ᠴᠢᠳᠠᠪᠤᠷᠢᠲᠠᠨ ᠪᠣᠯ ᠲᠠᠷᠢᠬᠦᠨ ᠴᠢᠬᠤᠯᠠ ᠡᠬᠢ ᠪᠠᠶᠠᠯᠢᠭ
2021-09-06 10:21:10
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠡᠯ᠎ᠠ ᠲᠠᠯ᠎ᠠ᠎ᠶ᠋ᠢᠨ ᠴᠢᠳᠠᠪᠤᠷᠢᠳᠠᠨ᠎ᠠᠴᠠ ᠰᠠᠯᠵᠤ ᠴᠢᠳᠠᠬᠤ ᠦᠬᠡᠢ᠂ ᠴᠢᠳᠠᠪᠤᠷᠢᠲᠠᠨ ᠪᠣᠯ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠲᠡᠷᠢᠬᠦᠨ ᠴᠢᠬᠤᠯᠠ ᠡᠬᠢ ᠪᠠᠶᠠᠯᠢᠭ ᠶᠤᠮᠰᠠᠨ᠃ ᠴᠢᠳᠠᠪᠤᠷᠢᠳᠠᠨ᠎ᠨᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ 《ᠱᠢᠨ᠎ᠡ ᠰᠣᠷᠭᠤᠭ ᠬᠦᠴᠦᠨ》 ᠨᠡᠮᠡᠷᠢᠯᠡᠨ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠴᠢᠩᠭ᠎ᠠ ᠬᠦᠴᠦᠲᠡᠢ ᠤᠶᠤᠨ᠎ᠤ ᠱᠢᠮ᠎ᠠ ᠬᠠᠩᠭᠠᠵᠤ᠂ 《ᠬᠥᠳᠡᠭᠡ ᠲᠣᠰᠭᠤᠨ᠎ᠢ ᠭᠤᠶᠤᠵᠢᠭᠤᠯᠬᠤ᠂ ᠮᠠᠯ ᠠᠵᠤ ᠠᠬᠤᠢ ᠳᠠᠷᠢᠶᠠᠯᠠᠩ᠎ᠤᠨ ᠦᠢᠯᠡᠳᠪᠦᠷᠢᠯᠡᠯ᠎ᠢ ᠬᠦᠴᠦᠷᠬᠡᠭ᠌ᠵᠢᠭᠦᠯᠬᠦ᠂ ᠮᠠᠯᠴᠢᠨ ᠲᠠᠷᠢᠶᠠᠴᠢᠨ᠎ᠢ ᠪᠠᠶᠠᠵᠢᠭᠤᠯᠬᠤ》 ᠎ᠶ᠋ᠢ ᠳᠠᠢᠴᠢᠯᠠᠨ᠂ ᠱᠢᠨᠵᠢᠯᠡᠬᠦ᠌ ᠤᠬᠠᠭᠠᠨᠴᠢ ᠮᠠᠯ ᠠᠵᠤ ᠠᠬᠤᠢ᠎ᠶ᠋ᠢ ᠬᠦᠭ᠌ᠵᠢᠬᠦᠯᠵᠤ ᠮᠠᠯᠵᠢᠬᠤ ᠲᠠᠷᠢᠶᠠᠯᠠᠬᠤ ᠤᠷᠤᠨ ᠪᠠ ᠮᠠᠯ ᠠᠵᠤ ᠠᠬᠤᠢ ᠲᠠᠷᠢᠶᠠᠯᠠᠩ᠎ᠤᠨ ᠤᠳᠤᠬᠢᠴᠢᠯᠠᠯᠳᠠ᠎ᠶ᠋ᠢᠨ ᠠᠬᠢᠭᠤᠯᠬᠤ ᠭᠤᠣᠯ ᠲᠤᠯᠭᠠᠭᠤᠷᠢ ᠬᠦᠴᠦᠨ᠎ᠤ ᠨᠢᠬᠡ ᠪᠤᠯᠬᠤ᠎ᠨᠢ ᠭᠠᠷᠴᠠᠭ᠎ᠠ ᠦᠬᠡᠢ᠃

ᠭᠠᠵᠠᠷ ᠣᠷᠣᠨ᠎ᠤ ᠪᠤᠳᠠᠳᠤ ᠪᠠᠢᠳᠠᠯ᠎ᠳᠠᠭᠠᠨ ᠲᠣᠬᠢᠷᠠᠭᠤᠯᠤᠨ ᠠᠵᠤ ᠦᠢᠯᠡᠰ᠎ᠢ ᠬᠥᠭ᠌ᠵᠢᠬᠦᠯᠬᠦ᠂ ᠠᠮᠢ ᠠᠬᠤᠶ᠎ᠶ᠋ᠢᠨ ᠪᠦᠳᠦᠭᠡᠨ ᠪᠠᠢᠭᠤᠯᠤᠯᠲᠠ ᠬᠢᠬᠦ᠌ ᠵᠡᠷᠭᠡ᠎ᠨᠢ ᠴᠥᠮ ᠴᠢᠳᠠᠪᠤᠷᠢᠲᠠᠨ᠎ᠤ ᠳᠠᠭᠠᠭᠤᠯᠭ᠎ᠠ᠎ᠠᠴᠠ ᠰᠠᠯᠵᠤ ᠴᠢᠳᠠᠬᠤ ᠦᠭᠡᠢ ᠶᠤᠮ᠃ ᠶᠡᠭᠡ ᠤᠯᠠᠨ ᠭᠠᠴᠠᠭ᠎ᠠ ᠲᠤᠰᠭᠤᠨ᠎ᠳᠤ ᠬᠥᠳᠡᠯᠮᠦᠷᠢ ᠬᠦᠴᠦᠨ ᠳᠤᠲᠠᠮᠠᠭ᠂ ᠮᠡᠷᠭᠡᠵᠢᠯ ᠬᠤᠴᠣᠷᠤᠩᠭᠤᠶ᠂ ᠬᠠᠮᠢᠶᠠᠷᠤᠯᠲᠠ ᠵᠠᠳᠠᠭᠠᠢ᠂ ᠡᠵᠡᠩᠨᠡᠯᠳᠡ ᠠᠨᠠᠢ᠂ ᠱᠢᠨ᠎ᠡ᠎ᠶ᠋ᠢ ᠡᠭᠦᠳᠬᠦ᠌ ᠲᠠᠯ᠎ᠠ᠎ᠪᠠᠷ ᠬᠦᠷᠦᠯᠴᠡᠬᠦ᠌ ᠦᠭᠡᠢ ᠪᠠᠢᠳᠠᠯ ᠤᠷᠤᠱᠢᠵᠤ ᠪᠤᠢ᠂ ᠡᠨᠡ ᠪᠦᠬᠦᠨ᠎ᠤ ᠦᠨᠳᠦᠰᠦ ᠰᠤᠷᠪᠤᠯᠵᠢ᠎ᠨᠢ ᠴᠢᠳᠠᠪᠤᠷᠢᠲᠠᠨ ᠲᠤᠳᠠᠭ᠍ᠳᠠᠭ᠍ᠰᠠᠨ᠎ᠠᠴᠠ ᠪᠤᠯᠵᠠᠢ᠃ ᠵᠡᠭᠦᠨᠭᠠᠷ ᠬᠤᠱᠢᠭᠤ ᠮᠠᠯᠵᠢᠬᠤ ᠲᠠᠷᠢᠶᠠᠯᠠᠬᠤ ᠤᠷᠤᠨ᠎ᠳᠤ ᠲᠦᠬᠡᠮᠡᠯ ᠤᠷᠤᠱᠢᠵᠤ ᠪᠠᠢᠭ᠎ᠠ ᠡᠨᠡ ᠬᠦ᠌ ᠠᠰᠠᠭᠤᠳᠠᠯ᠎ᠳᠤ ᠴᠢᠭ᠌ᠯᠡᠭᠦᠯᠦᠨ ᠤᠯᠠᠨ ᠠᠷᠭ᠎ᠠ ᠬᠡᠮᠵᠢᠶ᠎ᠠ ᠠᠪᠴᠦ᠍᠂ ᠴᠢᠳᠠᠪᠤᠷᠢᠳᠡᠨ᠎ᠢ ᠬᠦᠮᠦᠵᠢᠭᠦᠯᠦᠨ ᠬᠡᠷᠡᠭ᠌ᠯᠡᠭᠦ᠌ ᠳᠠᠯ᠎ᠠ᠎ᠪᠠᠷ ᠦᠪᠡᠷ᠎ᠤᠨ ᠬᠡᠰᠡᠨ 《ᠨᠢᠭᠤᠴᠠ ᠵᠤᠷ》 ᠎ᠲᠠᠢ ᠪᠤᠯᠵᠠᠢ᠃

ᠵᠡᠭᠦᠨᠭᠠᠷ ᠬᠤᠱᠢᠭᠤ ᠬᠦᠳᠡᠭᠡ ᠳᠤᠰᠭᠤᠨ᠎ᠤ ᠱᠢᠨ᠎ᠠ᠎ᠶ᠋ᠢ ᠡᠭᠦᠳᠦᠨ ᠦᠢᠯᠡᠰ ᠪᠤᠰᠭᠠᠬᠤ ᠵᠦᠭᠡᠯᠡᠨ ᠤᠷᠴᠢᠨ ᠳᠤᠭᠤᠷᠢᠨ᠎ᠢ ᠬᠦᠴᠦᠯᠡᠨ ᠱᠢᠯᠢᠳᠡᠭ᠌ᠵᠢᠭᠦᠯᠵᠤ᠂ ᠡᠯ᠎ᠠ ᠲᠠᠯ᠎ᠠ᠎ᠶ᠋ᠢᠨ ᠴᠢᠳᠠᠪᠤᠷᠢᠳᠠᠨ᠎ᠤ ᠨᠤᠲᠤᠭ᠎ᠲᠠᠭᠠᠨ ᠪᠤᠴᠠᠵᠤ ᠦᠢᠯᠡᠰ ᠪᠤᠰᠭᠠᠬᠤ᠎ᠶ᠋ᠢ ᠠᠬᠢᠭᠤᠯᠤᠨ᠂ ᠨᠤᠲᠤᠭ᠎ᠲᠠᠭᠠᠨ ᠪᠤᠴᠠᠵᠤ ᠦᠢᠯᠡᠰ ᠪᠤᠰᠭᠠᠭ᠍ᠴᠢᠳ᠎ᠤᠨ ᠨᠤᠳᠤᠭ᠎ᠤᠨ ᠠᠬ᠎ᠠ ᠲᠡᠬᠦᠤ ᠨᠠᠷ᠎ᠢᠶᠠᠨ ᠲᠠᠭᠠᠭᠤᠯᠤᠨ ᠤᠨᠴᠠᠯᠢᠭ᠍ᠳᠤ ᠠᠵᠤ ᠦᠢᠯᠡᠰ᠎ᠢ ᠬᠦᠭ᠌ᠵᠢᠭᠦᠯᠬᠦ᠌᠎ᠶ᠋ᠢ ᠵᠣᠷᠢᠭ᠍ᠵᠢᠭᠤᠯᠤᠨ ᠲᠠᠮᠵᠢᠵᠠᠢ᠃ ᠳᠤᠰ ᠬᠤᠱᠢᠭᠤ ᠪᠥᠬᠦ᠌ ᠤᠯᠤᠰ᠎ᠤᠨ ᠬᠤᠶᠠᠳᠤᠭᠠᠷ ᠪᠦᠯᠦᠭ᠎ᠤᠨ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠲᠠᠢ ᠤᠶᠠᠯᠳᠤᠭᠤᠯᠤᠨ ᠬᠥᠯᠥᠰᠥᠨ ᠲᠠᠷᠢᠶᠠᠴᠢᠨ ᠵᠡᠷᠭᠡ ᠬᠥᠮᠦᠰ᠎ᠤᠨ ᠨᠤᠲᠤᠭ᠎ᠲᠠᠭᠠᠨ ᠪᠤᠴᠠᠵᠤ ᠦᠢᠯᠡᠰ ᠪᠤᠰᠭᠠᠬᠤ᠎ᠶ᠋ᠢ ᠳᠡᠮᠵᠢᠬᠦ᠌ ᠲᠤᠷᠱᠢᠯᠲᠠ᠎ᠶ᠋ᠢᠨ ᠴᠡᠭ᠎ᠢᠶᠠᠷ ᠵᠥᠪᠱᠢᠶᠡᠷᠡᠭᠦᠯᠦᠭ᠌ᠰᠡᠨ᠎ᠠᠴᠠ ᠨᠠᠭᠠᠰᠢ᠂ 5 ᠭᠤᠤᠯᠳᠠᠯᠭ᠎ᠠ᠎ᠲᠠᠢ ᠦᠢᠯᠡᠰ ᠪᠤᠰᠭᠠᠬᠤ ᠬᠦᠷᠢᠶᠡᠯᠡᠩ᠎ᠳᠡᠭᠡᠨ ᠲᠦᠱᠢᠭ᠌ᠯᠡᠨ ᠦᠢᠯᠡᠰ ᠪᠤᠰᠭᠠᠬᠤ ᠠᠵᠢᠯ ᠣᠯᠭᠤᠬᠤ ᠦᠢᠯᠡᠴᠢᠯᠡᠭᠡᠨ᠎ᠤ ᠠᠵᠢᠯ᠎ᠢ ᠢᠳᠡᠪᠬᠢᠲᠡᠶ ᠠᠬᠢᠭᠤᠯᠪᠡ᠃ ᠪᠠᠰᠠ ᠨᠤᠲᠤᠭ᠎ᠤᠨ ᠴᠢᠳᠠᠪᠤᠷᠢᠲᠠᠨ᠎ᠤ᠎ᠪᠠᠨ ᠬᠥᠮᠦᠵᠢᠯ ᠪᠣᠯᠪᠠᠰᠤᠷᠠᠯ᠎ᠢ ᠴᠢᠬᠤᠯᠠᠴᠢᠯᠠᠵᠤ᠂ ᠰᠣᠶᠣᠯ ᠮᠡᠳᠡᠯᠭᠡ ᠪᠠ ᠴᠢᠳᠠᠪᠤᠷᠢ ᠮᠡᠷᠭᠡᠵᠢᠯ᠎ᠤᠨ ᠵᠢᠯᠣᠭᠤᠳᠣᠯᠭ᠎ᠠ ᠬᠠᠩᠭᠠᠬᠤ ᠳᠠᠯ᠎ᠠ᠎ᠪᠠᠷ ᠶᠡᠷᠦ᠍ ᠪᠤᠰᠤ᠎ᠶ᠋ᠢᠨ ᠠᠮᠵᠢᠯᠳᠠ ᠪᠦᠳᠦᠮᠵᠢ ᠤᠯᠪᠠ᠃ ᠤᠢ᠍ᠢᠷ᠎ᠠ᠎ᠶ᠋ᠢᠨ ᠬᠡᠳᠤᠨ ᠵᠢᠯ᠎ᠳᠤ ᠳᠤᠰ ᠬᠤᠱᠢᠭᠤ ᠱᠢᠨ᠎ᠡ ᠬᠡᠯᠪᠡᠷᠢ᠎ᠶ᠋ᠢᠨ ᠮᠠᠯ ᠠᠵᠤ ᠠᠬᠤᠶ ᠲᠠᠷᠢᠶᠠᠯᠠᠩ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ 656 ᠳᠠᠭᠠᠭᠤᠯᠤᠭ᠍ᠴᠢ᠎ᠶ᠋ᠢ ᠬᠥᠮᠦᠵᠢᠭᠦᠯᠦᠭ᠌ᠰᠡᠨ ᠪᠠ ᠮᠠᠯ ᠠᠵᠤ ᠠᠬᠤᠶ ᠲᠠᠷᠢᠶᠠᠯᠠᠩ᠎ᠤᠨ ᠬᠡᠷᠡᠭ᠌ᠯᠡᠭᠡᠨ᠎ᠤ ᠮᠡᠷᠭᠡᠵᠢᠯ᠎ᠤᠨ ᠪᠣᠯᠪᠠᠰᠤᠷᠠᠯ᠎ᠢ 20 ᠬᠤᠭᠤᠴᠠᠭ᠎ᠠ ᠡᠷᠬᠢᠯᠡᠨ 2300 ᠭᠠᠷᠤᠢ ᠲᠠᠷᠢᠶᠠᠴᠢᠨ᠎ᠳᠤ ᠲᠤᠰᠭᠠᠢ ᠪᠤᠯᠪᠠᠰᠤᠷᠠᠯ ᠬᠦᠷᠳᠡᠬᠡᠭ᠌ᠰᠡᠨ ᠠᠵᠢ᠃ 

《ᠬᠥᠮᠦᠨ ᠬᠡᠷᠡᠭ᠌ᠯᠡᠬᠦ᠌᠎ᠳᠡᠭᠡᠨ ᠭᠠᠷᠮᠠᠭᠠᠢ ᠪᠣᠯᠪᠠᠰᠤ ᠳᠡᠯᠡᠬᠡᠢ ᠳ᠋ᠠᠬᠢᠨ᠎ᠢ ᠡᠵᠡᠯᠡᠮᠦᠢ》 ᠭᠡᠳᠡᠭ᠂ ᠮᠠᠯ ᠲᠠᠷᠢᠶ᠎ᠠ᠎ᠳᠤ ᠪᠠᠭ᠍ᠠᠳᠠᠢ᠂ ᠵᠤᠬᠢᠬᠤ ᠮᠡᠷᠭᠡᠵᠢᠯ᠎ᠲᠠᠢ᠂ ᠡᠵᠡᠩᠨᠡᠯᠲᠡ᠎ᠳᠤ ᠴᠢᠳᠠᠮᠠᠭᠠᠶ ᠪᠠᠢᠳᠠᠭ ᠱᠢᠨ᠎ᠡ ᠬᠡᠯᠪᠡᠷᠢ᠎ᠶ᠋ᠢᠨ ᠠᠵᠢᠯ ᠮᠡᠷᠭᠡᠵᠢᠯ᠎ᠤᠨ ᠮᠠᠯᠴᠢᠨ ᠲᠠᠷᠢᠶᠠᠴᠢᠨ ᠪᠣᠯ ᠮᠠᠯᠵᠢᠬᠤ ᠲᠠᠷᠢᠶᠠᠯᠠᠬᠤ ᠤᠷᠤᠨ᠎ᠤ ᠠᠵᠤ ᠦᠢᠯᠡᠰ᠎ᠢ ᠬᠦᠭ᠌ᠵᠢᠬᠦᠯᠦᠨ ᠮᠠᠨᠳᠤᠭᠤᠯᠬᠤ᠎ᠶ᠋ᠢᠨ ᠲᠤᠯᠭᠠᠭᠤᠷᠢ ᠬᠦᠴᠦᠨ ᠪᠤᠯᠤᠨ᠎ᠠ᠃ ᠨᠤᠳᠤᠭ᠎ᠤᠨ ᠴᠢᠳᠠᠪᠤᠷᠢᠲᠠᠨ᠎ᠢ ᠠᠳᠭᠤᠬᠤ ᠪᠣᠯ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢᠨ ᠵᠠᠪᠠᠯ ᠶᠠᠪᠤᠬᠤ ᠵᠠᠮ ᠮᠦᠨ᠂ ᠲᠦᠭ ᠲᠦᠮᠡᠨ ᠮᠠᠯᠴᠢᠨ ᠲᠠᠷᠢᠶᠠᠴᠢᠨ ᠪᠣᠯ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠠᠱᠢᠭ ᠬᠦᠷᠳᠡᠭ᠌ᠴᠢ ᠮᠦᠷᠳᠡᠭᠡᠨ ᠪᠠᠰᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠨᠤᠳᠤᠭ᠎ᠤᠨ ᠴᠢᠳᠠᠪᠤᠷᠢᠲᠠᠨ᠎ᠤ ᠬᠠᠮᠤᠭ᠎ᠤᠨ ᠶᠡᠭᠡ ᠬᠥᠮᠥᠷᠭᠡ ᠪᠤᠯᠬᠤ ᠶᠤᠮ᠃ ᠴᠢᠳᠠᠪᠤᠷᠢᠲᠠᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠢᠳᠡᠪᠬᠢᠲᠡᠢ ᠠᠬᠢᠭᠤᠯᠪᠠᠯ ᠰᠠᠶᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠨᠡᠩ ᠰᠠᠢᠨ ᠬᠦᠴᠦᠨ ᠨᠡᠮᠡᠷᠢᠯᠡᠵᠦ᠍᠂ ᠨᠡᠩ ᠤᠯᠠᠨ ᠬᠥᠮᠦᠨ᠎ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠡᠩᠨᠡᠭᠡ᠎ᠳᠤ ᠣᠷᠣᠯᠴᠠᠭᠤᠯᠵᠤ ᠴᠢᠳᠠᠨ᠎ᠠ᠃ ᠵᠠᠭᠦᠨᠭᠠᠷ ᠬᠤᠱᠢᠭᠤ 《ᠴᠢᠳᠠᠪᠤᠷᠢᠲᠠᠨ᠎ᠤ ᠵᠤᠷ》 ᠎ᠢ ᠰᠠᠢᠲᠤᠷ ᠬᠡᠷᠡᠭ᠌ᠯᠡᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠳᠤᠮᠳᠠ ᠴᠢᠳᠠᠪᠤᠷᠢᠳᠠᠨ᠎ᠤ ᠦᠢᠯᠡᠳᠦᠯ᠎ᠢ ᠬᠦᠢᠴᠡᠳ ᠪᠠᠳᠠᠷᠠᠭᠤᠯᠵᠤ ᠪᠤᠢ᠂ ᠡᠨᠡ ᠪᠤᠯ ᠡᠯ᠎ᠠ ᠭᠠᠵᠠᠷ᠎ᠤᠨ᠎ᠬᠢᠨ᠎ᠤ ᠰᠤᠷᠤᠯᠴᠠᠭᠤᠱᠢᠳᠠᠢ ᠠᠷᠭ᠎ᠠ ᠬᠡᠮᠵᠢᠶ᠎ᠠ ᠪᠤᠯᠬᠤ ᠰᠠᠨ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号