠷᠭ᠎ᠠ ᠬᠡᠯᠪᠡᠷᠢ᠎ᠪᠠᠨ ᠬᠤᠪᠢᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠪᠠ ᠱᠢᠭᠤᠢ᠍ᠢᠳᠤ ᠤᠷᠤᠨ᠎ᠤ ᠤᠨᠴᠠᠯᠢᠭ᠎ᠢ ᠪᠦᠷᠢᠯᠳᠦᠭᠦᠯᠦᠭ᠌ᠰᠡᠨ 4 ᠰᠠᠯᠠᠭ᠎ᠠ ᠲᠠᠯ᠎ᠠ ᠨᠤᠲᠤᠭ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠦᠩᠭᠡᠨ ᠮᠤᠷᠢᠲᠤ ᠴᠡᠷᠢᠭ᠎ᠤᠨ ᠡᠩᠨᠡᠭᠡ᠎ᠶ᠋ᠢ ᠵᠤᠬᠢᠶᠠᠨ ᠪᠠᠢᠭᠤᠯᠬᠤ᠎ᠶ᠋ᠢᠨ ᠬᠠᠮᠲᠤ 《ᠤᠶᠤᠨᠴᠢ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌》 ᠦᠢᠯᠡᠴᠢᠯᠡᠭᠡᠨ᠎ᠤ ᠠᠷᠭ᠎ᠠ ᠠᠪᠴᠠᠯ᠎ᠢᠶᠠᠨ ᠤᠷᠲᠤᠰᠭᠠᠨ᠂ 《1+6+N》 ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠦᠢᠯᠡᠴᠢᠯᠡᠭᠡᠨ᠎ᠤ ᠱᠢᠰᠲ᠋ᠧᠮ᠎ᠢ ᠪᠦᠷᠢᠯᠳᠦᠬᠦᠯᠵᠦ᠍᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌᠎ᠪᠠᠷ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠬᠤ᠎ᠳᠤ ᠬᠦᠴᠦᠨ ᠨᠡᠮᠡᠷᠢᠯᠡᠵᠦ᠍᠂ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠂ ᠬᠢᠯᠢ ᠬᠢᠵᠠᠭᠠᠷ᠎ᠢ ᠬᠦᠭ᠌ᠵᠢᠭᠦᠯᠦᠨ ᠠᠷᠠᠳ᠎ᠢ ᠪᠠᠶᠠᠵᠢᠭᠤᠯᠬᠤ᠎ᠳᠤ ᠬᠦᠴᠦᠨ ᠨᠡᠮᠡᠷᠢᠯᠡᠵᠦ᠍ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号