ᠦᠷᠨᠢᠬᠦᠨ᠄ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠮᠢᠨᠤ ᠵᠠᠯᠠᠭᠤ ᠨᠠᠰᠤᠨ᠎ᠤ ᠬᠦᠰᠡᠯ ᠵᠡᠭᠦᠳᠦ᠎ᠪᠠᠨ ᠲᠡᠷᠭᠡᠯᠱᠢᠭᠦᠯᠬᠦ᠌᠎ᠳᠤ ᠲᠤᠰᠠᠯᠠᠨ᠎ᠠ
2021-09-06 08:59:01
ᠵᠣᠬᠢᠶᠠᠭ᠍ᠴᠢ᠄
ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠱᠢᠤᠢ ᠶᠢᠩ
ᠣᠩᠱᠢᠭ᠍ᠰᠠᠨ ᠣᠳᠠᠭ᠎ᠠ᠄
★★★☆☆

ᠮᠣᠩᠭᠤᠯ ᠬᠡᠯᠡᠨ᠎ᠤ 《ᠦᠷᠨᠢᠬᠦᠨ》 ᠭᠡᠬᠦ᠌ ᠦᠭᠡᠨ᠎ᠳᠤ ᠬᠦᠰᠡᠯ ᠬᠡᠰᠡᠨ ᠰᠠᠨᠠᠭ᠎ᠠ ᠠᠭᠤᠯᠤᠬ᠍ᠳᠠᠵᠥ᠍ ᠪᠠᠢᠳᠠᠭ᠃ 1999 ᠣᠨ᠎ᠳᠤ᠂ ᠨᠢᠭᠡᠨ ᠨᠢᠯᠬ᠎ᠠ ᠦᠬᠢᠨ ᠲᠦᠩᠯᠢᠶᠣᠤ ᠬᠤᠳᠠ᠎ᠶ᠋ᠢᠨ ᠬᠤᠷᠴᠢᠨ ᠵᠡᠭᠦᠨ ᠭᠠᠷᠤᠨ ᠬᠤᠢᠲᠤ ᠬᠤᠱᠢᠭᠤᠨ᠎ᠤ ᠠᠳᠤᠭᠤᠴᠢᠨ ᠰᠤᠮᠤᠨ᠎ᠤ ᠬᠠᠰᠧᠴᠢᠷ ᠭᠠᠴᠠᠭᠠᠨ᠎ᠤ ᠨᠢᠭᠡᠨ ᠮᠣᠩᠭᠤᠯ ᠦᠨᠳᠦᠰᠦᠲᠡᠨ᠎ᠤ ᠭᠡᠷ᠎ᠲᠤ ᠲᠦᠷᠦᠵᠦ᠍᠂ ᠭᠡᠷ᠎ᠤᠨ ᠬᠥᠮᠦᠰ᠎ᠨᠢ ᠲᠡᠭᠦᠨ᠎ᠳᠤ 《ᠦᠷᠨᠢᠬᠦᠨ》 ᠭᠡᠬᠦ᠌ ᠨᠡᠷ᠎ᠡ ᠬᠠᠢᠷᠠᠯᠠᠪᠠ᠃

ᠬᠦᠳᠡᠭᠡ ᠨᠤᠳᠤᠬ᠎ᠲᠤ ᠳᠦᠷᠦᠵᠥ᠍ ᠥᠰᠦᠭ᠌ᠰᠡᠨ ᠦᠷᠨᠢᠬᠦᠨ ᠨᠠᠮ ᠪᠠ ᠵᠠᠰᠠᠭ᠎ᠤᠨ ᠣᠷᠳᠣᠨ᠎ᠤ ᠴᠥᠭᠡᠨ ᠲᠣᠭᠠᠲᠤ ᠦᠨᠳᠦᠰᠦᠲᠡᠨ᠎ᠤ ᠭᠠᠵᠠᠷ ᠣᠷᠣᠨ᠎ᠳᠠᠬᠢ ᠬᠠᠢᠷ᠎ᠠ ᠬᠠᠯᠠᠮᠵᠢ᠎ᠶ᠋ᠢ ᠭᠦᠨ ᠮᠡᠳᠡᠷᠡᠵᠦ᠍᠂ ᠡᠨᠡ᠎ᠨᠢ ᠲᠡᠭᠦᠨ᠎ᠳᠤ ᠦᠨᠳᠦᠰᠦᠨ ᠱᠠᠲᠤᠨ᠎ᠤ ᠪᠠᠭ᠍ᠰᠢ ᠪᠣᠯᠬᠤ ᠵᠠᠯᠠᠭᠤ ᠨᠠᠰᠤᠨ᠎ᠤ ᠬᠦᠰᠡᠯ ᠵᠡᠭᠦᠳᠦ ᠤᠷᠭᠤᠭᠤᠯᠵᠠᠢ᠃ ᠲᠡᠷᠡ ᠡᠭᠡ ᠤᠯᠤᠰ᠎ᠢᠶᠠᠨ ᠬᠠᠢᠷᠠᠯᠠᠬᠤ ᠦᠷ᠎ᠡ᠎ᠶ᠋ᠢ ᠬᠡᠦᠬᠡᠳ ᠨᠢᠭᠡ ᠪᠦᠷᠢ᠎ᠶ᠋ᠢᠨ ᠰᠡᠳᠭᠢᠯ᠎ᠳᠤ ᠬᠠᠳᠠᠩᠱᠢᠭᠤᠯᠵᠤ᠂ ᠦᠨᠳᠦᠰᠦᠨ ᠱᠠᠲᠤᠨ᠎ᠳᠤ ᠨᠠᠮ ᠪᠠ ᠤᠯᠤᠰ᠎ᠤᠨ ᠲᠦᠷᠦ᠎ᠶ᠋ᠢᠨ ᠪᠤᠳᠤᠯᠭ᠎ᠠ ᠴᠢᠭ᠌ᠯᠡᠯᠲᠡ᠎ᠶ᠋ᠢ ᠰᠠᠢᠲᠤᠷ ᠤᠬᠠᠭᠤᠯᠤᠨ ᠲᠠᠢᠯᠪᠤᠷᠢᠯᠠᠵᠤ᠂ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ᠎ᠳᠤ ᠥᠪᠡᠷ᠎ᠤᠨ ᠬᠦᠴᠦᠨ ᠴᠢᠳᠠᠯ᠎ᠢᠶᠠᠨ ᠡᠷᠭᠦᠬᠦ᠌᠎ᠶ᠋ᠢ ᠵᠤᠷᠢᠨ᠎ᠠ᠃ 2018 ᠣᠨ᠎ᠳᠤ᠂ ᠦᠷᠨᠢᠬᠦᠨ ᠬᠥᠬᠡᠬᠤᠲᠠ ᠦᠨᠳᠦᠰᠦᠲᠡᠨ᠎ᠤ ᠳᠡᠭᠡᠳᠦ ᠰᠤᠷᠭᠠᠭᠤᠯᠢ᠎ᠶ᠋ᠢᠨ ᠲᠣᠭᠠᠨ᠎ᠤ ᠤᠬᠠᠭᠠᠨ ᠪᠣᠯᠤᠨ ᠲᠤᠮᠤ ᠳ᠋ᠠᠢᠲ᠋ᠠ᠎ᠶ᠋ᠢᠨ ᠳᠡᠭᠡᠳᠦ ᠰᠤᠷᠭᠠᠭᠤᠯᠢ᠎ᠳᠤ ᠱᠢᠯᠭᠠᠨ ᠣᠷᠣᠵᠤ᠂ ᠬᠦᠰᠡᠯ ᠶᠣᠰᠣᠭᠠᠷ᠎ᠢᠶᠠᠨ ᠪᠠᠭ᠎ᠠ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠤᠨ ᠲᠣᠭᠠᠨ᠎ᠤ ᠤᠬᠠᠭᠠᠨ᠎ᠤ ᠴᠢᠭ᠌ᠯᠡᠯ᠎ᠤᠨ ᠪᠠᠭ᠍ᠰᠢ᠎ᠶ᠋ᠢᠨ ᠰᠤᠷᠭᠠᠭᠤᠯᠢ᠎ᠶ᠋ᠢᠨ ᠰᠤᠷᠤᠬ᠍ᠴᠢ ᠪᠣᠯᠤᠬ᠍ᠰᠡᠨ ᠪᠠᠢᠨ᠎ᠡ᠃

ᠶᠡᠭᠡ ᠰᠤᠷᠭᠠᠭᠤᠯᠢ᠎ᠶ᠋ᠢᠨ ᠠᠮᠢᠳᠤᠷᠠᠯ ᠦᠷᠨᠢᠬᠦᠨ᠎ᠤ ᠬᠠᠷᠠᠭ᠎ᠠ᠎ᠶ᠋ᠢ᠎ᠨᠢ ᠥᠷᠭᠡᠳᠭᠡᠪᠡ᠃ ᠲᠡᠷᠡ ᠬᠠᠮᠲᠤ ᠰᠤᠷᠤᠭ᠍ᠴᠢᠳ᠎ᠲᠠᠢ᠎ᠪᠠᠨ ᠳᠤᠭᠤᠢᠯᠠᠩ ᠵᠣᠬᠢᠶᠠᠨ ᠪᠠᠢᠭᠤᠯᠵᠦ᠍ ᠤᠷᠤᠯᠳᠤᠭᠠᠨ ᠦᠷᠨᠢᠬᠦᠯᠵᠦ᠍᠂ ᠡᠯ᠎ᠡ ᠵᠦᠢᠯ᠎ᠤᠨ ᠦᠢᠯᠡᠳᠦᠯᠭᠡ᠎ᠶ᠋ᠢᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠲᠠᠢᠰᠠᠨ᠎ᠳᠤ ᠭᠠᠷᠴᠤ᠌ ᠶᠠᠷᠢᠶ᠎ᠠ ᠲᠠᠯᠪᠢᠨ᠂ ᠬᠤᠶᠠᠳᠤᠭᠠᠷ ᠵᠡᠷᠭᠡ᠎ᠶ᠋ᠢᠨ ᠬᠦᠬᠡ ᠲᠡᠰ᠎ᠤᠨ ᠬᠢᠷᠢ ᠪᠦᠲᠦᠮᠵᠢ᠎ᠪᠠᠷ ᠪᠠᠷᠢᠮᠵᠢᠶ᠎ᠡ ᠠᠶᠠᠯᠭᠤ᠎ᠶ᠋ᠢᠨ ᠲᠡᠰ᠎ᠤᠨ ᠦᠨᠡᠮᠯᠡᠯ᠎ᠢ ᠱᠢᠯᠭᠠᠨ ᠣᠯᠵᠠᠢ᠃ ᠤᠳᠤ᠂ ᠦᠷᠨᠢᠬᠦᠨ ᠨᠢᠭᠡᠨᠲᠡ ᠦᠩᠬᠡ ᠭᠡᠷᠡᠯᠳᠤ ᠵᠠᠯᠠᠭᠤ ᠨᠠᠮ᠎ᠤᠨ ᠭᠡᠱᠢᠭᠦᠨ ᠪᠤᠯᠵᠤ᠂ ᠥᠪᠡᠷᠲᠡᠭᠡᠨ ᠵᠠᠰᠠᠬᠤ ᠣᠷᠣᠨ᠎ᠤ ᠰᠤᠷᠤᠭ᠍ᠴᠢᠳ᠎ᠤᠨ ᠬᠤᠯᠪᠣᠭ᠎ᠠ᠎ᠶ᠋ᠢᠨ ᠵᠥᠪᠯᠡᠯ᠎ᠳᠤ ᠰᠠᠭᠤᠭ᠎ᠠ ᠭᠦᠢᠴᠡᠳᠭᠡᠭ᠌ᠴᠢ ᠲᠡᠷᠢᠭᠦᠯᠡᠭ᠌ᠴᠢ᠂ ᠬᠥᠬᠡᠬᠤᠲᠠ ᠦᠨᠳᠦᠰᠦᠲᠡᠨ᠎ᠤ ᠳᠡᠭᠡᠳᠦ ᠰᠤᠷᠭᠠᠭᠤᠯᠢ᠎ᠶ᠋ᠢᠨ ᠰᠤᠷᠤᠭ᠍ᠴᠢᠳ᠎ᠤᠨ ᠵᠥᠪᠯᠡᠯ᠎ᠤᠨ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠦ᠍ ᠪᠠᠢᠨ᠎ᠠ᠃ ᠦᠷᠨᠢᠬᠦᠨ᠂ ᠶᠡᠭᠡ ᠰᠤᠷᠭᠠᠭᠤᠯᠢ᠎ᠳᠤ ᠪᠠᠢᠬᠤ ᠬᠤᠭᠤᠴᠠᠭᠠᠨ᠎ᠳᠠᠭᠠᠨ ᠥᠪᠡᠷ᠎ᠢ᠎ᠪᠠᠨ ᠭᠦᠢᠴᠡᠳ ᠢᠯᠡᠷᠡᠭᠦᠯᠵᠦ᠍᠂ ᠥᠪᠡᠷ᠎ᠢ᠎ᠪᠠᠨ ᠬᠥᠭ᠌ᠵᠢᠭᠦᠯᠵᠦ᠍᠂ ᠬᠦᠰᠡᠯ ᠵᠡᠭᠦᠳᠦ᠎ᠠᠴᠠ᠎ᠪᠠᠨ ᠶᠠᠪᠤᠬᠤ ᠲᠤᠳᠤᠮ ᠣᠢᠷᠠᠳᠴᠤ᠌ ᠴᠢᠳᠠᠬ᠍ᠰᠡᠨ᠎ᠨᠢ ᠭᠡᠷ᠎ᠤᠨ ᠬᠥᠮᠦᠰ᠎ᠨᠢ ᠬᠠᠷᠠᠬᠠᠨ ᠪᠠᠭ᠎ᠠ᠎ᠠᠴᠠ᠎ᠨᠢ ᠲᠡᠭᠦᠨ᠎ᠳᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠥᠮᠦᠵᠢᠯ ᠬᠦᠷᠳᠡᠭᠡᠭ᠌ᠰᠡᠨ᠎ᠠᠴᠠ ᠰᠠᠯᠵᠤ ᠴᠢᠳᠠᠬᠤ ᠦᠭᠡᠢ ᠶᠤᠮ ᠭᠡᠵᠤ ᠬᠡᠯᠡᠨ᠎ᠡ᠃

ᠦᠷᠨᠢᠬᠦᠨ ᠪᠠᠭ᠎ᠠ ᠰᠤᠷᠭᠠᠭᠤᠯᠢ᠎ᠶ᠋ᠢᠨ ᠬᠤᠶᠠᠳᠤᠭᠠᠷ ᠣᠨ᠎ᠠᠴᠠ ᠡᠬᠢᠯᠡᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠪᠠ᠃ ᠲᠤᠬᠠᠢ᠎ᠶ᠋ᠢᠨ ᠦᠶ᠎ᠡ᠎ᠳᠤ ᠪᠦᠷ ᠦᠨᠳᠦᠰᠦᠨ ᠱᠠᠲᠤᠨ᠎ᠳᠤ ᠪᠠᠭ᠍ᠰᠢᠯᠡᠵᠦ᠍ ᠪᠠᠢᠭ᠍ᠰᠠᠨ ᠨᠠᠭᠠᠴᠤ᠌ ᠡᠪᠦᠭᠡ ᠪᠣᠯᠤᠨ ᠠᠪᠤ᠎ᠨᠢ ᠵᠢᠭᠠᠬᠤ ᠮᠠᠲ᠋ᠧᠷᠢᠶᠠᠯ᠎ᠤᠨ ᠠᠭᠤᠯᠭ᠎ᠠ᠎ᠨᠢ ᠬᠠᠷᠢᠴᠠᠩᠭᠤᠢ ᠳᠥᠭᠦᠮᠬᠡᠨ ᠭᠡᠵᠦ᠍᠂ ᠲᠡᠭᠦᠨ᠎ᠳᠤ ᠡᠯ᠎ᠡ ᠲᠦᠷᠦᠯ᠎ᠤᠨ ᠬᠢᠴᠢᠶᠡᠯ᠎ᠤᠨ ᠭᠠᠳᠠᠨᠠᠬᠢ ᠨᠣᠮ ᠪᠢᠴᠢᠭ ᠵᠠᠬᠢᠶᠠᠯᠠᠵᠤ᠂ ᠦᠷᠭᠦᠯᠵᠢ ᠲᠡᠭᠦᠨ᠎ᠢ ᠳᠠᠭᠠᠭᠤᠯᠤᠨ ᠨᠣᠮ᠎ᠤᠨ ᠳᠡᠯᠭᠡᠭᠦᠷ᠎ᠢᠶᠠᠷ ᠲᠣᠭᠤᠷᠢᠵᠤ᠂ ᠲᠡᠭᠦᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠣᠨᠣᠰᠭᠤ᠂ ᠶᠠᠷᠢᠬᠤ᠂ ᠤᠩᠱᠢᠬᠤ᠂ ᠪᠢᠴᠢᠬᠦ᠌ ᠴᠢᠳᠠᠪᠤᠷᠢ᠎ᠶ᠋ᠢ ᠲᠠᠰᠤᠷᠠᠯᠳᠠ ᠦᠭᠡᠢ ᠬᠥᠮᠦᠵᠢᠭᠦᠯᠪᠡ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠬᠤ ᠶᠠᠪᠤᠴᠠ᠎ᠳᠤ ᠦᠷᠨᠢᠭᠦᠨ ᠨᠡᠩ ᠤᠯᠠᠠ ᠱᠢᠨᠵᠢᠯᠡᠬᠦ᠌ ᠤᠬᠠᠭᠠᠨ ᠪᠣᠯᠤᠨ ᠰᠣᠶᠣᠯ ᠢᠷᠭᠡᠨᠱᠢᠯ᠎ᠤᠨ ᠮᠡᠳᠡᠯᠭᠡ᠎ᠶ᠋ᠢ ᠤᠢ᠍ᠢᠯᠠᠭᠠᠵᠤ᠂ ᠤᠲᠤ ᠦᠶ᠎ᠡ᠎ᠶ᠋ᠢᠨ ᠨᠡᠢᠭᠡᠮ᠎ᠳᠤ ᠨᠡᠩ ᠰᠠᠢᠨ ᠠᠭᠤᠰᠤᠯᠴᠠᠵᠠᠢ᠃

ᠰᠤᠷᠤᠯᠴᠠᠯᠭ᠎ᠠ᠎ᠪᠠᠨ ᠭᠦᠨᠵᠡᠭᠡᠢᠷᠡᠬᠦᠯᠬᠦ᠌᠎ᠶ᠋ᠢ ᠳᠠᠭᠠᠯᠳᠤᠨ᠂ ᠦᠷᠨᠢᠭᠦᠨ ᠰᠠᠭᠤᠷᠢ ᠬᠡᠷᠡᠭ᠌ᠯᠡᠯᠳᠡ᠎ᠶ᠋ᠢᠨ ᠲᠠᠪᠬᠤᠷᠭ᠎ᠠ᠎ᠳᠤ ᠰᠡᠳᠭᠢᠯ ᠬᠠᠨᠤᠬᠤ᠎ᠪᠠᠨ ᠪᠤᠯᠢᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠭᠦᠨ ᠳᠠᠪᠬᠤᠷᠭ᠎ᠠ᠎ᠶ᠋ᠢᠨ ᠤᠩᠱᠢᠯᠭ᠎ᠠ᠎ᠶ᠋ᠢᠨ ᠴᠢᠳᠠᠪᠤᠷᠢ᠎ᠪᠠᠨ ᠦᠷᠭᠦᠯᠵᠢᠯᠡᠨ ᠬᠥᠮᠦᠵᠢᠭᠦᠯᠬᠦ᠌᠎ᠶ᠋ᠢ ᠵᠤᠷᠢᠪᠠ᠃ ᠤᠢ᠍ᠢᠷ᠎ᠠ᠎ᠳᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠪᠴᠢ ᠲᠡᠦᠬᠡ》᠂ 《ᠰᠢ᠎ᠶ᠋ᠢᠨ ᠫᠢᠩ ᠪᠣᠯᠤᠨ ᠶᠡᠭᠡ ᠰᠤᠷᠭᠠᠭᠤᠯᠢ᠎ᠶ᠋ᠢᠨ ᠣᠶᠤᠲᠠᠨ ᠨᠠᠢᠵᠠ ᠨᠠᠷ》᠂ 《ᠰᠢ᠎ᠶ᠋ᠢᠨ ᠫᠢᠩ᠎ᠤᠨ ᠰᠡᠬᠡᠭᠡᠲᠡᠨ᠎ᠢᠶᠠᠷ ᠪᠠᠭᠤᠬ᠍ᠰᠠᠨ ᠲᠤᠯᠤᠭᠠᠨ ᠵᠢᠯ》 ᠵᠡᠷᠭᠡ ᠨᠣᠮ᠎ᠤᠳ᠎ᠢ ᠤᠩᠱᠢᠬ᠍ᠰᠠᠨ᠎ᠨᠢ ᠤᠩᠱᠢᠯᠭ᠎ᠠ᠎ᠶ᠋ᠢᠨ ᠲᠦᠪᠱᠢᠨ᠂ ᠰᠣᠶᠣᠯ ᠮᠡᠳᠡᠯᠭᠡ᠎ᠶ᠋ᠢᠨ ᠲᠦᠪᠱᠢᠨ᠎ᠢ᠎ᠨᠢ ᠲᠡᠭᠡᠭ᠌ᠰᠢᠯᠡᠬᠦᠯᠬᠦ᠌᠎ᠶ᠋ᠢᠨ ᠬᠠᠮᠳᠤ᠎ᠳᠤᠨᠢ ᠲᠡᠭᠦᠨ᠎ᠳᠤ ᠬᠢᠵᠠᠭᠠᠯᠠᠰᠢ ᠦᠭᠡᠢ ᠦᠯᠢᠭᠡᠷ ᠳᠠᠭᠤᠷᠢᠶᠠᠯ᠎ᠤᠨ ᠬᠦᠴᠦᠨ ᠣᠯᠭᠤᠪᠠ᠃

ᠰᠠᠶᠢᠬᠠᠨ ᠥᠩᠭᠡᠷᠡᠭ᠌ᠰᠡᠨ ᠵᠤᠨ᠎ᠤ ᠠᠮᠠᠷᠠᠯᠲᠠ᠎ᠳᠤ᠂ ᠦᠷᠨᠢᠭᠦᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠤᠷᠢᠶ᠎ᠠ᠎ᠶ᠋ᠢᠨ ᠡᠷᠬᠢᠯᠡᠭ᠌ᠰᠡᠨ 《ᠠᠷᠪᠠᠨ ᠳᠥᠷᠪᠡᠳᠦᠭᠡᠷ ᠬᠤᠭᠤᠴᠠᠭᠠᠨ᠎ᠤ ᠵᠠᠯᠠᠭᠤ ᠮᠠᠷᠺᠰ᠎ᠤᠨ ᠦᠵᠡᠯᠳᠡᠨ᠎ᠢ ᠬᠥᠮᠦᠵᠢᠭᠦᠯᠬᠦ᠌ ᠢᠨᠵᠧᠨᠧᠷᠢᠩ᠎ᠤᠨ ᠤᠶᠤᠲᠠᠳ᠎ᠤᠨ ᠭᠤᠣᠯᠯᠠᠭ᠍ᠴᠢ ᠪᠣᠯᠪᠠᠰᠤᠷᠠᠯ᠎ᠤᠨ ᠠᠩᠬᠢ》 ᠎ᠳᠤ ᠣᠷᠣᠯᠴᠠᠪᠠ᠃ ᠲᠡᠷᠡ ᠰᠤᠷᠤᠯᠭᠠᠳᠠᠨ ᠮᠥᠷᠲᠡᠭᠡᠨ ᠠᠩᠬᠢ᠎ᠶ᠋ᠢᠨ ᠡᠷᠬᠢᠯᠡᠭ᠌ᠴᠢ᠎ᠶ᠋ᠢᠨ ᠲᠤᠰᠠᠯᠠᠭ᠍ᠴᠢ ᠪᠠᠢᠵᠤ᠂ ᠬᠠᠮᠳᠤ ᠰᠤᠷᠤᠯᠭᠠᠳᠠᠳ᠎ᠲᠠᠢ᠎ᠪᠠᠨ ᠬᠠᠮᠲᠤ 《ᠰᠡᠳᠭᠢᠯ᠎ᠳᠡᠭᠡᠨ ᠢᠲᠡᠭᠡᠯ ᠪᠢᠱᠢᠷᠡᠯ᠎ᠲᠠᠢ᠂ ᠬᠦᠯ ᠳᠣᠣᠷ᠎ᠠ᠎ᠪᠠᠨ ᠬᠦᠴᠦᠨ ᠴᠢᠳᠠᠯ᠎ᠲᠠᠢ》 ᠱᠢᠨ᠎ᠡ ᠴᠠᠭ ᠦᠶ᠎ᠡ᠎ᠶ᠋ᠢᠨ ᠵᠠᠯᠠᠭᠤᠴᠤᠳ ᠪᠣᠯᠬᠤ᠎ᠪᠠᠷ ᠴᠢᠷᠮᠠᠢᠪᠠ᠃

ᠤᠳᠠᠯ ᠦᠭᠡᠶ ᠬᠦᠷᠴᠦ᠍ ᠢᠷᠡᠬᠦ᠌ ᠭᠡᠵᠦ᠍ ᠪᠠᠢᠭ᠎ᠠ ᠶᠡᠭᠡ ᠰᠤᠷᠭᠠᠭᠤᠯᠢ᠎ᠶ᠋ᠢᠨ ᠲᠦᠷᠪᠡᠳᠦᠭᠡᠷ ᠤᠨ᠎ᠤ ᠳᠠᠳᠤᠯᠭ᠎ᠠ᠎ᠨᠢ ᠦᠷᠨᠢᠭᠦᠨ᠎ᠢ ᠰᠡᠳᠭᠢᠯ ᠠᠮᠠᠷ ᠦᠬᠡᠢ ᠮᠦᠷᠳᠡᠭᠡᠨ ᠪᠠᠰᠠ ᠲᠤᠬ᠍ᠳᠤᠯᠤᠭᠤᠯᠤᠨ᠎ᠠ᠃ ᠲᠡᠷᠡ ᠥᠪᠡᠷ᠎ᠤᠨ ᠬᠦᠨᠳᠦᠳᠭᠡᠨ ᠬᠠᠢᠷᠠᠯᠠᠳᠠᠭ ᠪᠠᠭ᠍ᠰᠢ᠎ᠶ᠋ᠢᠨ ᠲᠠᠢᠰᠠᠨ᠎ᠳᠤ ᠭᠠᠷᠤᠬ᠍ᠰᠠᠨ᠎ᠤ ᠲᠠᠷᠠᠭ᠎ᠠ ᠦᠷᠭᠦᠯᠵᠢᠯᠡᠨ ᠰᠠᠢᠳᠤᠷ ᠴᠢᠷᠮᠠᠢᠵᠤ᠂ ᠲᠤᠰᠭᠠᠶ ᠮᠡᠷᠭᠡᠵᠢᠯ᠎ᠤᠨ ᠲᠠᠪᠠᠭᠤᠯᠢᠬ᠎ᠢᠶᠠᠨ ᠪᠠᠳᠠᠷᠠᠭᠤᠯᠬᠤ᠎ᠪᠠᠷ ᠪᠠᠷᠠᠬᠤ ᠥᠬᠡᠶ ᠪᠠᠰᠠ ᠬᠢᠴᠢᠶᠡᠯ᠎ᠤᠨ ᠭᠠᠳᠠᠨᠠᠬᠢ ᠦᠢᠯᠡᠳᠦᠯᠭᠡ᠎ᠶ᠋ᠢᠨ ᠲᠤᠷᠱᠢᠯᠭ᠎ᠠ ᠬᠤᠷᠠᠮᠳᠤᠭᠤᠯᠬᠤ᠎ᠶ᠋ᠢ ᠬᠦᠰᠡᠵᠦ᠍ ᠪᠠᠢᠨ᠎ᠠ᠃ ᠬᠡᠳᠦ᠋ᠢᠪᠡᠷ ᠦᠷᠨᠢᠭᠦᠨ ᠶᠡᠭᠡ ᠰᠤᠷᠭᠠᠭᠤᠯᠢ᠎ᠶ᠋ᠢᠨ ᠠᠮᠢᠳᠤᠷᠠᠯ᠎ᠠᠴᠠ᠎ᠪᠠᠨ ᠤᠳᠠᠯ ᠦᠭᠡᠢ ᠠᠶᠠᠷᠯᠠᠬᠤ ᠪᠣᠯᠪᠠᠴᠤ᠌ ᠲᠡᠷᠡ ᠬᠡᠵᠢᠶᠡᠳᠡ ᠰᠤᠷᠤᠯᠴᠠᠯᠭ᠎ᠠ᠎ᠪᠠᠨ ᠵᠣᠭ᠍ᠰᠣᠬᠤ ᠦᠭᠡᠶ᠃

《〈ᠯᠢᠶᠠᠩ ᠵᠢᠶᠠ ᠾᠧ ᠭᠤᠣᠯ〉 ᠭᠡᠬᠦ᠌ ᠨᠣᠮ᠎ᠳᠤ᠂ ᠶᠡᠷᠦᠩᠬᠡᠢ ᠱᠦᠵᠢ ᠰᠢ᠎ᠶ᠋ᠢᠨ ᠫᠢᠩ 〈ᠪᠡᠶ᠎ᠡ᠎ᠪᠠᠨ ᠵᠠᠰᠠᠵᠦ᠍᠂ ᠭᠡᠷ᠎ᠢᠶᠠᠨ ᠵᠠᠰᠠᠵᠤ᠂ ᠤᠯᠤᠰ᠎ᠢ ᠵᠠᠰᠠᠵᠤ᠂ ᠳᠡᠯᠡᠬᠡᠢ ᠳ᠋ᠠᠬᠢᠨ᠎ᠢ ᠲᠦᠪᠱᠢᠳᠭᠡᠨ᠎ᠡ᠂ ᠮᠠᠨ᠎ᠤ ᠡᠨᠡ ᠦᠶ᠎ᠡ᠎ᠶ᠋ᠢᠨ ᠬᠥᠮᠦᠰ ᠬᠠᠷᠠᠬᠠᠨ ᠪᠠᠭ᠎ᠠ᠎ᠠᠴᠠ᠎ᠪᠠᠨ ᠡᠢᠮᠦᠷᠬᠦᠦ ᠦᠵᠡᠯ ᠰᠠᠨᠠᠭᠠᠨ᠎ᠤ ᠨᠥᠯᠥᠭᠡ᠎ᠶ᠋ᠢ ᠬᠦᠷᠳᠡᠵᠡᠢ᠃ ᠬᠦᠳᠡᠭᠡ ᠪᠠᠭᠤᠬᠤ ᠦᠶ᠎ᠠ᠎ᠳᠤ ᠪᠢ 15 ᠨᠠᠰᠤᠲᠠᠶ᠃ ᠲᠤᠬᠠᠶ᠎ᠶ᠋ᠢᠨ ᠦᠶ᠎ᠡ᠎ᠳᠤ ᠪᠢ ᠭᠡᠷ᠎ᠢᠶᠠᠨ ᠵᠠᠰᠠᠬᠤ᠂ ᠤᠯᠤᠰ᠎ᠢ ᠵᠠᠰᠠᠬᠤ᠂ ᠳᠡᠯᠡᠬᠡᠶ ᠳ᠋ᠠᠬᠢᠨ᠎ᠢ ᠲᠦᠪᠱᠢᠳᠭᠡᠬᠦ᠌ ᠠᠵᠢᠯ᠎ᠢ ᠬᠢᠬᠦ᠌ ᠴᠢᠳᠠᠯ ᠦᠭᠡᠢ ᠪᠠᠢᠭ᠍ᠰᠠᠨ ᠴᠦ᠍᠂ ᠪᠢᠳᠡ ᠣᠲᠣ ᠨᠣᠮ ᠤᠩᠱᠢᠬᠤ᠂ ᠪᠡᠶ᠎ᠡ᠎ᠪᠠᠨ ᠵᠠᠰᠠᠬᠤ᠎ᠶ᠋ᠢ ᠯᠡ ᠬᠢᠵᠦ᠍ ᠲᠠᠢᠯᠤᠨ᠎ᠠ ᠭᠡᠵᠦ᠍ ᠪᠤᠳᠤᠵᠤ ᠪᠠᠢᠬ᠍ᠰᠠᠨ ᠭᠡᠵᠦ᠍ ᠬᠡᠯᠡᠪᠡ〉》᠃ ᠲᠡᠷᠡ᠄ 《ᠪᠢ ᠶᠡᠷᠦᠩᠬᠡᠶ ᠱᠦᠵᠢ᠎ᠶ᠋ᠢᠨ ᠡᠨᠡ ᠬᠦ᠌ ᠱᠢᠷᠭᠠᠭᠤ ᠬᠠᠲᠠᠭᠤᠵᠢᠯᠲᠠᠶ ᠰᠤᠷᠤᠯᠴᠠᠬᠤ ᠵᠣᠷᠢᠭ ᠰᠠᠨᠠᠭ᠎ᠠ᠎ᠶ᠋ᠢ ᠰᠤᠷᠤᠯᠴᠠᠵᠤ᠂ ᠴᠥᠬᠦᠷᠡᠰᠢ ᠥᠬᠡᠶ ᠤᠷᠤᠭ᠍ᠰᠢᠯᠠᠨ᠂ ᠬᠦᠰᠡᠯ ᠵᠡᠭᠦᠳᠦ᠎ᠪᠠᠨ ᠴᠢᠷᠮᠠᠢᠨ ᠪᠡᠶᠡᠯᠡᠭᠦᠯᠦᠨ᠎ᠡ!》 ᠭᠡᠵᠦ᠍ ᠡᠷᠡᠰ ᠪᠠᠳᠤ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号