ᠤᠴᠢᠪᠠᠭᠠᠲᠤᠷ᠄ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠪᠠᠯ ᠰᠣᠶᠣᠯ᠎ᠢ ᠨᠡᠩ ᠰᠠᠢᠲᠤᠷ ᠲᠠᠮᠵᠢᠭᠤᠯᠵᠤ ᠴᠢᠳᠠᠨ᠎ᠠ
2021-09-05 11:55:22
ᠵᠣᠬᠢᠶᠠᠭ᠍ᠴᠢ᠄
ᠯᠢ ᠱᠢᠨ ᠵᠢᠶᠦ᠋ᠨ
ᠣᠩᠱᠢᠭ᠍ᠰᠠᠨ ᠣᠳᠠᠭ᠎ᠠ᠄
★★★☆☆

《ᠮᠠᠯᠵᠢᠬᠤ ᠣᠷᠣᠨ᠎ᠤ ᠬᠥᠮᠦᠨ ᠨᠢᠭᠡ ᠪᠦᠷᠢ ᠴᠥᠮ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠠᠷ ᠳᠠᠮᠵᠢᠭᠤᠯᠤᠨ ᠴᠠᠬᠢᠮ ᠸᠢᠳᠢᠣ᠋ ᠵᠣᠬᠢᠶᠠᠵᠤ ᠪᠣᠯᠤᠨ᠎ᠠ᠂ ᠴᠥᠮ ᠲᠠᠯ᠎ᠠ ᠨᠤᠲᠤᠭ᠎ᠤᠨ ᠰᠦᠯᠵᠢᠶᠡᠨ ᠤᠳᠤᠨ ᠪᠣᠯᠵᠣ ᠪᠤᠯᠤᠨ᠎ᠠ》 ᠬᠡᠵᠦ᠍ ᠲᠠᠯ᠎ᠠ ᠨᠤᠲᠤᠭ᠎ᠤᠨ ᠰᠦᠯᠵᠢᠶᠡᠨ ᠤᠳᠤᠨ᠎ᠤ ᠲᠤᠬᠠᠶ ᠶᠠᠷᠢᠬᠤ᠎ᠳᠠᠭᠠᠨ ᠤᠴᠢᠪᠠᠭᠠᠲᠤᠷ ᠮᠠᠰᠢ ᠰᠡᠳᠭᠢᠯ ᠲᠤᠬ᠍ᠳᠤᠯᠤᠨ᠎ᠡ᠃

ᠤᠴᠢᠪᠠᠭᠠᠲᠤᠷ ᠪᠣᠯ ᠵᠢᠭᠤᠯᠴᠢᠯᠠᠯ᠎ᠤᠨ ᠠᠮᠲᠠᠲᠤ ᠢᠳᠡᠭᠡᠨ᠎ᠤ ᠪᠦᠷᠭᠡ᠎ᠶ᠋ᠢᠨ ᠡᠵᠡᠨ᠂ ᠬᠦᠳᠡᠭᠡ ᠠᠵᠤ ᠠᠬᠤᠢ ᠬᠦᠳᠡᠭᠡ ᠲᠤᠰᠭᠤᠨ ᠲᠠᠷᠢᠶᠠᠴᠢᠨ᠎ᠤ ᠬᠦᠷᠢᠶᠡᠨ᠎ᠳᠠᠬᠢ ᠬᠤᠪᠢ᠎ᠶ᠋ᠢᠨ ᠵᠠᠭᠤᠴᠢᠯᠠᠭᠤᠷ᠎ᠤᠨ ᠵᠣᠬᠢᠶᠠᠨ ᠪᠦᠲᠦᠭᠡᠭ᠌ᠴᠢ ᠮᠥᠨ᠃ ᠲᠡᠭᠦᠨ᠎ᠤ ᠦᠢᠯᠡᠳᠦᠭ᠌ᠰᠡᠨ ᠴᠠᠬᠢᠮ ᠸᠢᠳᠢᠣ᠋᠎ᠨᠢ ᠪᠦᠬᠦ᠌ ᠰᠦᠯᠵᠢᠶᠡᠨ᠎ᠳᠤ ᠵᠢᠯ᠎ᠳᠤ ᠨᠡᠢᠳᠡ 15 ᠳ᠋ᠦᠩᠱᠢᠭᠤᠷ ᠤᠳᠠᠭ᠎ᠠ ᠨᠡᠪᠲᠡᠷᠡᠭᠦᠯᠦᠭ᠌ᠳᠡᠵᠦ᠍᠂ 150 ᠲᠦᠮᠡᠨ ᠬᠦᠷᠢᠶᠠᠯᠡᠭ᠌ᠴᠢ᠎ᠲᠠᠢ ᠪᠤᠯᠵᠠᠢ᠃

ᠤᠴᠢᠪᠠᠭᠠᠲᠤᠷ ᠮᠠᠯᠵᠢᠬᠤ ᠣᠷᠣᠨ᠎ᠳᠤ ᠦᠰᠦᠨ ᠪᠤᠢᠵᠢᠵᠤ᠂ ᠬᠠᠷᠠᠬᠠᠨ ᠪᠠᠭ᠎ᠠ᠎ᠠᠴᠠ᠎ᠪᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠪᠠ᠃ ᠲᠡᠷᠡ ᠳᠤᠮᠳᠠᠳᠤ ᠤᠯᠤᠰ᠎ᠤᠨ ᠴᠢᠯᠠᠭᠤᠨ ᠲᠤᠰᠤᠨ᠎ᠤ ᠶᠡᠭᠡ ᠰᠤᠷᠭᠠᠭᠤᠯᠢ᠎ᠳᠤ ᠱᠢᠯᠭᠠᠨ ᠤᠷᠤᠬ᠍ᠰᠠᠨ᠎ᠤ ᠲᠠᠷᠠᠭ᠎ᠠ᠂ ᠮᠡᠳᠡᠭᠡ ᠵᠠᠩᠭᠢ᠎ᠶ᠋ᠢᠨ ᠮᠡᠷᠭᠡᠵᠢᠯ ᠪᠣᠯᠤᠨ ᠠᠮᠤᠷ ᠲᠦᠪᠱᠢᠨ᠎ᠤ ᠲᠤᠰᠭᠠᠢ ᠮᠡᠷᠭᠡᠵᠢᠯ᠎ᠢᠶᠠᠷ ᠰᠤᠷᠤᠯᠴᠠᠪᠠ᠂ ᠡᠨᠡ᠎ᠨᠢ ᠲᠡᠭᠦᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠴᠢᠳᠠᠪᠤᠷᠢ᠎ᠶ᠋ᠢ ᠴᠢᠨᠠᠬ᠍ᠰᠢᠳᠠ ᠳᠡᠭᠡᠭ᠌ᠰᠢᠯᠡᠭᠦᠯᠪᠡ᠃ ᠲᠡᠭᠦᠰᠦᠭ᠌ᠰᠡᠨ᠎ᠤ᠎ᠪᠠᠨ ᠳᠠᠷᠠᠭ᠎ᠠ᠂ ᠲᠡᠷᠡ ᠪᠡᠭᠡᠵᠢᠩ᠎ᠳᠤ ᠠᠵᠢᠯᠯᠠᠵᠤ ᠠᠮᠢᠳᠤᠷᠠᠬᠤ᠎ᠶ᠋ᠢᠨ ᠲᠠᠭᠠᠤ ᠶᠠᠪᠠᠭᠠᠨ᠎ᠢᠶᠠᠷ ᠠᠶᠠᠯᠠᠨ ᠵᠢᠭᠤᠯᠴᠢᠯᠠᠪᠠ᠃ ᠪᠠᠷᠢᠮᠵᠢᠶ᠎ᠠ ᠠᠶᠠᠯᠭᠤ᠎ᠪᠠᠷ ᠤᠷᠤᠰᠤᠮ᠎ᠠ ᠶᠠᠷᠢᠵᠦ᠍ ᠴᠢᠳᠠᠳᠠᠭ᠎ᠠᠴᠠ ᠡᠭᠡᠯ ᠪᠣᠷᠣᠭ᠍ᠵᠢᠭᠤᠨ᠂ ᠦᠨᠡᠨᠴᠢ ᠴᠠᠭᠠᠪᠤᠷ ᠤᠴᠢᠪᠠᠭᠠᠲᠤᠷ ᠠᠶᠠᠯᠠᠯ ᠵᠢᠭᠤᠯᠴᠢᠯᠠᠯ᠎ᠤᠨ ᠶᠠᠪᠤᠴᠠ᠎ᠳᠠᠭᠠᠨ ᠮᠠᠰᠢ ᠣᠯᠠᠨ ᠨᠠᠢᠵᠠ ᠨᠥᠬᠦᠳ᠎ᠲᠠᠢ ᠲᠠᠨᠢᠯᠴᠠᠵᠤ᠂ ᠪᠥᠬᠦ᠌ ᠤᠯᠤᠰ᠎ᠤᠨ ᠡᠯ᠎ᠡ ᠭᠠᠵᠠᠷ᠎ᠤᠨ ᠬᠥᠮᠦᠨ ᠰᠤᠶᠤᠯ ᠢᠷᠭᠡᠨᠱᠢᠯ ᠦᠢᠯᠡ᠎ᠶ᠋ᠢ ᠣᠢᠯᠠᠭᠠᠳᠠᠬ᠃

ᠨᠤᠲᠤᠭ᠎ᠲᠠᠭᠠᠨ ᠬᠠᠷᠢᠬ᠍ᠰᠠᠨ᠎ᠤ ᠲᠠᠷᠠᠭ᠎ᠠ᠂ ᠤᠴᠢᠪᠠᠭᠠᠲᠤᠷ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠴᠠᠬᠢᠮ ᠸᠢᠳᠢᠣ᠋ ᠵᠣᠬᠢᠶᠠᠵᠤ᠂ ᠨᠤᠲᠤᠭ᠎ᠤᠨ᠎ᠢᠶᠠᠨ ᠲᠠᠯ᠎ᠠ ᠨᠤᠲᠤᠭ᠂ ᠤᠢ ᠱᠢᠭᠤᠢ᠂ ᠨᠠᠭᠤᠷ ᠪᠦᠷᠢᠳᠤ᠂ ᠦᠨᠳᠦᠰᠦᠲᠡᠨ᠎ᠤ ᠵᠠᠩ ᠦᠢᠯᠡ ᠪᠣᠯᠤᠨ ᠤᠨᠴᠠᠯᠢᠬ᠍ᠳᠤ ᠠᠮᠲᠠᠲᠤ ᠢᠳᠡᠭᠡᠨ᠎ᠢ ᠲᠠᠨᠢᠯᠴᠠᠭᠤᠯᠬᠤ ᠪᠤᠯᠪᠠ᠃ 2016 ᠣᠨ᠎ᠳᠤ᠂ ᠲᠡᠷᠡ ᠬᠤᠪᠢ᠎ᠶ᠋ᠢᠨ ᠵᠠᠭᠤᠴᠢᠯᠠᠭᠤᠷ᠎ᠤᠨ ᠺᠣᠮᠫᠠᠨᠢ᠎ᠪᠠᠨ ᠪᠠᠢᠭᠤᠯᠵᠤ᠂ ᠴᠤᠤᠷᠢᠶ᠎ᠠ᠂ ᠪᠤᠱᠢᠭᠤ ᠭᠠᠷ᠂ ᠲᠠᠷᠪᠤᠰ ᠸᠢᠳᠢᠣ᠋ ᠵᠡᠷᠭᠡ ᠠᠷᠪᠠᠭᠠᠳ ᠲᠠᠪᠴᠠᠩ᠎ᠳᠤ ᠥᠪᠥᠷ ᠮᠣᠩᠭᠤᠯ᠎ᠤᠨ ᠰᠣᠶᠣᠯ᠎ᠢ ᠢᠳᠡᠪᠬᠢᠲᠡᠢ ᠤᠯᠠᠮᠵᠢᠯᠠᠵᠤ᠂ 《ᠬᠥᠳᠡᠭᠡ ᠲᠣᠰᠭᠤᠨ᠎ᠤ ᠰᠦᠯᠵᠢᠶᠡᠨ ᠤᠳᠤᠨ》 ᠪᠠ 《ᠨᠤᠲᠤᠭ᠎ᠤᠨ ᠣᠷᠣᠯᠠᠨ ᠥᠭᠦᠯᠡᠭ᠌ᠴᠢ》 ᠪᠣᠯᠤᠬ᠍ᠰᠡᠨ ᠠᠵᠢ᠃

《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ᠎ᠨᠢ ᠮᠠᠯᠴᠢᠳ᠎ᠤᠨ ᠣᠷᠣᠯᠭ᠎ᠠ ᠡᠬᠦᠳᠬᠦ᠌᠎ᠶ᠋ᠢ ᠠᠬᠢᠭᠤᠯᠵᠤ ᠴᠢᠳᠠᠨ᠎ᠠ》᠃ ᠤᠴᠢᠪᠠᠭᠠᠲᠤᠷ ᠰᠤᠷᠪᠤᠯᠵᠢᠯᠠᠭ᠎ᠠ ᠬᠦᠯᠢᠶᠡᠬᠦ᠌᠎ᠳᠡᠭᠡᠨ᠄ 《ᠠᠭᠤᠯᠭ᠎ᠠ᠎ᠶ᠋ᠢᠨ ᠲᠠᠮᠵᠢᠭᠤᠯᠭ᠎ᠠ᠎ᠶ᠋ᠢᠨ ᠳᠠᠪᠠᠭᠤᠯᠢᠭ᠎ᠢᠶᠠᠨ ᠠᠱᠢᠬ᠍ᠯᠡᠨ᠂ ᠲᠠᠯ᠎ᠠ ᠨᠤᠲᠤᠭ᠎ᠤᠨ ᠣᠨᠴᠠ ᠭᠠᠷᠤᠯᠲᠠ ᠦᠬᠡᠷ ᠬᠤᠨᠢᠨ ᠮᠢᠬᠠᠨ᠎ᠤ ᠪᠣᠷᠣᠯᠠᠭᠤᠯᠭ᠎ᠠ᠎ᠶ᠋ᠢ ᠨᠠᠩ ᠥᠷᠭᠡᠳᠭᠡᠵᠦ᠍᠂ ᠵᠢᠭᠤᠯᠴᠢᠯᠠᠯ᠎ᠢ ᠨᠠᠩ ᠬᠥᠭ᠌ᠵᠢᠶᠡᠨᠲᠡᠶ ᠪᠣᠯᠭᠠᠨ᠎ᠠ》 ᠭᠡᠵᠤ ᠬᠡᠯᠡᠨ᠎ᠡ᠃

ᠨᠢᠳᠤᠨᠤᠨ᠎ᠤ ᠬᠢᠵᠢᠭ᠎ᠤᠨ ᠪᠠᠢᠳᠠᠯ᠎ᠤᠨ ᠬᠤᠭᠤᠴᠠᠭᠠᠨ᠎ᠳᠤ᠂ ᠮᠠᠯᠵᠢᠬᠤ ᠣᠷᠣᠨ᠎ᠤ ᠣᠨᠴᠠ ᠭᠠᠷᠤᠯᠲᠠ᠎ᠶ᠋ᠢᠨ ᠪᠣᠷᠣᠯᠠᠭᠤᠯᠭ᠎ᠠ ᠬᠦᠴᠢᠷᠳᠡᠯᠲᠡᠶ ᠪᠤᠯᠵᠦ᠍᠂ ᠵᠢᠭᠤᠯᠴᠢᠯᠠᠯ᠎ᠤᠨ ᠦᠢᠯᠡᠰ ᠵᠣᠭ᠍ᠰᠣᠩᠭᠢᠷᠠᠪᠠ᠃ ᠤᠴᠢᠪᠠᠭᠠᠲᠤᠷ ᠪᠣᠯᠤᠨ ᠲᠡᠭᠦᠨ᠎ᠤ ᠪᠦᠯᠬᠦᠮ᠎ᠤᠨ᠎ᠬᠢᠨ ᠱᠢᠨ᠎ᠡ ᠵᠠᠭᠤᠴᠢᠯᠠᠭᠤᠷ᠎ᠤᠨ ᠠᠵᠢᠯᠯᠠᠬᠤ ᠲᠠᠰᠤᠭ ᠪᠠᠢᠭᠤᠯᠵᠤ᠂ ᠲᠠᠯ᠎ᠠ ᠨᠤᠲᠤᠭ᠎ᠲᠤ ᠬᠦᠨᠵᠡᠭᠡᠢᠷᠠᠨ᠂ ᠮᠠᠯᠴᠢᠳ᠎ᠢ ᠬᠠᠪᠰᠤᠷᠤᠨ ᠪᠤᠯᠪᠠᠰᠤᠷᠠᠯ ᠬᠦᠷᠳᠡᠭᠡᠵᠤ ᠬᠤᠪᠢ᠎ᠶ᠋ᠢᠨ ᠵᠠᠭᠤᠴᠢᠯᠠᠭᠤᠷ᠎ᠢ ᠠᠱᠢᠬ᠍ᠯᠡᠨ ᠤᠬᠠᠭᠤᠯᠤᠨ ᠪᠤᠷᠤᠯᠠᠭᠤᠯᠪᠠ᠃ ᠬᠠᠭᠤᠴᠢᠨ ᠪᠠᠷᠭᠤ ᠬᠤᠱᠢᠭᠤᠨ᠎ᠤ ᠡᠸᠡᠩᠬᠢ ᠰᠤᠮᠤ᠎ᠶ᠋ᠢᠨ ᠮᠠᠯᠴᠢᠨ ᠪᠠᠳᠤᠰᠠᠢᠬᠠᠨ ᠪᠣᠯᠤᠨ ᠱᠢᠨ᠎ᠡ ᠪᠠᠷᠭᠤ ᠵᠡᠭᠦᠨ ᠬᠤᠱᠢᠭᠤᠨ᠎ᠤ ᠭᠠᠴᠠᠭᠠᠨ᠎ᠤ ᠨᠠᠮ᠎ᠤᠨ ᠡᠬᠦᠷ᠎ᠤᠨ ᠳᠡᠳ᠋ ᠱᠦᠵᠢ ᠵᠠᠯᠠᠭᠤ ᠮᠠᠯᠴᠢᠨ ᠥᠨᠢᠷ ᠬᠤᠶᠠᠭᠤᠯᠠ ᠰᠤᠷᠤᠯᠴᠠᠯᠭ᠎ᠠ᠎ᠪᠠᠷ ᠳᠡᠮᠵᠢᠨ ᠦᠨᠳᠦᠰᠦᠲᠡᠨ᠎ᠤ ᠠᠮᠲᠠᠲᠤ ᠢᠳᠡᠭᠡᠨ ᠪᠠ ᠲᠠᠯ᠎ᠠ ᠨᠤᠲᠤᠭ᠎ᠤᠨ ᠥᠩᠭᠡ ᠦᠵᠡᠮᠵᠢ᠎ᠶ᠋ᠢ ᠲᠠᠮᠵᠢᠭᠤᠯᠤᠨ ᠳᠡᠯᠭᠡᠷᠡᠭᠦᠯᠵᠦ᠍᠂ ᠶᠡᠭᠡ ᠤᠯᠠᠨ ᠬᠦᠷᠢᠶᠠᠯᠡᠭ᠌ᠴᠢ ᠪᠠ ᠣᠨᠴᠠ ᠭᠠᠷᠤᠯᠲᠠ᠎ᠶ᠋ᠢᠨ ᠵᠠᠬᠢᠶᠠᠯᠠᠭ᠎ᠠ᠎ᠶ᠋ᠢᠨ ᠬᠠᠭᠤᠳᠠᠰᠤ᠎ᠶ᠋ᠢ ᠲᠤᠰᠴᠤ᠌᠂ ᠵᠢᠯ᠎ᠤᠨ ᠣᠷᠣᠯᠭ᠎ᠠ᠎ᠨᠢ 3 ᠳᠠᠬᠢᠨ᠎ᠢᠶᠠᠷ ᠨᠡᠮᠡᠭ᠌ᠳᠡᠪᠡ᠃

《ᠦᠨᠳᠦᠰᠦᠲᠡᠨ᠎ᠤ ᠦᠭᠡ ᠬᠡᠯᠡ᠎ᠶ᠋ᠢ ᠬᠡᠷᠡᠭ᠌ᠯᠡᠬᠦ᠌᠎ᠨᠢ ᠠᠭᠤᠯᠭ᠎ᠠ᠎ᠶ᠋ᠢ ᠲᠠᠮᠵᠢᠭᠤᠯᠬᠤ ᠬᠤᠷᠳᠤᠴᠠ ᠵᠢᠴᠢ ᠲᠠᠮᠵᠢᠭᠤᠯᠬᠤ ᠬᠡᠮᠵᠢᠶ᠎ᠡ᠎ᠶ᠋ᠢ ᠶᠡᠭᠡ᠎ᠪᠠᠷ ᠬᠢᠵᠠᠭᠠᠷᠯᠠᠪᠠ᠂ ᠪᠥᠬᠦ᠌ ᠤᠯᠤᠰ᠎ᠤᠨ ᠠᠷᠠᠳ᠎ᠲᠤ ᠮᠠᠯᠵᠢᠬᠤ ᠣᠷᠣᠨ ᠪᠠ ᠨᠡᠭᠦᠳᠡᠯ ᠮᠠᠯᠵᠢᠯ᠎ᠤᠨ ᠰᠣᠶᠣᠯ᠎ᠢ ᠣᠢᠯᠠᠭᠠᠭᠤᠯᠬᠤ᠎ᠶ᠋ᠢᠨ ᠲᠥᠯᠥᠭᠡ᠂ ᠪᠢᠳᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠠᠷ ᠵᠦᠴᠦᠭᠡ ᠰᠡᠭᠦᠳᠡᠷᠯᠡᠨ ᠱᠢᠩᠬᠡᠬᠡᠵᠦ᠍ ᠵᠣᠬᠢᠶᠠᠨ ᠪᠢᠴᠢᠵᠦ᠍᠂ ᠶᠡᠭᠡ ᠬᠡᠮᠵᠢᠶᠡᠨ᠎ᠤ ᠰᠠᠢᠱᠢᠶᠠᠯ᠎ᠢ ᠤᠯᠵᠦ᠍ ᠤᠯᠠᠨᠳᠠ ᠨᠡᠪᠲᠡᠷᠡᠭᠦᠯᠦᠭ᠌ᠳᠡᠵᠡᠢ》 ᠭᠡᠵᠦ᠍ ᠮᠠᠯᠴᠢᠨ ᠥᠨᠢᠷ ᠬᠡᠯᠡᠨ᠎ᠡ᠃

《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠬᠤᠪᠢ᠎ᠶ᠋ᠢᠨ ᠵᠠᠭᠤᠴᠢᠯᠠᠭᠤᠷ ᠳᠡᠭᠡᠷ᠎ᠡ᠎ᠪᠠᠨ ᠤᠬᠠᠭᠤᠯᠭ᠎ᠠ ᠬᠢᠪᠡᠯ᠂ ᠮᠠᠨ᠎ᠤ ᠮᠠᠯᠵᠢᠯ᠎ᠤᠨ ᠲᠠᠯᠠᠪᠠᠢ᠎ᠨᠢ ᠲᠠᠷᠤᠢ ᠨᠠᠷᠢᠯᠢᠭ ᠰᠠᠢᠬᠠᠨ ᠵᠢᠭᠤᠯᠴᠢᠯᠠᠯ᠎ᠤᠨ ᠪᠠᠭᠤᠳᠠᠯ ᠪᠣᠯᠴᠢᠬᠠᠨ᠎ᠠ᠂ ᠮᠠᠨ᠎ᠤ ᠦᠬᠡᠷ ᠬᠤᠨᠢ᠎ᠪᠠᠨ ᠤᠯᠠᠷᠢᠯ ᠲᠠᠭᠠᠵᠦ᠍ ᠪᠤᠷᠤᠯᠠᠭᠤᠯᠬᠤ ᠴᠢᠬᠤᠯᠠ ᠦᠭᠡᠢ᠂ ᠡᠳᠦᠷ ᠪᠦᠷᠢ ᠴᠢᠨᠠᠷ ᠰᠠᠢᠲᠠᠢ ᠴᠠᠭᠠᠨ ᠢᠳᠡᠭᠡᠨ ᠪᠠ ᠤᠯᠠᠭᠠᠨ ᠢᠳᠡᠭᠡᠨ᠎ᠢᠶᠠᠨ ᠪᠤᠷᠤᠯᠠᠭᠤᠯᠵᠦ᠍ ᠪᠣᠯᠤᠨ᠎ᠠ》 ᠭᠡᠵᠦ᠍ ᠮᠠᠯᠴᠢᠨ ᠪᠠᠲᠤᠰᠠᠢᠬᠠᠨ ᠰᠤᠷᠪᠤᠯᠵᠢᠯᠠᠭ᠍ᠴᠢ᠎ᠳᠤ ᠬᠡᠯᠡᠪᠡ᠃

《ᠬᠥᠳᠡᠭᠡ ᠲᠣᠰᠭᠤᠨ᠎ᠢᠶᠠᠷ ᠰᠦᠯᠵᠢᠶᠡᠨ ᠤᠳᠤᠨ᠎ᠤ ᠪᠤᠢᠵᠢᠯᠳᠠ᠎ᠶ᠋ᠢ ᠠᠭᠢᠭᠤᠯᠵᠤ᠂ ᠰᠦᠯᠵᠢᠶᠡᠨ ᠤᠳᠤᠨ᠎ᠢᠶᠠᠷ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ》᠃ ᠤᠴᠢᠪᠠᠭᠠᠲᠤᠷ ᠥᠪᠡᠷ᠎ᠤᠨ ᠬᠠᠢᠷᠠᠲᠠᠶ ᠵᠠᠭᠤᠴᠢᠯᠠᠭᠤᠷ᠎ᠤᠨ  ᠦᠢᠯᠡᠰ᠎ᠢᠶᠠᠨ ᠰᠠᠢᠲᠤᠷ ᠬᠢᠬᠦ᠌ ᠢᠲᠡᠭᠡᠯ ᠲᠡᠬᠦᠯᠳᠡᠷ ᠪᠠᠢᠵᠦ᠍᠂ ᠨᠠᠩ ᠣᠯᠠᠨ ᠮᠠᠯᠴᠢᠳ᠎ᠢ ᠳᠠᠢᠴᠢᠯᠠᠨ ᠱᠢᠨ᠎ᠡ ᠵᠠᠭᠤᠴᠢᠯᠠᠭᠤᠷ᠎ᠢᠶᠠᠷ ᠳᠠᠮᠵᠢᠭᠤᠯᠤᠨ ᠨᠤᠲᠤᠭ ᠤᠰᠤ᠎ᠪᠠᠨ ᠤᠬᠠᠭᠤᠯᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠪᠠᠷ ᠴᠢᠷᠮᠠᠢᠬ᠍ᠰᠠᠭᠠᠷ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号