ᠴᠡᠭᠡ ᠪᠣᠭᠤᠮᠲᠠ᠎ᠶ᠋ᠢᠨ ᠠᠵᠤ ᠠᠬᠤᠢ᠎ᠶ᠋ᠢᠨ ᠨᠡᠭᠡᠭᠡᠯᠲᠡ᠎ᠶ᠋ᠢᠨ ᠣᠷᠣᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢᠶᠠᠨ ᠱᠢᠯᠢᠳᠡᠭ᠌ᠵᠢᠬᠦᠯᠵᠦ᠍ ᠪᠠᠢᠨ᠎ᠠ
2021-09-06 08:42:12
ᠵᠣᠬᠢᠶᠠᠭ᠍ᠴᠢ᠄
ᠭᠤᠤ ᠬᠤᠨᠭ᠌ ᠯᠢᠶᠠᠨ
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ ᠵᠢᠯ᠎ᠤᠳ᠎ᠲᠤ᠌᠂ ᠴᠡᠭᠡ ᠪᠣᠭᠤᠮᠲᠠ᠎ᠶ᠋ᠢᠨ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠤᠷᠢᠭ 《ᠵᠠᠰᠠᠭ᠎ᠤᠨ ᠣᠷᠳᠣᠨ᠎ᠤ ᠦᠢᠯᠡᠴᠢᠯᠡᠭᠡ》 ᠎ᠶ᠋ᠢᠨ ᠲᠦᠪᠱᠢᠨ ᠪᠠ ᠬᠡᠪᠴᠢᠶ᠎ᠡ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂  ᠦᠢᠯᠡᠴᠢᠯᠡᠭᠡᠨ᠎ᠤ ᠤᠬᠠᠮᠰᠠᠷ᠎ᠢᠶᠠᠨ ᠴᠢᠨᠠᠬ᠍ᠰᠢᠳᠠ ᠴᠢᠩᠭᠠᠷᠠᠭᠤᠯᠵᠤ᠂ ᠠᠵᠤ ᠠᠬᠤᠢᠯᠠᠯ᠎ᠢ ᠪᠥᠬᠦ᠌ ᠬᠦᠴᠦᠨ᠎ᠢᠶᠠᠷ᠎ᠢᠶᠠᠨ ᠬᠠᠪᠰᠤᠷᠤᠨ ᠬᠦᠴᠢᠷᠳᠡᠯ᠎ᠢ᠎ᠨᠢ  ᠱᠢᠢᠳᠪᠦᠷᠢᠯᠡᠨ ᠥᠭ᠌ᠴᠦ᠂ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢᠶᠠᠨ ᠱᠢᠯᠢᠳᠡᠭ᠌ᠵᠢᠭᠦᠯᠦᠨ᠂ ᠣᠯᠠᠨ ᠲᠦᠮᠡᠨ᠎ᠤ ᠵᠣᠯ ᠵᠢᠷᠭᠠᠯᠲᠤ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃

ᠴᠡᠭᠡ ᠪᠤᠭᠤᠮᠳᠠ ᠵᠠᠰᠠᠭ᠎ᠢ ᠴᠣᠮᠬᠠᠳᠭᠠᠨ ᠡᠷᠬᠡ᠎ᠶ᠋ᠢ ᠳᠣᠷᠣᠭ᠍ᠰᠢ ᠪᠠᠭᠤᠯᠭᠠᠬᠤ᠎ᠳᠤ 《ᠬᠠᠰᠤᠬᠤ ᠠᠷᠭ᠎ᠠ》 ᠎ᠶ᠋ᠢ ᠬᠡᠷᠡᠭ᠌ᠵᠢᠬᠦᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠭᠠᠢᠯᠢ᠎ᠶ᠋ᠢ ᠬᠠᠰᠤᠵᠦ᠍᠂  ᠰᠦᠢᠳᠭᠡᠯ᠎ᠢ ᠪᠠᠭᠤᠷᠠᠭᠤᠯᠬᠤ ᠡᠯ᠎ᠡ ᠵᠦᠢᠯ᠎ᠤᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠡᠷᠡᠰ ᠨᠠᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠳᠠᠷᠤᠭᠠᠰᠤ᠎ᠶ᠋ᠢ ᠬᠥᠩᠭᠡᠷᠡᠭᠦᠯᠤᠨ᠂ 《ᠲᠠᠪᠤ᠎ᠶ᠋ᠢ ᠪᠠᠢᠴᠠᠭᠠᠵᠤ ᠲᠠᠪᠤ᠎ᠶ᠋ᠢ ᠴᠡᠭ᠌ᠴᠡᠯᠡᠨ ᠵᠠᠰᠠᠬᠤ》 ᠪᠠ 《ᠨᠠᠢ᠍ᠮᠠᠨ ᠊ᠤᠰᠭᠠᠶ ᠠᠵᠢᠯᠯᠠᠭ᠎ᠠ》 ᠎ᠶ᠋ᠢ ᠭᠦᠨᠵᠡᠭᠡᠶ ᠥᠷᠨᠢᠭᠦᠯᠬᠦ᠌᠎ᠪᠠᠷ ᠳᠠᠮᠵᠢᠭᠤᠯᠤᠨ᠂ 《ᠪᠠᠬᠢᠯᠡᠯᠲᠡ᠎ᠶ᠋ᠢ ᠡᠪᠳᠡᠬᠦ᠌》 《ᠬᠠᠰᠤᠬᠤ ᠠᠷᠭ᠎ᠠ》 ᠎ᠶ᠋ᠢ ᠰᠠᠢᠲᠤᠷ ᠬᠢᠵᠦ᠍᠂ ᠠᠵᠤ ᠠᠬᠤᠢᠯᠠᠯ᠎ᠳᠤ ᠣᠷᠣᠱᠢᠵᠤ ᠪᠠᠢᠭ᠎ᠠ ᠬᠦᠴᠢᠷ ᠠᠰᠠᠭᠤᠳᠠᠯ᠎ᠢ ᠴᠠᠭ ᠲᠤᠬᠠᠶ᠎ᠳᠤᠨᠢ ᠬᠠᠪᠰᠤᠷᠤᠨ  ᠱᠢᠢᠳᠪᠦᠷᠢᠯᠡᠵᠦ᠍ ᠊ᠤᠨᠢ ᠪᠥᠬᠦ᠌ ᠨᠡᠢᠭᠡᠮ᠎ᠳᠤ ᠢᠯᠡ ᠨᠡᠢᠲᠡᠯᠡᠬᠦ᠌᠎ᠶ᠋ᠢᠨ ᠬᠠᠮᠲᠤ ᠨᠡᠢᠭᠡᠮ᠎ᠤᠨ ᠬᠢᠨᠠᠯᠲᠠ᠎ᠶ᠋ᠢ ᠬᠦᠯᠢᠶᠡᠵᠦ᠍᠂ ᠴᠢᠨᠠᠷ ᠰᠠᠢᠲᠠᠶ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠬᠦᠴᠦᠯᠡᠨ ᠪᠠᠢᠭᠤᠯᠵᠤ᠂ ᠣᠯᠠᠨ ᠲᠦᠮᠡᠨ᠎ᠳᠤ  ᠦᠢᠯᠡᠴᠢᠯᠡᠬᠦ᠌ ᠨᠢᠭᠡ ᠺᠢᠯᠣᠮᠧᠲᠷ》 ᠎ᠢ ᠪᠥᠬᠦ᠌ ᠬᠦᠴᠦᠨ᠎ᠢᠶᠠᠷ ᠨᠡᠪᠲᠡᠷᠡᠭᠦᠯᠵᠦ᠍ ᠪᠠᠢᠨ᠎ᠠ᠃

ᠬᠢᠨᠠᠯᠲᠠ ᠬᠠᠮᠢᠶᠠᠷᠤᠯᠲᠠ᠎ᠶ᠋ᠢᠨ 《ᠨᠡᠮᠡᠬᠦ᠌ ᠠᠷᠭ᠎ᠠ》 ᠎ᠶ᠋ᠢᠨ ᠱᠢᠨ᠎ᠡ᠎ᠶ᠋ᠢ ᠡᠬᠦᠳᠴᠤ᠌᠂ ᠬᠠᠤᠯᠢ᠎ᠪᠠᠷ ᠵᠠᠰᠠᠬᠤ ᠦᠵᠡᠯ ᠤᠬᠠᠮᠰᠠᠷ᠎ᠢ ᠪᠠᠲᠤ ᠪᠠᠬᠢ ᠪᠤᠢ ᠪᠣᠯᠭᠠᠵᠤ᠂ ᠠᠵᠤ ᠠᠬᠤᠢᠯᠠᠯ᠎ᠤᠨ ᠬᠠᠤᠯᠢ ᠲᠣᠭ᠍ᠲᠠᠭᠠᠯ ᠶᠣᠰᠣᠭᠠᠷ ᠡᠵᠡᠩᠨᠡᠯᠲᠡ᠎ᠶ᠋ᠢᠨ ᠠᠵᠢᠯᠯᠠᠭ᠎ᠠ ᠥᠷᠨᠢᠭᠦᠯᠬᠦ᠌᠎ᠶ᠋ᠢ ᠢᠳᠡᠪᠬᠢᠲᠡᠶ᠎ᠪᠠᠷ ᠬᠥᠲᠥᠯᠥᠨ ᠵᠢᠯᠣᠭᠤᠳᠴᠤ᠌᠂ ᠵᠠᠬ᠎ᠠ ᠳᠡᠯᠭᠡᠭᠦᠷ᠎ᠤᠨ ᠵᠢᠮ᠎ᠡ ᠶᠣᠰᠣ᠎ᠪᠠᠷ ᠠᠵᠢᠯ ᠶᠠᠪᠤᠳᠠᠯ ᠡᠷᠬᠢᠯᠡᠨ᠂ ᠬᠠᠤᠯᠢ ᠰᠠᠬᠢᠯᠭ᠎ᠠ᠎ᠶ᠋ᠢ ᠵᠢᠷᠤᠮᠯᠠᠨ ᠠᠵᠤ ᠠᠬᠤᠢᠯᠠᠯ ᠡᠷᠬᠢᠯᠡᠵᠦ᠍᠂ ᠲᠥᠪ ᠴᠢᠬᠡᠴᠢ᠎ᠪᠠᠷ ᠡᠵᠡᠩᠨᠡᠯᠲᠡ ᠬᠢᠵᠦ᠍᠂ ᠠᠵᠤ ᠠᠬᠤᠢᠯᠠᠯ᠎ᠳᠤ ᠦᠨᠡᠨ ᠬᠦ᠌ ᠰᠠᠢᠲᠤᠷ  ᠦᠢᠯᠡᠴᠢᠯᠡᠭᠦᠯᠦᠨ᠂  ᠦᠢᠯᠡᠴᠢᠯᠡᠭᠡ  ᠎ᠶ᠋ᠢ ᠱᠢᠯᠢᠳᠡᠭ᠌ᠵᠢᠭᠦᠯᠦᠨ 《ᠦᠷᠡᠵᠢᠭᠦᠯᠬᠦ᠌  ᠦᠢᠯᠡᠳᠦᠯ》 ᠎ᠤᠨ ᠠᠷᠭ᠎ᠠ ᠭᠡᠮᠵᠢᠶ᠎ᠡ᠎ᠶ᠋ᠢ ᠭᠡᠷᠡᠭ᠌ᠵᠢᠬᠦᠯᠵᠦ᠍᠂ ᠴᠡᠭᠡ ᠪᠣᠭᠤᠮᠲᠠ᠎ᠶ᠋ᠢᠨ ᠠᠵᠤ ᠠᠬᠤᠢ᠎ᠶ᠋ᠢᠨ ᠨᠡᠭᠡᠭᠡᠯᠲᠡ᠎ᠶ᠋ᠢᠨ ᠣᠷᠣᠨ ᠦᠢᠯᠡᠴᠢᠯᠡᠭᠡᠨ᠎ᠤ ᠤᠬᠠᠮᠰᠠᠷ᠎ᠢᠶᠠᠨ ᠴᠢᠩᠭᠠᠳᠭᠠᠵᠤ 《ᠨᠡᠮᠡᠬᠦ᠌ ᠬᠠᠰᠤᠬᠤ ᠦᠷᠡᠵᠢᠭᠦᠯᠬᠦ᠌》 ᠠᠷᠭ᠎ᠠ᠎ᠶ᠋ᠢ ᠰᠠᠢᠳᠤᠷ ᠠᠳᠭᠤᠵᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠦᠷᠭᠦᠯᠵᠢᠯᠡᠨ ᠱᠢᠯᠢᠳᠡᠭ᠌ᠵᠢᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号