ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠦᠷᠭᠦᠯᠵᠢᠯᠡᠨ ᠪᠠᠲᠠᠷᠠᠭᠤᠯᠤᠶᠠ
● ᠵᠣᠣ ᠵᠢᠶᠦ᠋ᠨ ᠬᠤᠸᠠ
ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠳᠠᠢᠨ ᠪᠣᠯ ᠱᠢᠨ᠎ᠡ᠎ᠪᠠᠷ ᠮᠡᠨᠳᠦᠯᠡᠭ᠌ᠰᠡᠨ ᠪᠦᠭᠦᠳᠡ ᠨᠠᠢᠷᠠᠮᠳᠠᠬᠤ ᠤᠯᠤᠰ᠎ᠢᠶᠠᠨ ᠬᠠᠮᠠᠭᠠᠯᠠᠵᠤ᠂ ᠣᠯᠠᠨ ᠤᠯᠤᠰ᠎ᠤᠨ ᠡᠩᠬᠡ ᠲᠠᠢᠪᠤᠩ ᠪᠠ ᠱᠢᠳᠤᠷᠭᠤ ᠶᠣᠰᠣ᠎ᠶ᠋ᠢ ᠬᠠᠮᠠᠭᠠᠯᠠᠬᠤ᠎ᠶ᠋ᠢᠨ ᠲᠥᠯᠥᠭᠡ ᠬᠢᠭ᠌ᠰᠡᠨ ᠨᠢᠭᠡ ᠤᠳᠠᠭ᠎ᠠ᠎ᠶ᠋ᠢᠨ ᠲᠦᠷᠢᠮᠡᠬᠡᠢᠯᠡᠯ᠎ᠢ ᠡᠰᠡᠷᠭᠦᠴᠡᠬᠦ᠌ ᠳᠠᠢᠨ ᠪᠤᠯᠬᠤ ᠶᠤᠮ᠃ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠲᠠᠢᠨ᠎ᠤ ᠢᠯᠠᠯᠲᠠ ᠪᠣᠯ ᠳᠤᠮᠳᠠᠳᠤ ᠤᠯᠤᠰ᠎ᠤᠨ ᠠᠷᠠᠳ ᠲᠦᠮᠡᠨ ᠪᠣᠰᠴᠤ᠌ ᠵᠣᠭ᠍ᠰᠣᠭ᠍ᠰᠠᠨᠤ ᠲᠠᠷᠠᠭ᠎ᠠ ᠳᠡᠯᠡᠬᠡᠢ᠎ᠶ᠋ᠢᠨ ᠳᠣᠷᠣᠨᠠᠳᠠᠬᠢᠨ᠎ᠳᠤ ᠰᠡᠬᠦ᠋ᠢᠨ ᠰᠦᠨᠳᠡᠷᠯᠡᠭ᠌ᠰᠡᠨ ᠲᠤᠩᠬᠠᠭ ᠪᠢᠴᠢᠭ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠭ᠍ᠰᠠᠨ ᠴᠢᠬᠤᠯᠠ ᠬᠦᠱᠢᠶ᠎ᠡ ᠲᠡᠮᠳᠡᠭ ᠮᠥᠨ᠂ ᠳᠤᠮᠳᠠᠳᠤ ᠤᠯᠤᠰ ᠪᠠ ᠳᠡᠯᠡᠬᠡᠢ ᠳ᠋ᠠᠬᠢᠨ᠎ᠳᠤ ᠴᠥᠮ ᠴᠢᠬᠤᠯᠠ ᠶᠡᠭᠡ ᠪᠥᠭᠡᠳ ᠠᠯᠤᠰ ᠬᠡᠳᠤ᠎ᠶ᠋ᠢᠨ ᠠᠴᠢ ᠬᠤᠯᠪᠣᠭ᠍ᠳᠠᠯ᠎ᠲᠠᠢ ᠶᠤᠮ᠃ ᠰᠦᠷ ᠳᠠᠯᠠᠢᠴᠠᠲᠠᠶ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠳᠠᠢᠨ᠎ᠤ ᠳᠤᠮᠳᠠ᠂ ᠳᠤᠮᠳᠠᠳᠤ ᠤᠯᠤᠰ᠎ᠤᠨ ᠡᠷᠡᠯᠬᠡᠭ ᠪᠠᠭᠠᠲᠤᠷᠯᠢᠭ ᠠᠷᠠᠳ᠎ᠤᠨ ᠰᠠᠢᠨ ᠳᠤᠷ᠎ᠠ᠎ᠶ᠋ᠢᠨ ᠴᠡᠷᠢᠭ ᠠᠩᠬᠢ᠎ᠶ᠋ᠢᠨ᠎ᠬᠢᠨ ᠡᠬᠡ ᠣᠷᠣᠨ ᠪᠠ ᠠᠷᠠᠳ ᠲᠦᠮᠡᠨ᠎ᠤ ᠠᠱᠢᠭ ᠲᠤᠰᠠ᠎ᠶ᠋ᠢ ᠲᠠᠬᠡᠳᠤᠯᠡᠵᠤ᠂ ᠡᠬᠡ ᠣᠷᠣᠨ ᠪᠠ ᠦᠨᠳᠦᠰᠦᠲᠡᠨ᠎ᠤ᠎ᠪᠠᠨ ᠨᠡᠷ᠎ᠡ ᠬᠦᠨᠳᠦ᠎ᠶ᠋ᠢᠨ ᠲᠥᠯᠥᠭᠡ ᠠᠮᠢ ᠪᠡᠶ᠎ᠡ᠎ᠪᠠᠨ ᠬᠠᠢᠬᠤᠷᠤᠯ ᠦᠭᠡᠢ ᠲᠡᠮᠡᠴᠡᠬᠦ᠌ ᠡᠬᠡ ᠣᠷᠣᠨᠴᠢ ᠦᠵᠡᠯ᠎ᠤᠨ ᠵᠣᠷᠢᠭ ᠰᠠᠨᠠᠭ᠎ᠠ᠂ ᠡᠷᠡᠯᠬᠡᠭ ᠪᠠᠭᠠᠲᠤᠷᠯᠢᠭ ᠦᠬᠦᠵᠤ ᠰᠡᠬᠡᠬᠦ᠌᠎ᠶ᠋ᠢ ᠦᠯᠦ᠍ ᠬᠠᠢᠬᠤᠷᠬᠤ ᠬᠤᠪᠢᠰᠭᠠᠯᠲᠤ ᠪᠠᠭᠠᠲᠤᠷᠯᠢᠭ ᠦᠵᠡᠯ᠎ᠤᠨ ᠵᠣᠷᠢᠭ ᠰᠠᠨᠠᠭ᠎ᠠ᠂ ᠬᠦᠴᠢᠷ ᠪᠡᠷᠬᠡᠱᠢᠶᠡᠯ᠎ᠠᠴᠠ ᠠᠶᠤᠬᠤ ᠦᠭᠡᠢ ᠴᠤᠭ ᠪᠠᠳᠠᠷᠠᠩᠭᠤᠶ ᠪᠠᠢᠳᠠᠭ ᠬᠤᠪᠢᠰᠭᠠᠯᠲᠤ ᠪᠠᠶᠠᠰᠤᠩᠭᠤᠶ ᠦᠵᠡᠯ᠎ᠤᠨ ᠵᠣᠷᠢᠭ ᠰᠠᠨᠠᠭ᠎ᠠ᠂ ᠡᠬᠡ ᠤᠯᠤᠰ ᠪᠠ ᠠᠷᠠᠳ ᠲᠦᠮᠡᠨ᠎ᠠᠴᠠ ᠣᠯᠭᠤᠭ᠍ᠰᠠᠨ ᠡᠭᠦᠷᠭᠡ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠥᠪᠡᠷ᠎ᠤᠨ ᠠᠯᠢᠪᠠ᠎ᠪᠠᠨ ᠬᠠᠷᠠᠮ ᠦᠭᠡᠢ ᠵᠣᠷᠢᠭᠤᠯᠬᠤ ᠬᠤᠪᠢᠰᠭᠠᠯᠲᠤ ᠦᠨᠡᠨᠴᠢ ᠱᠢᠳᠤᠷᠭᠤ ᠵᠣᠷᠢᠭ ᠰᠠᠨᠠᠭ᠎ᠠ᠂ ᠬᠥᠮᠦᠨ ᠲᠥᠷᠥᠯᠬᠢᠲᠡᠨ᠎ᠤ ᠡᠩᠬᠡ ᠲᠠᠢᠪᠤᠩ ᠪᠠ ᠱᠢᠳᠤᠷᠭᠤ ᠶᠣᠰᠣᠨ᠎ᠤ ᠦᠢᠯᠡᠰ᠎ᠤᠨ ᠲᠥᠯᠥᠭᠡ ᠲᠡᠮᠡᠴᠡᠬᠦ᠌ ᠢᠨᠲ᠋ᠧᠷᠨᠠᠼᠢᠣᠨᠠᠯ᠎ᠤᠨ ᠵᠣᠷᠢᠭ ᠰᠠᠨᠠᠭ᠎ᠠ᠎ᠶ᠋ᠢ ᠢᠮᠠᠭ᠍ᠲᠠ ᠪᠠᠳᠠᠷᠠᠭᠤᠯᠵᠤ᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠳᠠᠪᠲᠠᠨ ᠪᠣᠯᠪᠠᠰᠤᠷᠠᠭᠤᠯᠵᠠᠢ᠃ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠤᠪᠢᠰᠭᠠᠯᠲᠤ ᠤᠳᠤᠮᠱᠢᠯ ᠪᠠ ᠤᠶᠤᠨ ᠰᠠᠨᠠᠭᠠᠨ᠎ᠤ ᠴᠠᠳᠢᠭ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠡᠷᠬᠡᠪᠰᠢ ᠡᠭᠦᠷᠢᠳᠡ ᠤᠯᠠᠮᠵᠢᠯᠠᠨ ᠵᠠᠯᠭᠠᠮᠵᠢᠯᠠᠵᠤ᠂ ᠦᠶ᠎ᠡ᠎ᠶ᠋ᠢᠨ ᠦᠶ᠎ᠡ᠎ᠳᠡᠭᠡᠨ ᠪᠠᠳᠠᠷᠠᠭᠤᠯᠬᠤ ᠵᠤᠷᠢᠭ ᠰᠠᠨᠠᠭᠠᠨ᠎ᠤ ᠥᠪ ᠬᠦᠷᠦᠩᠬᠡ ᠮᠥᠨ᠃
ᠡᠬᠡ ᠣᠷᠣᠨᠴᠢ ᠦᠵᠡᠯ᠎ᠤᠨ ᠵᠣᠷᠢᠭ ᠰᠠᠨᠠᠭ᠎ᠠ ᠪᠣᠯ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠵᠣᠷᠢᠭ ᠰᠠᠨᠠᠭ᠎ᠠ᠎ᠶ᠋ᠢᠨ ᠦᠵᠡᠯ ᠰᠠᠨᠠᠭᠠᠨ᠎ᠤ ᠦᠨᠳᠦᠰᠦ ᠰᠤᠷᠪᠤᠯᠵᠢ ᠮᠥᠨ᠃ ᠡᠭᠡ ᠣᠷᠣᠨ ᠪᠠ ᠠᠷᠠᠳ ᠲᠦᠮᠡᠨ᠎ᠤ ᠠᠱᠢᠭ ᠲᠤᠰᠠ ᠪᠣᠯ ᠶᠠᠭᠤᠨ᠎ᠠᠴᠠ ᠴᠤ᠌ ᠡᠷᠬᠢᠮ ᠪᠠᠢᠳᠠᠭ᠃ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠲᠠᠢᠨ᠎ᠤ ᠲᠠᠯᠠᠪᠤᠷ᠎ᠲᠤ 197653 ᠰᠠᠢᠨ ᠳᠤᠷ᠎ᠠ᠎ᠶ᠋ᠢᠨ ᠴᠡᠷᠢᠭ ᠪᠠᠢᠯᠳᠤᠭ᠍ᠴᠢ ᠬᠠᠷᠢ ᠤᠯᠤᠰ᠎ᠤᠨ ᠲᠠᠢᠨ᠎ᠤ ᠲᠠᠯᠠᠪᠤᠷ᠎ᠲᠤ ᠪᠠᠭᠠᠲᠤᠷᠯᠢᠭ᠎ᠢᠶᠠᠷ ᠪᠡᠶ᠎ᠡ ᠦᠷᠡᠭ᠌ᠳᠡᠵᠦ᠍᠂ ᠶᠠᠩ ᠭᠧᠨ ᠰᠧ᠂ ᠬᠤᠸᠠᠩ ᠵᠶ᠋ᠢ ᠭᠤᠸᠠᠩ᠂ ᠴᠢᠦ ᠱᠤᠤ ᠶᠦᠨ ᠵᠡᠷᠭᠡ 30 ᠲᠦᠮᠡ ᠭᠠᠷᠤᠢ ᠪᠠᠭᠠᠲᠤᠷ ᠭᠠᠪᠢᠶᠠᠳᠠᠨ ᠪᠣᠯᠤᠨ 6000 ᠱᠢᠬᠠᠮ ᠭᠠᠪᠢᠶᠠᠳᠠᠨᠤ ᠬᠠᠮᠲᠤ ᠨᠢᠭᠡᠴᠢ ᠴᠣᠯᠭᠤᠷᠠᠨ ᠭᠠᠷᠴᠤ᠌᠂ ᠤᠯᠤᠰ᠎ᠢᠶᠠᠨ ᠬᠠᠢᠷᠠᠯᠠᠬᠤ ᠦᠵᠡᠯ᠎ᠤᠨ ᠵᠣᠷᠢᠭ ᠰᠠᠨᠠᠭᠠᠨ᠎ᠤ ᠬᠦᠱᠢᠶ᠎ᠡ᠎ᠶ᠋ᠢ ᠪᠤᠰᠭᠠᠪᠠ᠃ ᠲᠠᠢᠨ᠎ᠤ ᠲᠠᠯᠠᠪᠤᠷ᠎ᠠᠴᠠ ᠭᠠᠳᠠᠨ᠎ᠠ᠂ ᠪᠦᠬᠦ᠌ ᠤᠯᠤᠰ᠎ᠲᠤ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ᠂ ᠤᠯᠤᠰ ᠣᠷᠣᠨ᠎ᠢᠶᠠᠨ ᠬᠠᠮᠠᠭᠠᠯᠠᠬᠤ ᠰᠦᠷ ᠳᠠᠯᠠᠢᠴᠠᠲᠠᠢ ᠡᠭᠡ ᠣᠷᠣᠨᠴᠢ ᠤᠯᠠᠨ ᠲᠦᠮᠡᠨᠴᠢ ᠬᠥᠳᠡᠯᠭᠡᠭᠡᠨ ᠥᠷᠨᠢᠵᠦ᠍᠂ ᠠᠷᠠᠳ ᠤᠯᠠᠨ ᠰᠠᠢᠨ ᠳᠤᠷ᠎ᠠ᠎ᠠᠴᠠ᠎ᠪᠠᠨ ᠵᠣᠭᠤᠰ ᠮᠥᠩᠭᠦ᠌ ᠡᠳ᠋ ᠪᠣᠳᠠᠰ ᠬᠠᠨᠳᠢᠪᠯᠠᠨ᠂ ᠴᠡᠷᠢᠭ᠎ᠤᠨ ᠬᠡᠷᠡᠭ᠌ᠰᠡᠯ ᠡᠳ᠋ ᠪᠣᠳᠠᠰ ᠴᠤᠭ᠍ᠯᠠᠭᠤᠯᠵᠤ᠂ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠰᠣᠯᠣᠩᠭᠤᠰ᠎ᠲᠤ ᠣᠴᠢᠵᠤ ᠲᠠᠢᠨ ᠬᠢᠬᠦ᠌᠎ᠳᠤ ᠪᠠᠲᠤ ᠴᠢᠩᠭ᠎ᠠ ᠥᠮᠥᠭ ᠲᠦᠱᠢᠭ ᠬᠠᠩᠭᠠᠪᠠ᠃
ᠬᠤᠪᠢᠰᠭᠠᠯᠲᠤ ᠪᠠᠭᠠᠲᠤᠷᠯᠢᠭ ᠦᠵᠡᠯ᠎ᠤᠨ ᠵᠣᠷᠢᠭ ᠰᠠᠨᠠᠭ᠎ᠠ ᠪᠣᠯ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠵᠣᠷᠢᠭ ᠰᠠᠨᠠᠭᠠᠨ᠎ᠤ ᠦᠨᠳᠦᠰᠦᠨ ᠴᠥᠮ᠎ᠡ ᠮᠥᠨ᠃ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠲᠠᠢᠨ ᠪᠣᠯ ᠨᠢᠭᠡ ᠤᠳᠠᠭ᠎ᠠ᠎ᠶ᠋ᠢᠨ ᠬᠦᠴᠦᠨ᠎ᠤ ᠬᠠᠷᠢᠴᠠᠯ᠎ᠢᠶᠠᠷ ᠲᠦᠢᠯ᠎ᠤᠨ ᠶᠡᠭᠡ ᠵᠥᠷᠢᠶ᠎ᠡ᠎ᠲᠠᠢ ᠣᠳᠣᠬᠢᠴᠢᠯᠠᠭ᠍ᠰᠠᠨ ᠲᠠᠢᠨ ᠮᠥᠨ᠃ ᠡᠨᠡ ᠬᠦ᠌ ᠲᠦᠢᠯ᠎ᠤᠨ ᠬᠠᠲᠠᠭᠤ ᠱᠢᠷᠦᠭᠦᠨ ᠳᠠᠢᠨ᠎ᠤ ᠳᠤᠮᠳᠠ᠂ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ ᠰᠣᠯᠣᠩᠭᠤᠰ᠎ᠤᠨ ᠴᠡᠷᠢᠭ ᠠᠷᠠᠳ᠎ᠲᠠᠢ ᠨᠢᠭ᠍ᠲᠠ ᠬᠠᠮᠵᠢᠯᠴᠠᠵᠤ᠂ ᠯᠢᠶᠠᠩ ᠱᠦᠢ ᠳ᠋ᠦᠩ᠎ᠳᠤ ᠠᠩᠬᠠᠨ᠎ᠤ ᠲᠠᠢᠯᠠᠯᠳᠤᠭᠠᠨ ᠬᠢᠵᠦ᠍᠂ ᠶᠦᠨ ᠱᠠᠨ ᠴᠧᠩ᠎ᠳᠤ ᠱᠢᠷᠦᠭᠦᠨ ᠲᠠᠢᠯᠠᠯᠳᠤᠭᠠᠨ ᠬᠢᠵᠦ᠍᠂ ᠴᠢᠩ ᠴᠤᠸᠠᠨ ᠵᠢᠶᠠᠩ ᠮᠥᠷᠡᠨ᠎ᠳᠤ ᠬᠠᠮᠲᠤᠷᠠᠭ᠍ᠰᠠᠨ ᠲᠠᠢᠯᠠᠯᠳᠤᠭᠠᠨ ᠬᠢᠵᠦ᠍᠂ ᠴᠠᠩ᠎ᠶ᠋ᠢᠨ ᠬᠤ᠌ ᠨᠠᠭᠤᠷ᠎ᠲᠤ ᠱᠢᠷᠦᠭᠦᠨ ᠲᠠᠢᠯᠠᠯᠳᠤᠭᠠᠨ ᠬᠢᠵᠦ᠍᠂ ᠵᠠᠯᠭᠠᠭ᠎ᠠ᠎ᠪᠠᠷ 5 ᠤᠳᠠᠭ᠎ᠠ ᠲᠠᠢᠯᠠᠯᠳᠤᠭᠠᠨ ᠬᠢᠪᠡ᠃ ᠡᠭᠦᠨ᠎ᠤ ᠳᠠᠷᠠᠭ᠎ᠠ ᠪᠠᠰᠠ ᠭᠦᠨ ᠰᠡᠷᠭᠡᠢᠯᠡᠯᠲᠡ᠎ᠶ᠋ᠢᠨ ᠵᠢᠭ᠍ᠰᠠᠭᠠᠯ᠎ᠤᠨ ᠭᠠᠵᠠᠷ ᠪᠠᠢᠭᠤᠯᠤᠨ᠂ ᠤᠯᠠᠨ ᠤᠳᠠᠭ᠎ᠠ ᠳᠣᠪᠲᠣᠯᠬᠤ ᠳᠠᠢᠯᠠᠯᠳᠤᠭᠠᠨ ᠬᠢᠵᠦ᠍᠂ 《ᠪᠣᠭᠤᠮᠢᠯᠠᠨ ᠰᠦᠨᠦᠬᠡᠬᠦ᠌ ᠳᠠᠢᠯᠠᠯᠳᠤᠭᠠᠨ》 ᠢ ᠪᠤᠳᠠ ᠨᠢᠷᠭᠡᠵᠦ᠍᠂ 《ᠪᠠᠺᠲ᠋ᠧᠷᠢ᠎ᠶ᠋ᠢᠨ ᠲᠠᠢᠨ》 ᠢ ᠡᠰᠡᠷᠭᠦᠴᠡᠨ ᠬᠤᠷᠢᠭ᠍ᠯᠠᠵᠤ᠂ ᠱᠠᠩ ᠭᠠᠨ ᠯᠢᠩ᠎ᠳᠤ ᠴᠢᠰᠤᠳᠤ ᠪᠠᠢᠯᠳᠤᠭᠠᠨ ᠬᠢᠵᠦ᠍᠂ ᠰᠦᠷ ᠵᠢᠪᠬᠤᠯᠠᠩᠲᠤ ᠳᠠᠢᠨ᠎ᠤ ᠠᠭᠤᠤ ᠦᠢᠯᠡᠰ᠎ᠢ ᠡᠭᠦᠳᠴᠡᠢ᠃ ᠶᠦᠨᠱᠠᠨᠤ ᠲᠠᠢᠯᠠᠯᠳᠤᠭᠠᠨ᠎ᠳᠤ᠂ ᠰᠠᠢᠨ ᠳᠤᠷ᠎ᠠ᠎ᠶ᠋ᠢᠨ ᠴᠡᠷᠢᠭ ᠠᠩᠬᠢ᠎ᠶ᠋ᠢᠨ᠎ᠬᠢᠨ ᠪᠠᠷᠤᠭ᠍ᠳᠠᠢ ᠵᠡᠪᠰᠡᠭ ᠲᠣᠨᠣᠭ᠍ᠯᠠᠯᠢᠶᠠᠷᠢᠶᠠᠨ 《ᠱᠢᠯᠢᠳᠡᠭ ᠳ᠋ᠢᠸᠢᠽᠢ》 ᠬᠡᠮᠡᠭ᠌ᠳᠡᠭ᠌ᠰᠡᠨ ᠠᠮᠧᠷᠢᠺᠠ᠎ᠶ᠋ᠢᠨ ᠮᠣᠷᠢᠲᠤ ᠴᠡᠷᠢᠭ᠎ᠤᠨ ᠨᠢᠭᠡᠳᠤᠭᠡᠷ ᠳ᠋ᠢᠸᠢᠽᠢ᠎ᠶ᠋ᠢ ᠢᠯᠠᠪᠠ᠃ ᠡᠬᠦᠨ᠎ᠠᠴᠠ ᠭᠠᠳᠠᠨ᠎ᠠ᠂ ᠡᠷᠡᠰ ᠱᠢᠭᠤᠷᠬᠠᠢ᠎ᠪᠠᠷ ᠲᠠᠷᠢ᠎ᠶ᠋ᠢᠨ ᠪᠠᠭ᠍ᠯᠠᠭ᠎ᠠ᠎ᠶ᠋ᠢ ᠲᠡᠪᠡᠷᠢᠵᠦ᠍ ᠳᠠᠢᠰᠤᠨ᠎ᠲᠠᠢ ᠬᠠᠮᠲᠤ ᠪᠡᠶ᠎ᠡ ᠦᠷᠡᠭ᠌ᠳᠡᠭ᠌ᠰᠡᠨ ᠶᠠᠩ ᠭᠧᠨ ᠰᠧ᠂ ᠴᠡᠭᠡᠵᠢ᠎ᠪᠠᠷ᠎ᠢᠶᠠᠨ ᠫᠤᠤ᠎ᠶ᠋ᠢᠨ ᠠᠮᠠ᠎ᠶ᠋ᠢ ᠪᠥᠭ᠌ᠯᠡᠵᠤ ᠳᠠᠢᠴᠢᠨ ᠨᠥᠬᠦᠳ᠎ᠤᠨ᠎ᠢᠶᠠᠨ ᠳᠠᠭᠠᠷᠢᠯᠲᠠ᠎ᠳᠤ ᠵᠠᠮ ᠨᠡᠭᠡᠭᠡᠵᠦ᠍ ᠥᠭ᠌ᠭᠦᠭ᠌ᠰᠡᠨ ᠬᠤᠸᠠᠩ ᠵᠶ᠋ᠢ ᠭᠤᠸᠠᠩ᠂ ᠶᠡᠭᠡ ᠫᠤᠤ᠎ᠶ᠋ᠢᠨ ᠰᠤᠮᠤᠨ᠎ᠳᠤ ᠬᠤᠶᠠᠷ ᠬᠦᠯ᠎ᠨᠢ ᠲᠡᠯᠪᠡᠴᠢᠭ᠌ᠳᠡᠭ᠌ᠰᠡᠨ ᠴᠦ᠍ ᠮᠥᠨ ᠯᠡ ᠭᠠᠯ ᠹᠷᠣᠨᠲ᠎ᠠᠴᠠ ᠰᠠᠯᠤᠭ᠍ᠰᠠᠨ ᠦᠬᠡᠢ ᠡᠴᠦᠰ᠎ᠲᠡᠭᠡᠨ ᠭᠠᠷ ᠮᠢᠨ᠎ᠠ᠎ᠪᠠᠨ ᠨᠤᠴᠤᠭᠠᠵᠤ ᠳᠠᠢᠰᠤᠨ᠎ᠲᠠᠢ ᠬᠠᠮᠲᠤ ᠪᠡᠶ᠎ᠡ ᠦᠷᠡᠭ᠌ᠳᠡᠭ᠌ᠰᠡᠨ ᠰᠦᠨ ᠵᠠᠨ ᠶᠤᠸᠠᠨ ᠁ ᠰᠠᠢᠨ ᠳᠤᠷ᠎ᠠ᠎ᠶ᠋ᠢᠨ ᠴᠡᠷᠢᠭ᠎ᠤᠨ ᠳᠠᠷᠤᠭ᠎ᠠ ᠪᠠᠢᠯᠳᠤᠭ᠍ᠴᠢᠳ ᠦᠬᠦᠵᠦ᠍ ᠰᠡᠬᠡᠬᠦ᠌᠎ᠪᠠᠨ ᠦᠯᠦ᠍ ᠬᠠᠢᠬᠤᠷᠬᠤ ᠡᠷᠡᠯᠬᠡᠭ ᠪᠠᠭᠠᠲᠤᠷᠯᠢᠭ ᠵᠣᠷᠢᠭ ᠰᠠᠨᠠᠭ᠎ᠠ᠎ᠪᠠᠷ ᠲᠦᠷᠢᠮᠡᠬᠡᠢᠯᠡᠭ᠌ᠴᠢᠳ᠎ᠢ ᠢᠯᠠᠵᠤ᠂ ᠠᠭᠤᠤ ᠶᠡᠭᠡ ᠬᠤᠪᠢᠰᠭᠠᠯᠲᠤ ᠪᠠᠭᠠᠲᠤᠷᠯᠢᠭ ᠦᠵᠡᠯ᠎ᠤᠨ ᠵᠣᠷᠢᠭ ᠰᠠᠨᠠᠭ᠎ᠠ᠎ᠶ᠋ᠢ ᠱᠤᠭᠤᠵᠠᠢ᠃
ᠬᠤᠪᠢᠰᠭᠠᠯᠲᠤ ᠪᠠᠶᠠᠰᠤᠩᠭᠤᠶ ᠦᠵᠡᠯ᠎ᠤᠨ ᠵᠣᠷᠢᠭ ᠰᠠᠨᠠᠭ᠎ᠠ ᠪᠣᠯ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠵᠣᠷᠢᠭ ᠰᠠᠨᠠᠭᠠᠨ᠎ᠤ ᠢᠯᠡ ᠲᠣᠳᠣ ᠣᠨᠴᠠᠯᠢᠭ ᠮᠥᠨ᠃ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠲᠠᠢᠨ ᠪᠣᠯ ᠤᠯᠤᠰ᠎ᠤᠨ ᠬᠦᠴᠦᠨ ᠪᠠ ᠴᠡᠷᠢᠭ᠎ᠤᠨ ᠬᠦᠴᠦᠨ᠎ᠤ ᠬᠠᠷᠢᠴᠠᠯ ᠬᠦᠨᠳᠦ ᠨᠣᠴᠢᠲᠠᠶ ᠲᠡᠩᠴᠡᠭᠦᠷᠢ᠎ᠪᠠᠨ ᠠᠯᠳᠠᠭ᠍ᠰᠠᠨ ᠤᠯᠤᠰ᠎ᠤᠨ ᠬᠤᠭᠤᠷᠣᠨᠳᠣᠬᠢ ᠦᠵᠡᠯᠴᠡᠭᠡᠨ ᠪᠤᠯᠬᠤ ᠶᠤᠮ᠃ ᠲᠤᠬᠠᠶ᠎ᠶ᠋ᠢᠨ ᠦᠶ᠎ᠡ᠎ᠳᠤ ᠳᠤᠮᠳᠠᠳᠤ ᠤᠯᠤᠰ᠎ᠤᠨ ᠠᠵᠤ ᠦᠢᠯᠡᠳᠪᠦᠷᠢ᠎ᠶ᠋ᠢᠨ ᠦᠢᠯᠡᠳᠬᠦᠨ᠎ᠤ ᠶᠡᠷᠦᠩᠬᠡᠶ ᠦᠷᠳᠡᠭ ᠳᠡᠯᠡᠬᠡᠶ᠎ᠶ᠋ᠢᠨ 26 ᠳ᠋ᠤᠭᠠᠷ᠎ᠲᠤ ᠯᠠ ᠣᠷᠣᠵᠤ ᠪᠠᠢᠪᠠ᠂ ᠭᠡᠲᠡᠯ᠎ᠡ ᠠᠮᠧᠷᠢᠺᠠ᠎ᠶ᠋ᠢᠨ ᠠᠵᠤ ᠠᠬᠤᠶ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠣᠳᠠᠲᠤ ᠬᠦᠴᠦᠨ ᠪᠦᠷ ᠳᠡᠯᠡᠬᠡᠶ᠎ᠶ᠋ᠢᠨ ᠲᠡᠷᠢᠭᠦᠨ᠎ᠳᠤ ᠤᠷᠤᠱᠢᠵᠤ᠂ ᠠᠵᠤ ᠦᠢᠯᠡᠳᠪᠦᠷᠢ᠎ᠶ᠋ᠢᠨ ᠦᠢᠯᠡᠳᠬᠦᠨ᠎ᠤ ᠦᠷᠳᠡᠭ᠎ᠨᠢ ᠪᠦᠬᠦ᠌ ᠪᠥᠮᠪᠥᠷᠴᠡᠭ᠎ᠤᠨ 40% ᠶ᠋ᠢ ᠡᠵᠡᠯᠡᠵᠦ᠍ ᠪᠠᠢᠪᠠ᠃ ᠠᠮᠧᠷᠢᠺᠠ᠎ᠶ᠋ᠢᠨ᠎ᠬᠢᠨ ᠲᠤᠬᠠᠢ᠎ᠶ᠋ᠢᠨ ᠦᠶ᠎ᠡ᠎ᠶ᠋ᠢᠨ ᠬᠠᠮᠤᠭ᠎ᠤᠨ ᠱᠢᠨ᠎ᠡ ᠵᠡᠪᠰᠡᠭ ᠲᠣᠨᠣᠭ᠍ᠯᠠᠯ᠎ᠢ ᠡᠵᠡᠮᠱᠢᠵᠦ᠍᠂ ᠣᠳᠣᠬᠢᠴᠢᠯᠠᠭ᠍ᠰᠠᠨ ᠡᠯ᠎ᠡ ᠴᠡᠷᠢᠭ᠎ᠤᠨ ᠲᠦᠷᠦᠯ᠎ᠤᠨ ᠬᠠᠮᠲᠤᠷᠠᠭ᠍ᠰᠠᠨ ᠪᠠᠢᠯᠳᠤᠭᠠᠨ᠎ᠢ ᠬᠡᠷᠡᠭ᠌ᠵᠢᠭᠦᠯᠵᠦ᠍ ᠪᠠᠢᠪᠠ᠃ ᠭᠡᠲᠡᠯ᠎ᠡ ᠲᠡᠢᠠᠤ ᠡᠬᠢᠨ᠎ᠤ ᠦᠶ᠎ᠡ᠎ᠳᠤ ᠮᠠᠨ᠎ᠤ ᠤᠯᠤᠰ᠎ᠲᠤ ᠲᠡᠯᠡᠢ᠎ᠶ᠋ᠢᠨ ᠴᠡᠷᠢᠭ ᠪᠠᠢᠬᠤ ᠤᠢ᠍ᠭᠡᠢ ᠮᠥᠷᠲᠡᠭᠡᠨ ᠠᠭᠠᠷ᠎ᠤᠨ ᠴᠡᠷᠢᠭ ᠴᠦ᠍ ᠪᠠᠢᠬᠤ ᠤᠢ᠍ᠭᠡᠢ᠂ ᠦᠨᠳᠦᠰᠦᠨ᠎ᠳᠡᠭᠡᠨ ᠶᠠᠪᠠᠭᠠᠨ ᠴᠡᠷᠢᠭ ᠪᠠ ᠴᠥᠭᠡᠨ ᠲᠣᠭᠠᠨ᠎ᠤ ᠶᠡᠭᠡ ᠫᠤᠤᠲᠤ ᠴᠡᠷᠢᠭ᠎ᠲᠤ ᠲᠦᠱᠢᠭ᠌ᠯᠡᠨ ᠪᠠᠢᠯᠳᠤᠭᠠᠨ ᠬᠢᠵᠦ᠍ ᠪᠠᠢᠪᠠ᠃ ᠶᠠᠭ ᠰᠠᠢᠨ ᠳᠤᠷ᠎ᠠ᠎ᠶ᠋ᠢᠨ ᠴᠡᠷᠢᠭ᠎ᠤᠨ ᠺᠤᠮᠠᠨᠳᠠᠯᠠᠭ᠍ᠴᠢ ᠫᠧᠩ ᠳ᠋ᠧ ᠬᠤᠸᠠᠢ᠎ᠶ᠋ᠢᠨ ᠬᠡᠯᠡᠭ᠌ᠰᠡᠨᠴᠢᠯᠡᠨ 《ᠪᠢᠳᠡ ᠨᠢᠭᠡ ᠯᠡ ᠲᠦᠷᠦᠯ᠎ᠤᠨ ᠴᠡᠷᠢᠭ᠎ᠢᠶᠠᠷ ᠭᠤᠷᠪᠠᠨ ᠲᠦᠷᠦᠯ᠎ᠤᠨ ᠴᠡᠷᠢᠭ᠎ᠢ ᠴᠤᠬᠢᠵᠤ ᠪᠠᠢᠨ᠎ᠠ》᠃ ᠭᠡᠪᠡᠴᠦ᠍ ᠶᠠᠭ ᠡᠢᠮᠦᠷᠬᠦᠦ ᠪᠣᠳᠠᠲᠤ ᠬᠦᠴᠦᠨ᠎ᠤ ᠵᠦᠷᠢᠶ᠎ᠡ ᠶᠡᠭᠡ᠎ᠲᠠᠢ ᠦᠵᠡᠯᠴᠡᠭᠡᠨ᠎ᠤ ᠳᠤᠮᠳᠠ᠂ ᠬᠤᠪᠢᠰᠭᠠᠯᠲᠤ ᠪᠠᠶᠠᠰᠤᠩᠭᠤᠢ ᠦᠵᠡᠯ᠎ᠤᠨ ᠵᠣᠷᠢᠭ ᠰᠠᠨᠠᠭ᠎ᠠ ᠭᠦᠢᠴᠡᠳ ᠪᠠᠳᠠᠷᠠᠨ ᠬᠠᠲᠠᠭᠤᠵᠢᠵᠤ᠂ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ ᠴᠢᠰᠤ ᠮᠢᠬ᠎ᠠ᠎ᠪᠠᠷ᠎ᠢᠶᠠᠨ ᠠᠮᠧᠷᠢᠺᠠ᠎ᠶ᠋ᠢᠨ ᠴᠡᠷᠢᠭ᠎ᠤᠨ 《ᠪᠤᠯᠤᠳ ᠲᠡᠮᠤᠷ᠎ᠤᠨ ᠦᠶᠡᠷ》 ᠢ ᠴᠣᠬᠢᠨ ᠤᠬᠤᠷᠢᠭᠤᠯᠵᠤ᠂ ᠪᠠᠭᠤᠷᠠᠢ᠎ᠪᠠᠷ ᠬᠦᠴᠦᠷᠬᠡᠭ᠎ᠢ ᠢᠯᠠᠭ᠍ᠰᠠᠨ ᠠᠮᠵᠢᠯᠲᠠ᠎ᠲᠠᠢ ᠦᠯᠢᠭᠡᠷ ᠵᠢᠱ᠌ᠢᠶ᠎ᠡ᠎ᠶ᠋ᠢ ᠡᠭᠦᠳᠪᠡ᠃ 《ᠣᠨᠴᠠ ᠳᠡᠰ᠎ᠤᠨ ᠪᠠᠭᠠᠲᠤᠷ》 ᠶᠠᠩ ᠭᠧᠨ ᠰᠧ ᠠᠮᠢᠳᠤ ᠰᠡᠷᠡᠭᠦᠨ ᠪᠠᠢᠬᠤ᠎ᠳᠠᠭᠠᠨ᠄ 《ᠪᠡᠶᠡᠯᠡᠭᠦᠯᠵᠦ᠍ ᠳᠡᠢᠯᠬᠦ᠌ ᠦᠭᠡᠢ ᠡᠭᠦᠷᠭᠡ ᠪᠠᠢᠨ᠎ᠠ ᠭᠡᠳᠡᠭ᠎ᠢ ᠢᠲᠡᠭᠡᠬᠦ᠌ ᠦᠭᠡᠢ!》 《ᠳᠠᠪᠠᠵᠤ ᠳᠡᠢᠯᠬᠦ᠌ ᠦᠭᠡᠢ ᠬᠦᠴᠢᠷᠳᠡᠯ ᠪᠠᠢᠨ᠎ᠠ ᠭᠡᠳᠡᠭ᠎ᠢ ᠢᠲᠡᠭᠡᠬᠦ᠌ ᠦᠭᠡᠢ!》 《ᠢᠯᠠᠵᠤ ᠴᠢᠳᠠᠬᠤ ᠦᠭᠡᠢ ᠳᠠᠢᠰᠤᠨ ᠪᠠᠢᠨ᠎ᠠ ᠭᠡᠳᠡᠭ᠎ᠢ ᠢᠲᠡᠭᠡᠬᠦ᠌ ᠦᠭᠡᠢ!》 ᠭᠡᠵᠦ᠍ ᠬᠡᠯᠡᠵᠦ᠍ ᠦᠡᠭ᠌ᠭᠡᠷᠡᠪᠡ᠃ ᠡᠨᠡ ᠪᠤᠯ ᠶᠠᠭ ᠬᠦᠴᠢᠷ ᠪᠡᠷᠬᠡᠱᠢᠶᠡᠯ᠎ᠠᠴᠠ ᠠᠶᠤᠬᠤ ᠦᠭᠡᠢ᠂ ᠣᠮᠤᠭ ᠲᠡᠭᠦᠯᠳᠡᠷ ᠬᠤᠪᠢᠰᠭᠠᠯᠲᠤ ᠪᠠᠶᠠᠰᠤᠩᠭᠤᠢ ᠦᠵᠡᠯ᠎ᠤᠨ ᠵᠣᠷᠢᠭ ᠰᠠᠨᠠᠭ᠎ᠠ᠎ᠶ᠋ᠢ ᠢᠮᠠᠭ᠍ᠲᠠ ᠪᠠᠷᠢᠮᠲᠠᠯᠠᠭ᠍ᠰᠠᠨᠤ ᠠᠮᠢᠳᠤᠯᠢᠭ ᠵᠢᠷᠤᠭ᠍ᠯᠠᠯ ᠶᠤᠮᠰᠠᠨ᠃
ᠬᠤᠪᠢᠰᠭᠠᠯᠲᠤ ᠦᠨᠡᠨᠴᠢ ᠱᠢᠳᠤᠷᠭᠤ ᠵᠣᠷᠢᠭ ᠰᠠᠨᠠᠭ᠎ᠠ ᠪᠣᠯ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠵᠣᠷᠢᠭ ᠰᠠᠨᠠᠭᠠᠨ᠎ᠤ ᠢᠯᠠᠯᠲᠠ ᠤᠯᠤᠭ᠍ᠰᠠᠨ ᠨᠢᠭᠤᠴᠠ ᠨᠣᠮᠧᠷ ᠮᠥᠨ᠃ ᠭᠠᠭ᠍ᠴᠠ ᠬᠦ᠌ ᠨᠠᠮ ᠪᠠ ᠠᠷᠠᠳ ᠲᠦᠮᠡᠨ᠎ᠳᠤ 《ᠬᠤᠪᠢᠰᠭᠠᠯᠲᠤ ᠦᠨᠡᠨᠴᠢ ᠱᠢᠳᠤᠷᠭᠤ》 ᠪᠠᠢᠪᠠᠯ ᠰᠠᠶᠢ ᠶᠠᠭᠤᠨ᠎ᠠᠴᠠ ᠴᠤ᠌ ᠠᠶᠤᠬᠤ ᠦᠭᠡᠢ ᠪᠠᠭᠠᠲᠤᠷᠯᠢᠭ ᠰᠥᠰᠥ᠍ ᠵᠣᠷᠢᠭ ᠪᠠ ᠡᠷᠡᠰ ᠪᠠᠲᠤ ᠠᠭᠤᠤ ᠶᠡᠭᠡ ᠦᠢᠯᠡᠰ ᠪᠠᠢᠵᠤ ᠴᠢᠳᠠᠨ᠎ᠠ᠃ ᠴᠠᠩ᠎ᠶ᠋ᠢᠨ ᠬᠤ᠌ ᠨᠠᠭᠤᠷ᠎ᠤᠨ ᠳᠠᠢᠯᠠᠯᠳᠤᠭᠠᠨ᠎ᠳᠤ᠂ ᠰᠠᠢᠨ ᠳᠤᠷ᠎ᠠ᠎ᠶ᠋ᠢᠨ ᠴᠡᠷᠢᠭ ᠪᠠᠢᠯᠳᠤᠭ᠍ᠴᠢᠳ ᠲᠡᠭ᠎ᠠᠴᠠ ᠳᠣᠭᠤᠭ᠍ᠰᠢ 40 ᠭᠷᠠᠳᠦ᠋ᠰ᠎ᠤᠨ ᠬᠠᠬᠢᠷ ᠬᠦᠢᠳᠡᠨ ᠪᠠᠬᠢᠯᠡᠯᠲᠡ ᠳᠡᠭᠡᠷ᠎ᠡ ᠡᠯᠢᠭᠡᠲᠡᠨ ᠬᠡᠪᠲᠡᠵᠦ᠍᠂ ᠪᠤᠯᠤᠳ ᠫᠤᠤ ᠪᠠ ᠭᠠᠷᠨᠠᠲᠠ᠎ᠪᠠᠨ ᠠᠳᠭᠤᠨ᠂ ᠲᠡᠷᠢ ᠲᠡᠭ᠌ᠰᠢ ᠪᠠᠢᠯᠳᠤᠭᠠᠨ᠎ᠤ ᠡᠩᠨᠡᠭᠡ ᠪᠠ ᠪᠠᠢᠯᠳᠤᠭᠠᠨ᠎ᠤ ᠳᠦᠷᠰᠦ ᠪᠠᠢᠳᠠᠯ᠎ᠢᠶᠠᠨ ᠬᠠᠳᠠᠭᠠᠯᠠᠪᠠ᠃ ᠲᠡᠳᠡᠨ᠎ᠤ ᠪᠡᠶ᠎ᠡ ᠳᠡᠭᠡᠷᠡᠬᠢ ᠡᠭᠦᠷᠭᠡ ᠬᠠᠷᠢᠭᠤᠴᠠᠯᠭ᠎ᠠ᠎ᠪᠠᠨ ᠭᠤᠲᠤᠭᠠᠬᠤ ᠦᠭᠡᠢ ᠪᠠᠲᠤ ᠴᠢᠩᠭ᠎ᠠ ᠬᠦᠰᠡᠯᠡᠩ ᠢᠲᠡᠭᠡᠯ ᠪᠢᠱᠢᠷᠡᠯ᠂ ᠡᠬᠡ ᠤᠯᠤᠰ᠎ᠤᠨ᠎ᠢᠶᠠᠨ ᠲᠥᠯᠥᠭᠡ ᠠᠮᠢ ᠪᠡᠶ᠎ᠡ᠎ᠪᠠᠨ ᠵᠣᠷᠢᠭᠤᠯᠬᠤ ᠴᠢᠩ ᠦᠨᠡᠨᠴᠢ ᠰᠡᠳᠭᠢᠯ᠎ᠨᠢ ᠬᠤᠪᠢᠰᠭᠠᠯ᠎ᠤᠨ ᠦᠨᠡᠨᠴᠢ ᠱᠢᠳᠤᠷᠭᠤ ᠵᠣᠷᠢᠭ ᠰᠠᠨᠠᠭᠠᠨ᠎ᠤ ᠠᠮᠢᠳᠤᠯᠢᠭ ᠵᠢᠷᠤᠭ᠍ᠯᠠᠯ ᠪᠣᠯᠵᠠᠢ᠃ 43 ᠡᠳᠦᠷ ᠦᠷᠭᠦᠯᠵᠢᠯᠡᠭ᠌ᠰᠡᠨ ᠱᠠᠩ ᠭᠠᠨ ᠯᠢᠩ᠎ᠤᠨ ᠳᠠᠢᠯᠠᠯᠳᠤᠭᠠᠨ᠎ᠳᠤ᠂ ᠳᠠᠢᠰᠤᠨ ᠮᠠᠨ᠎ᠤ ᠴᠡᠷᠢᠭ᠎ᠤᠨ ᠪᠠᠬᠢᠯᠡᠯᠲᠡ ᠵᠦᠭ 190 ᠭᠠᠷᠤᠢ ᠲᠦᠮᠡᠨ ᠶᠡᠭᠡ ᠫᠤᠤ᠎ᠶ᠋ᠢᠨ ᠰᠤᠮᠤ ᠬᠠᠷᠪᠤᠵᠤ᠂ 5000 ᠭᠠᠷᠤᠢ ᠳᠡᠯᠪᠡᠴᠢᠬᠦ᠌ ᠪᠥᠮᠪᠦᠭᠡ ᠱᠢᠳᠡᠨ᠂ 3.7 ᠲᠡᠭ᠌ᠰᠢ ᠳᠥᠷᠪᠡᠯᠵᠢᠨ ᠺᠢᠯᠣᠮᠧᠲᠷ᠎ᠤᠨ ᠪᠠᠬᠢᠯᠡᠯᠲᠡ᠎ᠶ᠋ᠢ 2 ᠮᠧᠲᠷ ᠲᠤᠷᠤᠭ᠍ᠰᠢᠯᠠᠭᠤᠯᠤᠭ᠍ᠰᠠᠨ ᠪᠣᠯᠪᠠᠴᠤ᠌ ᠶᠡᠷᠦ᠎ᠨᠢ ᠨᠢᠭᠡ ᠠᠯᠬᠤᠮ ᠴᠤ᠌ ᠤᠷᠤᠭ᠍ᠰᠢᠯᠠᠵᠤ ᠴᠢᠳᠠᠭ᠍ᠰᠠᠨ ᠦᠭᠡᠢ᠃ ᠰᠠᠢᠨ ᠳᠤᠷ᠎ᠠ᠎ᠶ᠋ᠢᠨ ᠴᠡᠷᠢᠭ᠎ᠤᠨ ᠳᠠᠷᠤᠭ᠎ᠠ ᠪᠠᠢᠯᠳᠤᠭ᠍ᠴᠢᠳ ᠡᠷᠡᠯᠬᠡᠭ ᠪᠠᠭᠠᠲᠤᠷᠯᠢᠭ ᠡᠷᠡᠰ ᠬᠠᠲᠠᠭᠤ ᠲᠠᠢᠴᠢᠨ ᠰᠤᠷᠲᠠᠯ᠎ᠢᠶᠠᠨ ᠪᠠᠳᠠᠷᠠᠭᠤᠯᠵᠤ᠂ ᠠᠮᠤ ᠪᠤᠳᠠᠭ᠎ᠠ᠂ ᠤᠰᠤ᠂ ᠰᠤᠮᠤ ᠲᠠᠷᠢ ᠳᠤᠲᠠᠭ᠍ᠳᠠᠵᠤ ᠪᠠᠢᠭ᠎ᠠ ᠬᠦᠨᠳᠦ ᠨᠣᠴᠢᠲᠠᠶ ᠬᠦᠴᠢᠷᠳᠡᠯ᠎ᠢ ᠢᠯᠠᠨ ᠳᠠᠪᠠᠵᠤ᠂ ᠳᠠᠢᠰᠤᠨ᠎ᠤ 650 ᠭᠠᠷᠤᠶ ᠤᠳᠠᠭ᠎ᠠ᠎ᠶ᠋ᠢᠨ ᠲᠠᠭᠠᠷᠢᠯᠳᠠ᠎ᠶ᠋ᠢ ᠴᠣᠬᠢᠨ ᠤᠬᠤᠷᠢᠭᠤᠯᠵᠤ᠂ 25000 ᠭᠠᠷᠤᠶ ᠳᠠᠢᠰᠤᠨ᠎ᠢ ᠤᠰᠠᠳᠭᠠᠨ᠂ ᠳᠠᠢᠰᠤᠨ᠎ᠤ ᠭᠤᠷᠢᠳᠠᠯᠭ᠎ᠠ᠎ᠶ᠋ᠢ ᠲᠦᠢᠯᠪᠤᠷᠢᠲᠠᠶ ᠪᠤᠳᠠ ᠨᠢᠷᠭᠡᠵᠤ᠂ ᠡᠬᠡ ᠤᠯᠤᠰ ᠪᠣᠯᠤᠨ ᠠᠷᠠᠳ ᠲᠦᠮᠡᠨ᠎ᠤ ᠳᠠᠭᠠᠭᠠᠯᠭᠠᠭ᠍ᠰᠠᠨ ᠡᠭᠦᠷᠭᠡ᠎ᠶ᠋ᠢ ᠪᠡᠶᠡᠯᠡᠭᠦᠯᠵᠦ᠍᠂ ᠳᠤᠷᠠᠲᠠᠶ᠎ᠠ ᠥᠪᠡᠷ᠎ᠤᠨ ᠠᠯᠢᠪᠠ᠎ᠪᠠᠨ ᠵᠣᠷᠢᠭᠤᠯᠬᠤ ᠬᠤᠪᠢᠰᠭᠠᠯᠲᠤ ᠦᠨᠡᠨᠴᠢ ᠱᠢᠳᠤᠷᠭᠤ ᠵᠣᠷᠢᠭ ᠰᠠᠨᠠᠭ᠎ᠠ᠎ᠶ᠋ᠢ ᠠᠮᠢᠳᠤᠯᠢᠭ᠎ᠢᠶᠠᠷ ᠲᠠᠢᠯᠪᠤᠷᠢᠯᠠᠪᠠ᠃
ᠢᠨᠲ᠋ᠧᠷᠨᠠᠼᠢᠣᠨᠠᠯ᠎ᠤᠨ ᠵᠣᠷᠢᠭ ᠰᠠᠨᠠᠭ᠎ᠠ ᠪᠣᠯ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠵᠣᠷᠢᠭ ᠰᠠᠨᠠᠭᠠᠨ᠎ᠤ ᠴᠢᠬᠤᠯᠠ ᠬᠥᠳᠡᠯᠭᠡᠬᠦ᠌ ᠬᠦᠴᠦᠨ ᠮᠥᠨ᠃ ᠰᠣᠯᠣᠩᠭᠤᠰ ᠬᠤᠢᠭ ᠳᠤᠮᠳᠠᠳᠤ ᠤᠯᠤᠰ᠎ᠲᠠᠢ ᠠᠭᠤᠯᠠ ᠤᠰᠤ᠎ᠪᠠᠷ᠎ᠢᠶᠠᠨ ᠵᠠᠯᠭᠠᠯᠳᠤᠨ᠂ ᠨᠠᠮ᠎ᠤᠨ ᠲᠥᠪ ᠬᠤᠷᠢᠶ᠎ᠠ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ᠂ ᠤᠯᠤᠰ ᠣᠷᠣᠨ᠎ᠢᠶᠠᠨ ᠬᠠᠮᠠᠭᠠᠯᠠᠬᠤ ᠪᠠᠢᠯᠳᠤᠬᠤ ᠪᠤᠳᠤᠯᠭ᠎ᠠ᠎ᠶ᠋ᠢᠨ ᠱᠢᠢᠳᠪᠦᠷᠢᠲᠦ ᠪᠤᠳᠤᠯᠭ᠎ᠠ ᠭᠠᠷᠭᠠᠵᠤ᠂ ᠳᠤᠮᠳᠠᠳᠤ ᠤᠯᠤᠰ᠎ᠤᠨ ᠠᠮᠤᠷ ᠲᠦᠪᠱᠢᠨ ᠪᠣᠯᠤᠨ ᠬᠥᠭ᠌ᠵᠢᠯᠲᠡ᠎ᠶ᠋ᠢᠨ ᠠᠱᠢᠭ ᠲᠤᠰᠠ᠎ᠠᠴᠠ ᠡᠭᠦᠰᠭᠦ᠎ᠪᠠᠷ ᠪᠠᠷᠠᠬᠤ ᠦᠬᠡᠢ᠂ ᠰᠣᠯᠣᠩᠭᠤᠰ᠎ᠤᠨ ᠠᠷᠠᠳ ᠲᠦᠮᠡᠨ᠎ᠤ ᠦᠨᠳᠦᠰᠦᠲᠡᠨ᠎ᠤ ᠴᠢᠯᠥᠭᠡᠯᠡᠯᠲᠡ᠎ᠶ᠋ᠢᠨ ᠦᠢᠯᠡᠰ᠎ᠢ ᠴᠦ᠍ ᠪᠣᠳᠣᠯᠬᠢᠯᠠᠵᠤ᠂ ᠨᠡᠩ ᠴᠤ᠌ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠨ ᠠᠬᠢᠭᠤᠯᠬᠤ᠎ᠶ᠋ᠢ ᠪᠣᠳᠣᠯᠬᠢᠯᠠᠭ᠍ᠰᠠᠨ ᠶᠤᠮ᠃ ᠶᠡᠷᠦᠩᠬᠡᠢ ᠱᠦᠵᠢ ᠰᠢ᠎ᠶ᠋ᠢᠨ ᠫᠢᠩ᠄ 《ᠳᠤᠮᠳᠠᠳᠤᠴᠤᠳ ᠪᠣᠯ ᠤᠯᠤᠰ᠎ᠢᠶᠠᠨ ᠬᠠᠢᠷᠠᠯᠠᠬᠤ ᠦᠵᠡᠯ᠎ᠢ ᠡᠷᠬᠢᠮᠯᠡᠳᠡᠭ᠂ ᠡᠭᠦᠨ᠎ᠤ ᠬᠠᠮᠲᠤ ᠪᠢᠳᠡ ᠪᠠᠰᠠ ᠳᠡᠯᠡᠬᠡᠢ᠎ᠶ᠋ᠢᠨ ᠬᠠᠷᠠᠭᠠᠰᠤ ᠪᠣᠯᠤᠨ ᠳᠡᠯᠡᠬᠡᠢ᠎ᠶ᠋ᠢᠨ ᠬᠡᠬᠦᠳᠡᠭ ᠴᠡᠭᠡᠵᠢ᠎ᠲᠠᠢ ᠶᠤᠮ᠃ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠳᠠᠢᠨ ᠪᠣᠯ ᠡᠩᠬᠡ ᠲᠠᠢᠪᠤᠩ᠎ᠢ ᠬᠠᠮᠠᠭᠠᠯᠠᠭ᠍ᠰᠠᠨ᠂ ᠲᠦᠷᠢᠮᠡᠬᠡᠢᠯᠡᠯ᠎ᠢ ᠡᠰᠡᠷᠭᠦᠴᠡᠭ᠌ᠰᠡᠨ ᠱᠢᠳᠤᠷᠭᠤ ᠳᠠᠢᠨ ᠮᠥᠨ᠂ ᠢᠨᠲ᠋ᠧᠷᠨᠠᠼᠢᠣᠨᠠᠯ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠤᠭ᠍ᠰᠠᠨ ᠱᠢᠳᠤᠷᠭᠤ ᠳᠠᠢᠨ ᠮᠥᠨ᠃ ᠡᠨᠡ ᠤᠳᠠᠭ᠎ᠠ᠎ᠶ᠋ᠢᠨ ᠱᠢᠳᠤᠷᠭᠤ ᠶᠣᠰᠣᠨ᠎ᠤ ᠲᠠᠢᠨ᠎ᠨᠢ ᠰᠠᠢᠨ ᠳᠤᠷ᠎ᠠ᠎ᠶ᠋ᠢᠨ ᠴᠡᠷᠢᠭ᠎ᠤᠨ ᠳᠠᠷᠤᠭ᠎ᠠ ᠪᠠᠢᠯᠳᠤᠭ᠍ᠴᠢᠳ᠎ᠤᠨ ᠪᠠᠢᠯᠳᠤᠬᠤ ᠲᠤᠳᠤᠮ ᠡᠷᠡᠯᠬᠡᠭ ᠪᠠᠭᠠᠲᠤᠷᠯᠢᠭ ᠴᠤᠭ ᠪᠠᠳᠠᠷᠠᠩᠭᠤᠢ ᠲᠡᠮᠡᠴᠡᠯ᠎ᠤᠨ ᠵᠣᠷᠢᠭ᠎ᠢ ᠬᠥᠭ᠌ᠵᠢᠭᠡᠭ᠌ᠰᠡᠨ ᠮᠥᠷᠲᠡᠭᠡᠨ ᠪᠠᠰᠠ ᠪᠦᠬᠦ᠌ ᠳᠡᠯᠡᠬᠡᠢ᠎ᠶ᠋ᠢᠨ ᠡᠩᠬᠡ ᠲᠠᠢᠪᠤᠩ᠎ᠢ ᠡᠷᠬᠢᠮᠯᠡᠳᠡᠭ ᠤᠯᠤᠰ ᠪᠠ ᠠᠷᠠᠳ ᠲᠦᠮᠡᠨ᠎ᠤ ᠳᠡᠮᠵᠢᠯᠭᠡ ᠲᠤᠰᠠᠯᠠᠮᠵᠢ᠎ᠶ᠋ᠢ ᠣᠯᠵᠤ᠂ ᠡᠴᠦᠰ᠎ᠲᠡᠭᠡᠨ ᠲᠠᠢᠨ᠎ᠤ ᠢᠯᠠᠯᠲᠠ᠎ᠶ᠋ᠢ ᠣᠯᠵᠤ᠂ ᠠᠽᠢᠶ᠎ᠠ ᠲᠢᠪ ᠵᠢᠴᠢ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠭ᠍ᠰᠠᠨ ᠪᠠᠢᠨ᠎ᠠ》 ᠭᠡᠵᠦ᠍ ᠵᠢᠭᠠᠵᠤ ᠭᠠᠷᠭᠠᠵᠠᠢ᠃
ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ᠎ᠨᠢ ᠤᠨ ᠰᠠᠷ᠎ᠠ᠎ᠶ᠋ᠢᠨ ᠳᠠᠪᠲᠠᠯᠲᠠ᠎ᠶ᠋ᠢ ᠥᠩᠭᠡᠷᠡᠭᠡᠭᠡᠳ ᠤᠯᠠᠮ ᠱᠢᠨᠡᠳᠦᠭ᠌ᠰᠡᠨ ᠪᠥᠭᠡᠳ ᠳᠤᠮᠳᠠᠳᠤ᠎ᠶ᠋ᠢᠨ ᠦᠨᠳᠦᠰᠦᠲᠡᠨ᠎ᠤ ᠴᠢᠰᠤᠨ ᠰᠤᠳᠠᠯ᠎ᠳᠤ ᠭᠦᠨ ᠠᠭᠤᠰᠤᠭ᠍ᠰᠠᠨ ᠪᠠᠢᠨ᠎ᠠ᠃ ᠤᠳᠤ ᠪᠢᠳᠡ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠦᠨ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠡᠷᠴᠢ ᠵᠣᠷᠢᠭ ᠪᠠᠳᠠᠷᠠᠩᠭᠤᠢ᠎ᠪᠠᠷ ᠤᠷᠤᠭ᠍ᠰᠢᠯᠠᠵᠤ ᠪᠠᠢᠨ᠎ᠠ᠃ ᠱᠢᠨ᠎ᠡ ᠠᠶᠠᠨ ᠵᠠᠮ᠎ᠳᠤ᠂ ᠪᠢᠳᠡ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠵᠤ᠂ ᠬᠦᠴᠦᠷᠬᠡᠭ᠌ᠯᠡᠯ᠎ᠠᠴᠠ ᠠᠶᠤᠬᠤ ᠦᠭᠡᠢ᠂ ᠬᠦᠴᠦᠷᠬᠡᠭ᠌ᠯᠡᠯ᠎ᠢ ᠡᠰᠡᠷᠭᠦᠴᠡᠬᠦ᠌ ᠦᠨᠳᠦᠰᠦᠲᠡᠨ᠎ᠤ ᠵᠠᠩ ᠰᠤᠷᠲᠠᠯ᠎ᠢᠶᠠᠨ ᠬᠠᠲᠠᠭᠤᠵᠢᠭᠤᠯᠤᠨ᠂ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠬᠤ ᠦᠨᠳᠦᠰᠦᠲᠡᠨ᠎ᠤ ᠬᠦᠴᠦᠨ᠎ᠢ ᠨᠢᠭ᠍ᠲᠠᠷᠠᠭᠤᠯᠵᠤ᠂ ᠦᠬᠦᠬᠦ᠌ ᠰᠡᠬᠡᠬᠦ᠌᠎ᠶ᠋ᠢ ᠦᠯᠤ ᠬᠠᠢᠬᠤᠷᠬᠤ ᠦᠨᠳᠦᠰᠦᠲᠡᠨ᠎ᠤ ᠬᠠᠳᠠᠨ ᠵᠣᠷᠢᠭ᠎ᠢ ᠳᠠᠪᠲᠠᠨ ᠪᠣᠯᠪᠠᠰᠤᠷᠠᠭᠤᠯᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠂ ᠡᠷᠡᠯᠬᠡᠭ᠌ᠯᠡᠨ ᠤᠷᠤᠭ᠍ᠰᠢᠯᠠᠬᠤ ᠦᠨᠳᠦᠰᠦᠲᠡᠨ᠎ᠤ ᠤᠶᠤᠨ ᠤᠬᠠᠭᠠᠨ᠎ᠢ ᠬᠥᠭ᠌ᠵᠢᠭᠡᠵᠦ᠍᠂ ᠮᠠᠰᠢ ᠤᠯᠠᠨ ᠱᠢᠨ᠎ᠡ ᠲᠡᠦᠬᠡ᠎ᠶ᠋ᠢᠨ ᠣᠨᠴᠠᠯᠢᠭ᠎ᠲᠠᠢ ᠠᠭᠤᠤ ᠶᠡᠭᠡ ᠲᠡᠮᠡᠴᠡᠯ᠎ᠢ ᠦᠷᠭᠦᠯᠵᠢᠯᠡᠨ ᠬᠢᠵᠦ᠍᠂ ᠲᠠᠰᠤᠷᠠᠯᠳᠠ ᠦᠬᠡᠢ ᠢᠯᠠᠯᠲᠠ᠎ᠠᠴᠠ ᠢᠯᠠᠯᠲᠠ᠎ᠳᠤ ᠬᠦᠷᠬᠦ᠌ ᠬᠡᠷᠡᠭ᠌ᠲᠡᠢ!
(ᠵᠣᠬᠢᠶᠠᠭ᠍ᠴᠢ ᠪᠣᠯ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠤᠯᠤᠰ ᠲᠦᠷᠦ᠎ᠶ᠋ᠢᠨ ᠤᠬᠠᠭᠠᠨ᠎ᠤ ᠵᠢᠭᠠᠨ ᠰᠤᠳᠤᠯᠬᠤ ᠬᠡᠯᠲᠡᠰ᠎ᠤᠨ ᠳᠡᠳ᠋ ᠫᠷᠤᠹᠧᠰᠰᠤᠷ)

【 ᠦᠨᠳᠦᠰᠦᠨ ᠱᠠᠳᠤᠨ᠎ᠤ ᠲᠠᠭᠤᠨ 】
ᠤᠯᠤᠰ᠎ᠢᠶᠠᠨ ᠬᠦᠴᠦᠷᠬᠡᠭ᠌ᠵᠢᠭᠦᠯᠬᠦ᠌᠎ᠳᠤ ᠤᠶᠤᠨ ᠤᠬᠠᠭᠠᠨ ᠬᠦᠴᠦᠨ ᠴᠢᠳᠠᠯ᠎ᠢᠶᠠᠨ ᠡᠷᠭᠦᠨ᠎ᠡ
ᠲᠤᠰ ᠰᠣᠨᠢᠨ᠎ᠤ ᠰᠤᠷᠪᠤᠯᠵᠢᠯᠠᠭ᠍ᠴᠢ ᠺᠠᠩ ᠯᠢ ᠨᠠ
《ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠳᠠᠢᠨ᠎ᠤ ᠳᠤᠮᠳᠠ᠂ ᠳᠡᠭᠡᠳᠦ ᠬᠡᠮᠵᠢᠶᠡᠨ᠎ᠤ ᠤᠯᠤᠰ᠎ᠢᠶᠠᠨ ᠬᠠᠢᠷᠠᠯᠠᠬᠤ ᠵᠣᠷᠢᠭ ᠰᠠᠨᠠᠭ᠎ᠠ ᠪᠠ ᠬᠤᠪᠢᠰᠭᠠᠯᠲᠤ ᠪᠠᠭᠠᠲᠤᠷᠯᠢᠭ ᠦᠵᠡᠯ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠠᠢ᠂ ᠲᠡᠳᠡ ᠪᠣᠯ 〈ᠬᠠᠮᠤᠭ᠎ᠤᠨ ᠬᠠᠢᠷᠠᠲᠠᠶ ᠬᠥᠮᠦᠨ〉 ᠮᠥᠨ᠃ ᠲᠡᠳᠡ ᠡᠷᠬᠢᠮ ᠨᠠᠨᠳᠢᠨ ᠠᠮᠢ ᠨᠠᠰᠤ᠎ᠪᠠᠷ᠎ᠢᠶᠠᠨ ᠪᠢᠳᠡᠨ᠎ᠤ ᠥᠨᠥᠳᠦᠷ᠎ᠤᠨ ᠵᠣᠯ ᠵᠢᠷᠭᠠᠯᠲᠤ ᠠᠮᠢᠳᠤᠷᠠᠯ᠎ᠢ ᠰᠣᠯᠢᠵᠤ ᠠᠪᠴᠢᠷᠠᠭ᠍ᠰᠠᠨ ᠶᠤᠮ᠃ ᠴᠠᠭ ᠦᠶ᠎ᠡ ᠶᠠᠭᠠᠬᠢᠵᠤ ᠬᠥᠭ᠌ᠵᠢᠭ᠌ᠰᠡᠨ ᠴᠦ᠍᠂ ᠮᠠᠨ᠎ᠤ ᠱᠢᠨ᠎ᠡ ᠨᠢᠭᠡ ᠦᠶ᠎ᠡ᠎ᠶ᠋ᠢᠨ ᠵᠠᠯᠠᠭᠤᠴᠤᠳ ᠴᠥᠮ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠬᠤ ᠬᠡᠷᠡᠭ᠌ᠲᠡᠢ》 ᠭᠡᠵᠦ᠍ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠤᠳᠭ᠎ᠠ ᠵᠣᠬᠢᠶᠠᠯ ᠪᠠ ᠰᠣᠨᠢᠨ ᠮᠡᠳᠡᠭᠡᠨ᠎ᠤ ᠳᠠᠮᠵᠢᠭᠤᠯᠭ᠎ᠠ᠎ᠶ᠋ᠢᠨ ᠳᠡᠭᠡᠳᠦ ᠰᠤᠷᠭᠠᠭᠤᠯᠢ᠎ᠶ᠋ᠢᠨ ᠠᠰᠫᠢᠷᠠᠨᠲ ᠯᠢᠶᠠᠩ ᠴᠧᠨ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠵᠣᠷᠢᠭ ᠰᠠᠨᠠᠭ᠎ᠠ᠎ᠶ᠋ᠢᠨ ᠲᠤᠬᠠᠢ ᠦᠪᠡᠷ᠎ᠤᠨ ᠪᠤᠳᠤᠭ᠍ᠰᠠᠨ᠎ᠢᠶᠠᠨ ᠶᠠᠷᠢᠯ᠎ᠠ᠃
ᠯᠢᠶᠠᠩ ᠴᠧᠨ᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠲᠠᠢᠨ᠎ᠨᠢ ᠰᠦᠷ ᠳᠠᠯᠠᠢᠴᠠᠲᠠᠢ ᠪᠠᠭᠠᠲᠤᠷᠯᠢᠭ ᠲᠤᠤᠯᠢᠰ᠎ᠢ ᠪᠢᠴᠢᠭ᠌ᠯᠡᠪᠡ᠃ ᠱᠢᠨ᠎ᠡ ᠨᠢᠭᠡ ᠦᠶ᠎ᠡ᠎ᠶ᠋ᠢᠨ ᠵᠠᠯᠠᠭᠤᠴᠤᠳ ᠪᠣᠯᠤᠭ᠍ᠰᠠᠨ᠎ᠤ ᠬᠤᠪᠢ᠎ᠳᠤ᠂ ᠪᠢᠳᠡ ᠵᠠᠪᠠᠯ ᠲᠡᠦᠬᠡ᠎ᠪᠠᠨ ᠪᠠᠲᠤ ᠴᠡᠭᠡᠵᠢᠯᠡᠨ᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠨ᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ᠂ ᠠᠷᠠᠳ ᠲᠦᠮᠡᠨ᠎ᠳᠤ ᠣᠰᠣᠯᠳᠠᠬᠤ ᠦᠭᠡᠢ᠂ ᠤᠯᠤᠰ ᠣᠷᠣᠨ᠎ᠳᠠᠭᠠᠨ ᠣᠰᠣᠯᠳᠠᠬᠤ ᠦᠭᠡᠢ ᠪᠠᠢᠵᠤ᠂ ᠮᠠᠨ᠎ᠤ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠡᠭᠦᠷᠭᠡᠯᠡᠵᠦ᠍ ᠪᠠᠢᠭ᠎ᠠ ᠡᠭᠦᠷᠭᠡ ᠬᠠᠷᠢᠭᠤᠴᠠᠯᠭ᠎ᠠ᠎ᠪᠠᠨ ᠪᠠᠶᠡᠯᠡᠬᠦᠯᠤᠨ᠎ᠠ ᠭᠡᠵᠦ᠍ ᠬᠦᠰᠡᠯ᠎ᠢᠶᠠᠨ ᠲᠤᠳᠤᠷᠠᠭᠤᠯᠤᠨ᠎ᠠ᠃
《ᠡᠩᠬᠡ ᠲᠠᠢᠪᠤᠩ ᠴᠠᠭ ᠦᠶ᠎ᠡ᠎ᠳᠤ ᠦᠰᠦᠨ ᠪᠤᠢᠵᠢᠭ᠍ᠰᠠᠨ ᠪᠢᠳᠡ ᠡᠩᠬᠡ ᠲᠠᠢᠪᠤᠩ᠎ᠢ ᠨᠠᠩ ᠬᠠᠢᠷᠠᠯᠠᠵᠤ᠂ ᠣᠲᠣ᠎ᠶ᠋ᠢᠨ ᠰᠠᠢᠨ ᠰᠠᠢᠬᠠᠨ ᠠᠮᠢᠳᠤᠷᠠᠯ᠎ᠢᠶᠠᠨ ᠨᠠᠨᠳᠢᠩᠨᠠᠬᠤ ᠬᠡᠷᠡᠭ᠌ᠲᠡᠶ᠃ ᠣᠶᠤᠲᠠᠨ ᠪᠣᠯᠤᠭ᠍ᠰᠠᠨ᠎ᠤ ᠬᠤᠪᠢ᠎ᠳᠤ᠂ ᠪᠢ ᠲᠤᠰᠭᠠᠢ ᠮᠡᠷᠭᠡᠵᠢᠯ᠎ᠤᠨ ᠮᠡᠳᠡᠯᠭᠡ᠎ᠶ᠋ᠢ ᠨᠡᠩ ᠴᠢᠷᠮᠠᠢᠨ ᠰᠤᠷᠤᠯᠴᠠᠵᠤ᠂ ᠬᠤᠪᠢ ᠬᠥᠮᠦᠨ᠎ᠤ ᠬᠦᠰᠡᠯᠡᠩ᠎ᠢᠶᠠᠨ ᠡᠬᠡ ᠤᠯᠤᠰ᠎ᠤᠨ ᠬᠥᠭ᠌ᠵᠢᠯᠲᠡ᠎ᠲᠠᠢ ᠤᠶᠠᠯᠳᠤᠭᠤᠯᠵᠤ᠂ ᠬᠤᠪᠢ ᠬᠥᠮᠦᠨ᠎ᠤ ᠬᠦᠰᠡᠯᠡᠩ᠎ᠢᠶᠠᠨ ᠡᠬᠡ ᠤᠯᠤᠰ᠎ᠤᠨ ᠪᠦᠳᠦᠭᠡᠨ ᠪᠠᠢᠭᠤᠯᠤᠯᠲᠠ᠎ᠳᠤ ᠠᠭᠤᠰᠤᠯᠴᠠᠭᠤᠯᠤᠨ᠂ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠯᠢᠶᠠᠩ ᠴᠧᠨ ᠬᠡᠯᠡᠨ᠎ᠠ᠃
ᠦᠩᠬᠡᠷᠡᠭ᠌ᠰᠡᠨ᠎ᠢᠶᠠᠨ ᠦᠯᠦ᠍ ᠮᠠᠷᠳᠠᠵᠤ ᠤᠮᠤᠭ ᠲᠡᠭᠦᠯᠳᠡᠷ ᠤᠷᠤᠭ᠍ᠰᠢᠯᠠᠨ᠎ᠠ
ᠲᠤᠰ ᠰᠣᠨᠢᠨ᠎ᠤ ᠰᠤᠷᠪᠤᠯᠵᠢᠯᠠᠭ᠍ᠴᠢ ᠺᠠᠩ ᠯᠢ ᠨᠠ
ᠨᠢᠭᠡ ᠦᠨᠳᠦᠰᠦᠲᠡᠨ᠎ᠤ ᠤᠶᠤᠨ ᠰᠠᠨᠠᠭᠠᠨ᠎ᠤ ᠬᠦᠴᠦᠨ᠎ᠨᠢ ᠤᠷᠳᠤ ᠬᠤᠭᠤᠴᠠᠭᠠᠨ᠎ᠤ ᠲᠡᠦᠬᠡᠨ ᠠᠬᠢᠴᠠ ᠳᠤᠮᠳᠠ ᠲᠠᠰᠤᠷᠠᠯᠳᠠ ᠦᠭᠡᠢ ᠬᠤᠷᠠᠮᠳᠤᠵᠤ᠂ ᠵᠠᠩᠭᠢᠯᠠᠭ᠎ᠠ᠎ᠶ᠋ᠢᠨ ᠦᠶ᠎ᠡ᠎ᠳᠤ ᠰᠦᠷ ᠳᠠᠯᠠᠢᠴᠠᠲᠠᠢ ᠠᠤᠭ᠎ᠠ ᠬᠦᠴᠦᠨ ᠪᠤᠯᠵᠤ ᠤᠨᠳᠤᠷᠬᠤ ᠶᠤᠮ᠃ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠲᠠᠢᠨ᠎ᠳᠤ ᠳᠠᠪᠲᠠᠭ᠍ᠳᠠᠨ ᠪᠦᠷᠢᠯᠳᠦᠭ᠌ᠰᠡᠨ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ ᠪᠣᠯ ᠡᠷᠬᠢᠮ ᠨᠠᠨᠳᠢᠨ ᠤᠶᠤᠨ ᠰᠠᠨᠠᠭᠠᠨ᠎ᠤ ᠥᠪ ᠬᠦᠷᠦᠩᠭᠡ ᠮᠥᠨ᠃
《ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠵᠣᠷᠢᠭ ᠰᠠᠨᠠᠭ᠎ᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠠᠷᠠᠳ᠎ᠤᠨ ᠴᠡᠷᠢᠭ ᠠᠩᠬᠢ᠎ᠶ᠋ᠢᠨ ᠬᠠᠳᠠᠨ ᠪᠠᠲᠤ ᠵᠢᠷᠤᠭ᠍ᠯᠠᠯ ᠮᠥᠨ᠂ ᠪᠢᠳᠡᠨ᠎ᠢ ᠱᠢᠨ᠎ᠡ ᠴᠠᠭ ᠦᠶ᠎ᠡ᠎ᠶ᠋ᠢᠨ ᠤᠯᠤᠰ᠎ᠢᠶᠠᠨ ᠬᠦᠴᠦᠷᠬᠡᠭ᠌ᠵᠢᠭᠦᠯᠵᠤ ᠴᠡᠷᠢᠭ᠎ᠢ ᠬᠦᠴᠦᠷᠬᠡᠭ᠌ᠵᠢᠭᠦᠯᠬᠦ᠌ ᠠᠭᠤᠤ ᠶᠡᠭᠡ ᠦᠢᠯᠡᠰ᠎ᠲᠤ ᠬᠦᠴᠦᠯᠡᠨ ᠣᠷᠣᠯᠴᠠᠬᠤ᠎ᠶ᠋ᠢ ᠵᠣᠷᠢᠭ᠍ᠵᠢᠭᠤᠯᠵᠤ ᠪᠠᠢᠨ᠎ᠠ》 ᠬᠡᠵᠤ ᠥᠪᠡᠷᠲᠡᠭᠡᠨ ᠵᠠᠰᠠᠬᠤ ᠣᠷᠣᠨ᠎ᠤ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠢᠩᠬᠢᠮ᠎ᠤᠨ ᠦᠵᠡᠯ ᠰᠠᠨᠠᠭ᠎ᠠ ᠡᠷᠬᠡ ᠠᠱᠢᠭ᠎ᠤᠨ ᠭᠠᠵᠠᠷ᠎ᠤᠨ ᠳᠡᠳ᠋ ᠳᠠᠷᠤᠭ᠎ᠠ ᠱᠢᠤᠸᠠᠢ ᠯᠢ ᠴᠢᠶᠠᠩ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠶᠠᠷᠢᠯ᠎ᠠ᠃ ᠱᠢᠨ᠎ᠡ ᠴᠠᠭ ᠦᠶ᠎ᠡ᠎ᠶ᠋ᠢᠨ ᠵᠠᠯᠠᠭᠤᠴᠤᠳ ᠪᠢᠳᠡᠨ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠲᠠᠢᠨ᠎ᠤ ᠳᠤᠮᠳᠠ ᠴᠢᠰᠤᠲᠤ ᠪᠠᠢᠯᠳᠤᠭᠠᠨ ᠬᠢᠭ᠌ᠰᠡᠨ ᠲᠡᠳᠡᠭᠡᠷ ᠠᠬᠠᠮᠠᠳ ᠪᠠᠢᠯᠳᠤᠭ᠍ᠴᠢ᠎ᠶ᠋ᠢ ᠮᠠᠷᠲᠠᠵᠤ ᠪᠣᠯᠬᠤ ᠦᠭᠡᠢ᠃ ᠪᠢᠳᠡ ᠡᠷᠬᠡᠪᠰᠢ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠤᠷᠤᠭ᠍ᠰᠢᠯᠠᠯᠲᠠ᠎ᠶ᠋ᠢᠨ ᠵᠠᠮ᠎ᠢᠶᠠᠷ ᠰᠠᠢᠲᠤᠷ ᠵᠠᠮᠨᠠᠵᠤ᠂ ᠦᠩᠬᠡᠷᠡᠭ᠌ᠰᠡᠨ᠎ᠢᠶᠠᠨ ᠦᠯᠦ᠍ ᠮᠠᠷᠲᠠᠨ᠂ ᠬᠥᠮᠦᠨ᠎ᠤ ᠠᠮᠢᠳᠤᠷᠠᠯ᠎ᠢᠶᠠᠨ ᠨᠡᠩ ᠤᠳᠭ᠎ᠠ ᠠᠭᠤᠯᠭ᠎ᠠ᠎ᠲᠠᠢ ᠨᠡᠩ ᠦᠨ᠎ᠡ ᠦᠷᠳᠡᠭ᠎ᠲᠠᠢ ᠪᠣᠯᠭᠠᠬᠤ ᠴᠢᠬᠤᠯᠠᠳᠠᠢ ᠭᠡᠵᠦ᠍ ᠲᠡᠷᠡ ᠪᠤᠳᠤᠯ᠎ᠢᠶᠠᠨ ᠲᠡᠯᠭᠡᠵᠦ᠍ ᠭᠠᠷᠤᠯ᠎ᠠ᠃
《ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠣᠶ᠎ᠶ᠋ᠢᠨ ᠲᠠᠱᠢᠷᠠᠮ᠎ᠳᠤ ᠪᠢ ᠣᠨᠣᠯ᠎ᠤᠨ ᠰᠤᠷᠤᠯᠴᠠᠯᠭ᠎ᠠ᠎ᠪᠠᠨ ᠲᠠᠰᠤᠷᠠᠯᠲᠠ ᠥᠬᠡᠶ ᠴᠢᠩᠭᠠᠳᠭᠠᠵᠤ᠂ ᠴᠡᠷᠢᠭ᠎ᠠᠴᠠ ᠬᠠᠯᠠᠭ᠍ᠳᠠᠭ᠍ᠰᠠᠳ᠎ᠲᠤ ᠪᠣᠳᠠᠲᠤ ᠶᠠᠪᠤᠳᠠᠯ ᠬᠢᠵᠦ᠍ ᠥᠭ᠌ᠬᠦ ᠴᠢᠳᠠᠪᠤᠷᠢ ᠪᠠ ᠲᠦᠪᠱᠢᠨ᠎ᠢᠶᠠᠨ ᠳᠡᠭᠡᠭ᠌ᠰᠢᠯᠡᠭᠦᠯᠪᠡ᠃ ᠢᠯᠠᠩᠭᠤᠶ᠎ᠠ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠭ᠍ᠰᠠᠨ ᠠᠬᠠᠮᠠᠳ ᠴᠡᠷᠢᠭ᠂ ᠠᠬᠠᠮᠠᠳ ᠪᠠᠢᠯᠳᠤᠭ᠍ᠴᠢᠳ᠎ᠲᠤ ᠰᠠᠢᠲᠤᠷ ᠦᠢᠯᠡᠴᠢᠯᠡᠬᠦ᠌ ᠬᠡᠷᠡᠭ᠌ᠲᠡᠢ᠂ ᠤᠴᠢᠷ᠎ᠨᠢ ᠲᠡᠳᠡ ᠪᠣᠯ ᠪᠦᠬᠦᠳᠡ ᠨᠠᠢᠷᠠᠮᠳᠠᠬᠤ ᠲᠤᠮᠳᠠᠳᠤ ᠠᠷᠠᠳ ᠤᠯᠤᠰ᠎ᠤᠨ ᠡᠷᠬᠢᠮ ᠨᠠᠨᠳᠢᠨ ᠥᠪ ᠬᠦᠷᠦᠩᠭᠡ ᠮᠥᠨ᠂ ᠲᠡᠳᠡᠨ᠎ᠳᠤ ᠦᠢᠯᠡᠴᠢᠯᠡᠬᠦ᠌᠎ᠨᠢ ᠨᠠᠳᠠ᠎ᠳᠤ ᠬᠢᠵᠠᠭᠠᠯᠠᠰᠢ ᠦᠭᠡᠢ ᠢᠷᠠᠭᠤ ᠠᠯᠳᠠᠷᠲᠠᠢ ᠰᠠᠨᠠᠭ᠍ᠳᠠᠬᠤ ᠶᠤᠮ》 ᠭᠡᠵᠦ᠍ ᠱᠢᠤᠸᠠᠢ ᠯᠢ ᠴᠢᠶᠠᠩ ᠬᠡᠯᠡᠨ᠎ᠠ᠃
ᠪᠠᠭᠠᠲᠤᠷᠴᠤᠳ᠎ᠤᠨ ᠵᠤᠷᠢᠭ ᠰᠠᠨᠠᠭ᠎ᠠ᠎ᠶ᠋ᠢ ᠪᠠᠳᠠᠷᠠᠭᠤᠯᠵᠤ ᠱᠢᠨ᠎ᠡ ᠠᠶᠠᠨ᠎ᠳᠤ ᠡᠷᠡᠮᠡᠬᠡᠢᠯᠡᠨ ᠲᠡᠮᠡᠴᠡᠨ᠎ᠡ
ᠲᠤᠰ ᠰᠣᠨᠢᠨ᠎ᠤ ᠰᠤᠷᠪᠤᠯᠵᠢᠯᠠᠭ᠍ᠴᠢ ᠺᠠᠩ ᠯᠢ ᠨᠠ
2002 ᠣᠨ᠎ᠳᠤ᠂ ᠵᠧᠩ ᠯᠦ᠍ ᠤᠷᠳᠤᠰ᠎ᠤᠨ ᠵᠡᠪᠰᠡᠭ᠌ᠲᠦ ᠴᠠᠭ᠍ᠳᠠᠭ᠎ᠠ᠎ᠶ᠋ᠢᠨ ᠰᠠᠯᠪᠤᠷᠢ ᠠᠩᠬᠢ᠎ᠠᠴᠠ ᠬᠠᠯᠠᠭ᠍ᠳᠠᠵᠤ᠂ ᠥᠪᠥᠷ ᠮᠣᠩᠭᠤᠯ᠎ᠤᠨ ᠴᠠᠬᠢᠯᠭᠠᠨ ᠬᠦᠴᠦᠨ᠎ᠤ (ᠪᠦᠯᠦᠭ᠌ᠯᠡᠯ) ᠺᠣᠮᠫᠠᠨᠢ᠎ᠶ᠋ᠢᠨ ᠦᠬᠠᠢ᠎ᠶ᠋ᠢᠨ ᠴᠠᠬᠢᠯᠭᠠᠨ ᠦᠢᠯᠡᠰ᠎ᠤᠨ ᠲᠤᠪᠴᠢᠶ᠎ᠡ᠎ᠶ᠋ᠢᠨ ᠴᠠᠬᠢᠯᠭᠠᠨ ᠳᠠᠮᠵᠢᠭᠤᠯᠬᠤ ᠭᠠᠵᠠᠷ᠎ᠤᠨ ᠨᠢᠭᠡᠨ ᠠᠵᠢᠯᠳᠠᠨ ᠪᠣᠯᠪᠠ᠃ 18 ᠵᠢᠯ᠎ᠤᠨ ᠲᠤᠷᠰᠢ᠂ ᠲᠡᠷᠡ ᠢᠮᠠᠭ᠍ᠲᠠ 《ᠬᠦᠴᠢᠷ ᠵᠣᠪᠠᠭᠤᠷᠢ᠎ᠶ᠋ᠢ ᠲᠡᠰᠪᠦᠷᠢᠯᠡᠵᠦ᠍ ᠳᠡᠢᠯᠬᠦ᠌》᠂ 《ᠪᠠᠢᠯᠳᠤᠵᠤ ᠳᠡᠢᠯᠬᠦ᠌》᠂ 《ᠬᠤᠪᠢ ᠨᠡᠮᠡᠷᠢ ᠦᠵᠡᠭᠦᠯᠵᠦ᠍ ᠳᠡᠢᠯᠬᠦ᠌》 ᠵᠣᠷᠢᠭ ᠰᠠᠨᠠᠭ᠎ᠠ᠎ᠶ᠋ᠢ ᠪᠠᠳᠠᠷᠠᠭᠤᠯᠤᠨ ᠦᠢᠯᠡᠳᠦᠯᠭᠡᠵᠢᠭᠦᠯᠵᠦ᠍᠂ ᠴᠠᠬᠢᠯᠭᠠᠨ ᠬᠦᠴᠦᠨ᠎ᠤ ᠹᠷᠣᠨᠲ᠎ᠲᠤ ᠤᠳᠤ ᠦᠶ᠎ᠡ᠎ᠶ᠋ᠢᠨ ᠴᠡᠷᠢᠭ᠎ᠠᠴᠠ ᠬᠠᠯᠠᠭ᠍ᠳᠠᠭ᠍ᠰᠠᠳ᠎ᠤᠨ ᠱᠢᠯᠢᠳᠡᠭ ᠱᠢᠯᠭᠠᠯᠲᠠ᠎ᠶ᠋ᠢᠨ ᠬᠠᠭᠤᠳᠠᠰᠤ᠎ᠶ᠋ᠢ ᠲᠤᠱᠢᠶᠠᠵᠠᠢ᠃ 2018 ᠣᠨ᠎ᠳᠤ᠂ ᠵᠧᠩ ᠯᠦ᠍ 《ᠬᠠᠮᠤᠭ᠎ᠤᠨ ᠭᠤᠶᠣ ᠴᠡᠷᠢᠭ᠎ᠠᠴᠠ ᠬᠠᠯᠠᠭ᠍ᠳᠠᠭ᠍ᠰᠠᠳ》 ᠤᠨ ᠢᠷᠠᠭᠤ ᠠᠯᠳᠠᠷ᠎ᠤᠨ ᠴᠣᠯᠠ ᠭᠥᠷᠳᠡᠪᠡ᠃
《ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠲᠠᠢᠨ᠎ᠳᠤ ᠤᠯᠠᠨ ᠠᠷᠪᠢᠨ ᠠᠷᠠᠳ᠎ᠤᠨ ᠪᠠᠭᠠᠲᠤᠷ ᠴᠣᠯᠭᠤᠷᠠᠨ ᠭᠠᠷᠴᠠᠢ᠂ ᠲᠡᠳᠡ ᠦᠷᠡᠭ᠌ᠳᠡᠯ ᠰᠦᠢᠳᠦᠯ᠎ᠠᠴᠠ ᠠᠶᠤᠬᠤ ᠦᠭᠡᠢ᠂ ᠨᠤᠭᠤᠷᠠᠰᠢ ᠦᠭᠡᠢ ᠲᠡᠮᠡᠴᠡᠳᠡᠭ᠃ ᠡᠳᠡᠭᠡᠷ ᠬᠥᠮᠦᠰ᠎ᠤᠨ ᠦᠢᠯᠡ ᠠᠵᠢᠯᠯᠠᠭ᠎ᠠ ᠪᠣᠯᠤᠨ ᠵᠣᠷᠢᠭ ᠰᠠᠨᠠᠭ᠎ᠠ ᠨᠢᠭᠡᠨᠲᠡ ᠴᠠᠭ ᠦᠶ᠎ᠡ᠎ᠶ᠋ᠢᠨ ᠵᠣᠷᠢᠭ ᠰᠠᠨᠠᠭᠠᠨ᠎ᠤ ᠲᠡᠮᠳᠡᠭ ᠪᠣᠯᠤᠨ ᠨᠢᠭ᠍ᠲᠠᠷᠠᠵᠤ᠂ ᠦᠶ᠎ᠡ ᠦᠶ᠎ᠡ᠎ᠶ᠋ᠢᠨ ᠳᠤᠮᠳᠠᠳᠤ ᠤᠯᠤᠰ᠎ᠤᠨ ᠴᠡᠷᠢᠭ᠎ᠢ ᠵᠣᠷᠢᠭ᠍ᠵᠢᠭᠤᠯᠵᠤ ᠪᠠᠢᠨ᠎ᠠ》 ᠬᠡᠵᠤ ᠵᠧᠩ ᠯᠦ᠍ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ ᠶᠠᠷᠢᠨ᠎ᠠ᠃ ᠲᠡᠷᠡ᠂ ᠱᠢᠨ᠎ᠡ ᠴᠠᠭ ᠦᠶ᠎ᠡ᠎ᠳᠤ ᠪᠠᠭᠠᠲᠤᠷᠯᠢᠭ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠪᠠᠭᠠᠲᠤᠷᠴᠤᠳ᠎ᠤᠨ ᠬᠦᠴᠢᠷ ᠪᠡᠷᠬᠡᠱᠢᠶᠡᠯ᠎ᠠᠴᠠ ᠠᠶᠤᠬᠤ ᠦᠭᠡᠢ ᠡᠷᠡᠯᠭᠡᠭ᠌ᠯᠡᠨ ᠤᠷᠤᠭ᠍ᠰᠢᠯᠠᠬᠤ ᠵᠣᠷᠢᠭ ᠰᠠᠨᠠᠭ᠎ᠠ᠎ᠶ᠋ᠢ ᠰᠤᠷᠤᠯᠴᠠᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠠ ᠬᠡᠯᠡ᠃
ᠵᠧᠩ ᠯᠦ᠍᠄ 《ᠡᠪ ᠬᠠᠮᠲᠤ ᠨᠠᠮ᠎ᠤᠨ ᠭᠡᠱᠢᠭᠦᠨ᠂ ᠴᠡᠷᠢᠭ᠎ᠠᠴᠠ ᠬᠠᠯᠠᠭ᠍ᠳᠠᠭ᠍ᠰᠠᠨ ᠠᠬᠠᠮᠠᠳ ᠴᠡᠷᠢᠭ᠂ ᠴᠠᠬᠢᠯᠭᠠᠨ ᠬᠦᠴᠦᠨ᠎ᠤ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠣᠭ ᠰᠠᠨᠠᠭ᠎ᠠ᠎ᠪᠠᠨ ᠥᠯᠥ᠍ ᠮᠠᠷᠲᠠᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ 〈ᠠᠷᠠᠳ᠎ᠤᠨ ᠴᠠᠬᠢᠯᠭᠠᠨ᠎ᠤ ᠦᠢᠯᠡᠰ ᠠᠷᠠᠳ ᠲᠦᠮᠡᠨ᠎ᠤ ᠲᠥᠯᠥᠭᠡ ᠪᠠᠢᠬᠤ〉 ᠲᠠᠩᠭᠠᠷᠢᠭ᠎ᠢᠶᠠᠨ ᠦᠢᠯᠡᠳᠣᠯᠭᠡᠵᠢᠭᠦᠯᠵᠦ᠍᠂ ᠪᠠᠭᠠᠲᠤᠷᠴᠤᠳ᠎ᠤᠨ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠭᠠᠯ ᠪᠠᠮᠪᠠᠷ᠎ᠢ ᠲᠤᠰᠴᠤ᠌᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠤ ᠡᠷᠡᠮᠡᠬᠡᠢᠯᠡᠨ ᠲᠡᠮᠡᠴᠡᠨ᠎ᠡ》 ᠭᠡᠵᠤ ᠵᠤᠷᠢᠭ᠎ᠢᠶᠠᠨ ᠢᠯᠡᠳᠭᠡᠨ᠎ᠡ᠃