ᠮᠠᠨ᠎ᠤ ᠤᠷᠤᠨ 《ᠬᠤᠶᠠᠷ᠎ᠢ ᠬᠦᠩᠬᠡᠷᠡᠬᠦᠯᠬᠦ᠌》 ᠲᠤᠬᠠᠢ ᠰᠣᠯᠪᠢᠴᠠᠭᠤᠯᠤᠨ ᠪᠠᠢᠴᠠᠭᠠᠬᠤ ᠠᠵᠢᠯ ᠥᠷᠨᠢᠭᠦᠯᠬᠦ᠌᠎ᠪᠠᠷ ᠪᠣᠶ
2021-09-06 08:59:21
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

《ᠬᠤᠶᠠᠷ ᠎ᠢ ᠬᠦᠩᠬᠡᠷᠡᠬᠦᠯᠬᠦ᠌》 ᠠᠵᠢᠯ᠎ᠢ ᠨᠠᠷᠢᠯᠢᠭ ᠪᠣᠳᠠᠲᠠᠶ ᠨᠠᠢᠳᠠᠪᠤᠷᠢᠵᠢᠭᠤᠯᠬᠤ᠎ᠶ᠋ᠢ ᠠᠬᠢᠭᠤᠯᠬᠤ᠎ᠶ᠋ᠢᠨ ᠲᠥᠯᠥᠭᠡ᠂ ᠮᠠᠨ᠎ᠤ ᠤᠷᠤᠨ ᠪᠥᠬᠦ᠌ ᠣᠷᠣᠨ᠎ᠤ ᠡᠯ᠎ᠡ ᠭᠠᠵᠠᠷ᠎ᠤᠨ 《ᠬᠤᠶᠠᠷ᠎ᠢ ᠬᠦᠩᠬᠡᠷᠡᠬᠦᠯᠬᠦ᠌》 ᠡᠭᠦᠷᠭᠡ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠂ ᠰᠤᠷᠭᠠᠭᠤᠯᠢ᠎ᠶ᠋ᠢᠨ ᠬᠦᠷᠢᠶᠡᠨ᠎ᠤ ᠪᠣᠯᠪᠠᠰᠤᠷᠠᠯ᠎ᠤᠨ ᠪᠠᠢᠭᠤᠯᠤᠮᠵᠢ᠎ᠶ᠋ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠦᠭ᠌ᠰᠡᠨ ᠪᠠᠢᠳᠠᠯ ᠵᠡᠷᠭᠡ᠎ᠳᠤ ᠰᠣᠯᠪᠢᠴᠠᠭᠤᠯᠤᠨ ᠪᠠᠢᠴᠠᠭᠠᠬᠤ ᠪᠠ ᠢᠯᠡ᠎ᠪᠠᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ᠎ᠪᠠᠷ ᠪᠠᠢᠨ᠎ᠠ᠃

ᠲᠣᠰ ᠤᠳᠠᠭᠠᠨ᠎ᠤ ᠪᠠᠢᠴᠠᠭᠠᠯᠲᠠ᠎ᠶ᠋ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠤᠷᠭᠠᠨ ᠬᠥᠮᠦᠵᠢᠯ᠎ᠤᠨ ᠬᠢᠨᠠᠨ ᠵᠢᠯᠣᠭᠤᠳᠭᠤ ᠵᠥᠪᠯᠡᠯ᠎ᠤᠨ ᠠᠯᠪᠠᠨ ᠬᠡᠷ᠎ᠠᠴᠠ ᠵᠣᠬᠢᠶᠠᠨ ᠪᠠᠢᠭᠤᠯᠵᠤ᠂ ᠠᠢᠮᠠᠭ ᠬᠤᠲᠠ᠎ᠪᠠᠷ ᠨᠢᠭᠡᠴᠢ ᠪᠣᠯᠭᠠᠨ 12 ᠪᠠᠢᠴᠠᠭᠠᠬᠤ ᠳᠤᠭᠤᠢᠯᠠᠩ ᠵᠣᠬᠢᠶᠠᠨ ᠪᠠᠢᠭᠤᠯᠵᠤ᠂ ᠤᠨᠳᠤᠤ ᠭᠠᠵᠠᠷ᠎ᠲᠤ ᠰᠣᠯᠪᠢᠴᠠᠭᠤᠯᠤᠨ ᠪᠠᠢᠴᠠᠭᠠᠬᠤ᠎ᠶ᠋ᠢ ᠬᠡᠷᠡᠭ᠌ᠵᠢᠭᠦᠯᠦᠨ᠎ᠡ᠃ ᠡᠯ᠎ᠡ ᠪᠠᠢᠴᠠᠭᠠᠬᠤ ᠳᠤᠭᠤᠢᠯᠠᠩ᠎ᠨᠢ ᠰᠤᠷᠭᠠᠨ ᠬᠥᠮᠦᠵᠢᠯ᠎ᠤᠨ ᠰᠠᠯᠠᠭ᠎ᠠ ᠮᠥᠴᠢᠷ᠎ᠢᠶᠠᠷ ᠲᠦᠷᠦᠭᠦᠯᠡᠬᠦᠯᠦᠨ᠂ ᠠᠢᠮᠠᠭ ᠬᠤᠲᠠ᠎ᠶ᠋ᠢᠨ ᠰᠤᠷᠭᠠᠨ ᠬᠥᠮᠦᠵᠢᠯ᠎ᠤᠨ ᠲᠣᠪᠴᠢᠶ᠎ᠠ᠎ᠶ᠋ᠢᠨ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ᠎ᠪᠠᠷ ᠳᠤᠭᠤᠢᠯᠠᠩ᠎ᠤᠨ ᠳᠠᠷᠤᠭ᠎ᠠ ᠪᠣᠯᠭᠠᠵᠤ᠂ ᠰᠤᠷᠭᠠᠨ ᠬᠥᠮᠦᠵᠢᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ᠎ᠢᠶᠠᠷ ᠪᠦᠷᠢᠯᠳᠦᠨ᠎ᠡ᠃

ᠰᠣᠯᠪᠢᠴᠠᠭᠤᠯᠤᠨ ᠪᠠᠢᠴᠠᠭᠠᠬᠤ ᠦᠷ᠎ᠡ ᠪᠦᠲᠦᠮᠵᠢ᠎ᠶ᠋ᠢ ᠦᠨᠡᠨ ᠬᠦ᠌ ᠪᠠᠲᠤᠯᠠᠬᠤ᠎ᠪᠠᠷ᠂ ᠥᠪᠡᠷᠲᠡᠭᠡᠨ ᠵᠠᠰᠠᠬᠤ ᠣᠷᠣᠨ᠎ᠠᠴᠠ ᠨᠠᠷᠢᠨ ᠲᠣᠳᠣᠷᠬᠠᠶ ᠪᠠᠢᠴᠠᠭᠠᠯᠲᠠ᠎ᠶ᠋ᠢᠨ ᠭᠤᠤᠯᠳᠠᠯᠭ᠎ᠠ᠎ᠶ᠋ᠢ ᠲᠣᠭ᠍ᠲᠠᠭᠠᠭ᠍ᠰᠠᠨ ᠪᠥᠭᠡᠳ ᠡᠯ᠎ᠡ ᠪᠠᠢᠴᠠᠭᠠᠬᠤ ᠳᠤᠭᠤᠢᠯᠠᠩ᠎ᠤᠨ᠎ᠬᠢᠨ᠎ᠢ ᠪᠠᠢᠴᠠᠭᠠᠬᠤ᠎ᠠᠴᠠ᠎ᠪᠠᠨ ᠡᠮᠦᠨ᠎ᠡ ᠬᠢᠨᠠᠮᠠᠭᠠᠶ ᠵᠣᠬᠢᠶᠠᠨ ᠪᠠᠢᠭᠤᠯᠤᠨ ᠰᠤᠷᠤᠯᠴᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭ᠍ᠳᠠᠯ ᠪᠥᠬᠦᠶ ᠱᠠᠭᠠᠷᠳᠠᠯᠭ᠎ᠠ᠎ᠲᠠᠢ ᠪᠠᠷᠢᠮᠵᠢᠶᠠᠯᠠᠨ ᠬᠠᠷᠭᠤᠭᠤᠯᠵᠤ᠂ ᠠᠵᠢᠯ᠎ᠤᠨ ᠲᠥᠰᠦᠯ᠎ᠢᠶᠠᠨ ᠴᠢᠨᠠᠬ᠍ᠰᠢᠳᠠ ᠨᠠᠷᠢᠯᠢᠭ᠍ᠵᠢᠭᠤᠯᠤᠨ᠂ ᠦᠨᠡᠨ ᠬᠦ᠌ ᠱᠠᠯᠠᠪᠳᠠᠭᠤᠯᠤᠨ ᠵᠢᠯᠣᠭᠤᠳᠭᠤ ᠦᠢᠯᠡᠳᠦᠯ ᠦᠵᠡᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃

ᠱᠠᠭᠠᠷᠳᠠᠯᠭ᠎ᠠ ᠶᠣᠰᠣᠭᠠᠷ᠂ ᠰᠣᠯᠪᠢᠴᠠᠭᠤᠯᠤᠨ ᠪᠠᠢᠴᠠᠭᠠᠬᠤ ᠠᠵᠢᠯ᠎ᠨᠢ ᠭᠤᠤᠯᠳᠠᠭᠤ ᠰᠤᠭᠤᠴᠢᠨ ᠰᠤᠷᠪᠤᠯᠵᠢᠯᠠᠬᠤ᠂ ᠲᠤᠬᠠᠶ᠎ᠶ᠋ᠢᠨ ᠲᠠᠯᠠᠪᠤᠷ᠎ᠲᠤ ᠪᠠᠢᠴᠠᠭᠠᠨ ᠦᠵᠡᠬᠦ᠂ ᠮᠠᠲ᠋ᠧᠷᠢᠶᠠᠯ ᠪᠠᠢᠴᠠᠭᠠᠨ ᠦᠵᠡᠬᠦ᠌ ᠵᠡᠷᠭᠡ ᠠᠷᠭ᠎ᠠ ᠬᠡᠯᠪᠡᠷᠢ᠎ᠪᠠᠷ ᠭᠤᠤᠯᠳᠠᠯᠭ᠎ᠠ᠎ᠲᠠᠢ ᠡᠭᠦᠷᠭᠡ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠪᠥᠬᠦ᠌ ᠲᠠᠯ᠎ᠠ᠎ᠪᠠᠷ ᠤᠢ᠍ᠢᠯᠠᠭᠠᠨ᠎ᠠ᠃ ᠶᠠᠷᠢᠯᠴᠠᠬᠤ ᠬᠤᠷᠠᠯ ᠬᠤᠷᠠᠯᠳᠤᠭᠤᠯᠵᠤ᠂ ᠣᠷᠣᠱᠢᠵᠤ ᠪᠠᠢᠭ᠎ᠠ ᠠᠰᠠᠭᠤᠳᠠᠯ᠎ᠢ ᠲᠥᠪ ᠴᠢᠩᠭ᠎ᠠ᠎ᠪᠠᠷ ᠵᠠᠷᠯᠠᠨ ᠦᠨᠡᠯᠡᠵᠦ᠍᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠱᠠᠭᠠᠷᠳᠠᠯᠭ᠎ᠠ ᠳᠤᠷᠠᠳᠴᠤ᠌᠂ ᠱᠠᠳᠤ ᠱᠠᠳᠤ᠎ᠪᠠᠷ ᠳᠠᠷᠤᠯᠲᠠ ᠥᠭ᠌ᠴᠦ᠂ ᠠᠢᠮᠠᠭ ᠬᠤᠳᠠ᠂ ᠬᠤᠱᠢᠭᠤ ᠱᠢᠶᠠᠨ (ᠬᠤᠳᠠ᠂ ᠲᠣᠭᠤᠷᠢᠭ) ᠎ᠤ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ ᠪᠣᠯᠤᠨ ᠬᠠᠷᠠᠭᠠᠯᠵᠠᠭ᠍ᠰᠠᠨ ᠲᠤᠬᠠᠢᠯᠠᠭ᠍ᠰᠠᠨ ᠠᠵᠢᠯ᠎ᠤᠨ ᠰᠠᠯᠠᠭ᠎ᠠ ᠮᠥᠴᠢᠷ᠎ᠤᠨ ᠭᠤᠣᠯᠯᠠᠨ ᠬᠠᠮᠢᠶᠠᠷᠬᠤ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ 《ᠬᠤᠶᠠᠷ᠎ᠢ ᠬᠦᠩᠬᠡᠷᠡᠬᠦᠯᠬᠦ᠌》 ᠡᠭᠦᠷᠭᠡ᠎ᠶ᠋ᠢ ᠦᠨᠡᠨ ᠬᠦ᠌ ᠨᠠᠢᠳᠠᠪᠤᠷᠢᠵᠢᠭᠤᠯᠬᠤ᠎ᠪᠠᠷ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号