ᠲᠤᠮᠲᠠᠲᠤ᠎ᠶ᠋ᠢᠨ ᠦᠨᠳᠦᠰᠦᠲᠡᠨ᠎ᠤ ᠬᠠᠮᠲᠦ ᠴᠤᠬ᠍ᠴᠠ᠎ᠶ᠋ᠢᠨ ᠤᠬᠠᠮᠰᠠᠷ᠎ᠢ ᠪᠠᠲᠤ ᠴᠤᠬ᠍ᠴᠠᠯᠠᠬᠤ ᠡᠨᠡ ᠬᠦ᠌ 《ᠬᠦᠲᠦᠯᠪᠦᠷᠢ》 ᠎ᠶ᠋ᠢ ᠴᠢᠩᠭ᠎ᠠ ᠠᠳᠭᠤᠬᠤ ᠬᠡᠷᠡᠭ᠌ᠲᠡᠢ
2021-09-07 10:38:47
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠢ ᠨᠢᠭᠡᠨᠲᠡ ᠦᠭᠦᠯᠡᠬᠦ᠌᠎ᠨᠢ

 

《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ 〈ᠬᠥᠲᠥᠯᠪᠦᠷᠢ〉 ᠮᠥᠨ᠂ ᠪᠤᠢ ᠪᠦᠬᠦᠢ ᠠᠵᠢᠯ ᠡᠬᠦᠨ᠎ᠤ ᠲᠤᠭᠤᠷᠢᠨ᠎ᠳᠤ ᠶᠠᠪᠤᠭ᠍ᠳᠠᠬᠤ ᠬᠡᠷᠡᠭ᠌ᠳᠡᠢ᠃》 ᠶᠡᠷᠦᠩᠬᠡᠢ ᠱᠦᠵᠢ ᠰᠢ᠎ᠶ᠋ᠢᠨ ᠫᠢᠩ᠎ᠤᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠨᠠᠮ᠎ᠤᠨ ᠦᠨᠳᠦᠰᠦᠲᠡᠨ᠎ᠤ ᠠᠵᠢᠯ᠎ᠤᠨ ᠵᠠᠭᠤᠨ ᠵᠢᠯ᠎ᠤᠨ ᠭᠡᠷᠡᠯ ᠰᠠᠴᠤᠷᠠᠩᠭᠤᠶ ᠥᠩᠭᠡᠷᠡᠯᠲᠡ ᠪᠠ ᠲᠡᠦᠬᠡᠨ ᠠᠮᠵᠢᠯᠲᠠ᠎ᠶ᠋ᠢ ᠪᠦᠬᠦ᠌ ᠲᠠᠯ᠎ᠠ᠎ᠪᠠᠷ ᠡᠷᠭᠢᠴᠡᠭᠦᠯᠵᠦ᠍᠂ ᠣᠳᠣᠬᠠᠨ᠎ᠤ ᠨᠠᠮ᠎ᠤᠨ ᠦᠨᠳᠦᠰᠦᠲᠡᠨ᠎ᠤ ᠠᠵᠢᠯ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ᠎ᠢ ᠭᠦᠨᠵᠡᠭᠡᠶ ᠵᠠᠳᠠᠯᠤᠨ᠂ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠱᠢᠰᠲ᠋ᠧᠮ᠎ᠲᠠᠢ ᠲᠣᠳᠣᠷᠬᠠᠢᠯᠠᠨ ᠥᠭᠦᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠢᠯᠣᠭᠤᠳᠭᠤ ᠦᠵᠡᠯ ᠰᠠᠨᠠᠭ᠎ᠠ᠂ ᠪᠠᠢᠯᠳᠤᠬᠤ ᠪᠤᠳᠤᠯᠭ᠎ᠠ᠎ᠶ᠋ᠢᠨ ᠬᠠᠷᠠᠯᠲᠠ᠂ ᠭᠤᠣᠯᠳᠠᠯᠭ᠎ᠠ᠎ᠲᠠᠢ ᠡᠭᠦᠷᠭᠡ᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠨᠵᠤ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠤ᠂ ᠦᠨᠳᠦᠰᠦᠨ ᠵᠢᠷᠤᠮᠯᠠᠯ ᠬᠠᠩᠭᠠᠪᠠ᠃

ᠦᠨᠳᠦᠰᠦ᠎ᠨᠢ ᠭᠦᠨ ᠪᠣᠯ ᠨᠠᠪᠴᠢ᠎ᠨᠢ ᠰᠠᠬᠤᠯᠢᠭ᠂ ᠦᠨᠳᠦᠰᠦ᠎ᠨᠢ ᠪᠠᠲᠤ ᠪᠣᠯ ᠰᠠᠯᠠᠭ᠎ᠠ᠎ᠨᠢ ᠪᠠᠳᠠᠷᠠᠭᠤᠨ᠃ ᠥᠪᠥᠷ ᠮᠣᠩᠭᠤᠯ ᠪᠣᠯ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠮᠥᠨ᠂ ᠨᠠᠮ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠤᠨ ᠡᠭᠦᠰᠦᠯ᠎ᠤᠨ ᠭᠠᠵᠠᠷ ᠮᠥᠨ᠃ ᠨᠠᠮ᠎ᠤᠨ ᠲᠥᠪ ᠬᠤᠷᠢᠶᠠᠨ᠎ᠤ ᠳᠣᠲᠣᠨᠣ ᠬᠠᠯᠠᠮᠵᠢᠯᠠᠯ ᠪᠠ ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢᠨ ᠲᠤᠶᠠᠭᠠᠯᠠᠯ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠨᠢᠭᠡ ᠭᠡᠷ᠎ᠤᠨ ᠬᠥᠮᠦᠨ ᠮᠡᠲᠦ ᠳᠣᠲᠣᠨᠣ ᠪᠠᠢᠵᠤ᠂ ᠲᠦᠢᠯ᠎ᠤᠨ ᠶᠡᠷᠦ᠍ ᠪᠤᠰᠤ᠎ᠶ᠋ᠢᠨ ᠲᠡᠮᠡᠴᠡᠯ᠎ᠤᠨ ᠶᠠᠪᠤᠴᠠ᠎ᠶ᠋ᠢ ᠥᠩᠭᠡᠷᠡᠭᠡᠵᠦ᠍᠂ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠮ᠎ᠠ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠣᠯᠵᠤ᠂ ᠲᠩᠷᠢ ᠭᠠᠵᠠᠷ᠎ᠢ ᠳᠣᠩᠰᠣᠯᠭᠠᠮ᠎ᠠ ᠯᠤᠲᠤ ᠶᠡᠭᠡ ᠬᠤᠪᠢᠷᠠᠯᠲᠠ ᠭᠠᠷᠴᠤ᠌᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠡᠷᠬᠢᠮ ᠳᠡᠭᠡᠳᠦ ᠢᠷᠠᠭᠤ ᠠᠯᠳᠠᠷ᠎ᠢ ᠣᠯᠤᠭ᠍ᠰᠠᠨ ᠪᠥᠭᠡᠳ ᠤᠷᠳᠤ ᠬᠤᠭᠤᠴᠠᠭ᠎ᠠ᠎ᠪᠠᠷ ᠬᠠᠮᠠᠭᠠᠯᠠᠪᠠ᠃ ᠬᠠᠮᠤᠭ᠎ᠤᠨ ᠠᠭᠤᠤ ᠶᠡᠭᠡ ᠬᠦᠴᠦᠨ ᠪᠣᠯ ᠰᠡᠳᠭᠢᠯ᠎ᠢᠶᠠᠨ ᠨᠢᠭᠡᠳᠭᠡᠬᠦ᠌ ᠬᠠᠮᠲᠤᠷᠠᠯ ᠬᠦᠴᠦ᠍ ᠮᠥᠨ᠂ ᠬᠠᠮᠤᠭ᠎ᠤᠨ ᠪᠠᠲᠤ ᠪᠠᠬᠢ ᠰᠠᠭᠤᠷᠢ ᠪᠣᠯ ᠦᠨᠳᠦᠰᠦᠲᠡᠨ᠎ᠤ ᠪᠦᠯᠬᠦᠮᠳᠡᠯ ᠮᠥᠨ᠂ ᠥᠩᠭᠡᠷᠡᠭ᠌ᠰᠡᠨ᠂ ᠤᠳᠤ ᠬᠡᠰᠡᠨ ᠦᠭᠡᠢ᠂ ᠢᠷᠡᠭᠡᠳᠦᠢ᠎ᠳᠤ ᠴᠤ᠌ ᠭᠡᠰᠡᠨ ᠦᠭᠡᠢ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠴᠥᠮ ᠶᠡᠭᠡ ᠲᠠᠯ᠎ᠠ᠎ᠲᠠᠢ ᠬᠤᠯᠪᠣᠭ᠍ᠳᠠᠵᠤ᠂ ᠪᠣᠳᠠᠲᠤ ᠬᠡᠷᠡᠭ᠌ᠴᠡᠭᠡ᠎ᠲᠠᠢ᠂ ᠦᠨᠳᠦᠰᠦ ᠰᠠᠭᠤᠷᠢ᠎ᠲᠠᠢ᠂ ᠬᠥᠮᠦᠰ᠎ᠤᠨ ᠰᠡᠳᠭᠢᠯ᠎ᠤᠨ ᠬᠠᠨᠳᠤᠰᠢ ᠪᠤᠯᠬᠤ᠎ᠶ᠋ᠢ ᠲᠡᠦᠬᠡ ᠭᠡᠷᠡᠴᠢᠯᠡᠵᠦ᠍᠂ ᠦᠢᠯᠡᠳᠦᠯᠭᠡ ᠭᠡᠷᠡᠴᠢᠯᠡᠵᠦ᠍᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠲᠠᠰᠤᠷᠠᠯᠲᠠ ᠦᠭᠡᠢ ᠳᠡᠭᠡᠭ᠌ᠰᠢᠯᠡᠵᠦ᠍ ᠪᠦᠬᠦᠢ ᠬᠦᠷᠲᠡᠮᠵᠢ᠎ᠶ᠋ᠢᠨ ᠲᠦᠷᠦᠭ᠌ᠳᠡᠯ ᠵᠤᠯ ᠵᠢᠷᠭᠠᠯᠳᠤ ᠲᠦᠷᠦᠭ᠌ᠳᠡᠯ ᠠᠮᠤᠷ ᠲᠦᠪᠱᠢᠨ᠎ᠤ ᠲᠦᠷᠦᠭ᠌ᠳᠡᠯ ᠭᠡᠷᠡᠴᠢᠯᠡᠵᠦ᠍ ᠪᠠᠢᠨ᠎ᠠ᠃

ᠣᠳᠣᠬᠠᠨ᠂ ᠳᠡᠯᠡᠬᠡᠢ ᠶᠢᠷᠲᠢᠨᠴᠦ᠍ ᠶᠠᠭ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠶ᠋ᠢ ᠥᠩᠭᠡᠷᠡᠭᠡᠵᠦ᠍ ᠪᠠᠢᠨ᠎ᠠ᠂ ᠮᠠᠨ᠎ᠤ ᠤᠯᠤᠰ ᠶᠠᠭ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠬᠠᠮᠤᠭ᠎ᠤᠨ ᠵᠠᠩᠭᠢᠯᠠᠭ᠎ᠠ᠎ᠶ᠋ᠢᠨ ᠴᠠᠭ ᠦᠶ᠎ᠡ᠎ᠳᠤ ᠣᠷᠣᠱᠢᠵᠤ ᠪᠠᠢᠨ᠎ᠠ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠨᠠᠷᠢᠨ ᠪᠤᠳᠤᠯᠢᠶᠠᠨᠲᠠᠶ ᠪᠠᠢᠳᠠᠯ᠎ᠤᠨ ᠡᠮᠦᠨ᠎ᠡ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ ᠪᠦᠯᠬᠦᠮᠳᠡᠨ ᠨᠢᠭᠡᠳᠴᠤ᠌᠂ ᠭᠠᠷ ᠬᠤᠯᠪᠣᠨ ᠲᠡᠮᠡᠴᠡᠬᠦ᠌᠎ᠨᠢ ᠨᠡᠩ ᠴᠢᠬᠤᠯᠠ ᠶᠤᠮ᠂ ᠪᠦᠬᠦ᠌ ᠣᠷᠣᠨ ᠳᠠᠶᠠᠭᠠᠷ᠎ᠢᠶᠠᠨ ᠭᠠᠭ᠍ᠴᠠ ᠬᠦ᠌ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠦ᠍᠂ ᠤᠯᠤᠰ ᠣᠷᠣᠨ᠎ᠤ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠬᠤ ᠪᠠᠲᠤ ᠪᠠᠬᠢ ᠦᠵᠡᠯ ᠰᠠᠨᠠᠭᠠᠨ᠎ᠤ ᠤᠷᠲᠤ ᠴᠠᠭᠠᠨ ᠬᠡᠷᠡᠮ᠎ᠢ ᠪᠠᠢᠭᠤᠯᠵᠦ᠍᠂ ᠦᠨᠳᠦᠰᠦᠲᠡᠨ᠎ᠨᠦᠭᠦᠳ ᠤᠯᠤᠰ᠎ᠤᠨ ᠠᠮᠤᠷ ᠲᠦᠪᠱᠢᠨ ᠪᠠ ᠨᠡᠢᠭᠡᠮ᠎ᠤᠨ ᠲᠣᠭ᠍ᠲᠠᠭᠤᠨ᠎ᠢ ᠬᠠᠮᠲᠤ᠎ᠪᠠᠷ ᠰᠠᠢᠲᠤᠷ ᠬᠠᠮᠠᠭᠠᠯᠠᠪᠠᠯ ᠰᠠᠶᠢ ᠡᠯ᠎ᠡ ᠵᠦᠢᠯ᠎ᠤᠨ ᠲᠦᠢᠯᠱᠢᠷᠠᠯ᠂ ᠬᠠᠭᠠᠴᠠᠭᠤᠯᠬᠤ ᠦᠵᠡᠯ ᠰᠠᠨᠠᠭᠠᠨ᠎ᠤ ᠨᠡᠪᠴᠢᠯᠲᠡ ᠨᠤᠷᠠᠭᠠᠯᠲᠠ᠎ᠶ᠋ᠢ ᠪᠦᠲᠦᠮᠵᠢᠲᠡᠶ ᠬᠤᠷᠢᠬ᠍ᠯᠠᠵᠤ ᠴᠢᠳᠠᠨ᠎ᠠ᠂ ᠰᠠᠶᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠪᠡᠶᠡᠯᠡᠭᠦᠯᠵᠦ᠍ ᠴᠢᠳᠠᠨ᠎ᠠ᠂ ᠰᠠᠶᠢ ᠦᠨᠳᠦᠰᠦᠲᠡᠨ᠎ᠨᠦᠭᠦᠳ᠎ᠤᠨ ᠦᠨᠳᠦᠰᠦᠨ ᠠᠱᠢᠭ ᠲᠤᠰᠠ᠎ᠶ᠋ᠢ ᠰᠠᠢᠲᠦᠷ ᠪᠡᠶᠡᠯᠡᠭᠦᠯᠵᠦ᠍᠂ ᠰᠠᠢᠲᠤᠷ ᠬᠠᠮᠠᠭᠠᠯᠠᠵᠦ᠍᠂ ᠰᠠᠢᠲᠤᠷ ᠬᠥᠭ᠌ᠵᠢᠭᠦᠯᠵᠦ᠍ ᠴᠢᠲᠠᠨ᠎ᠠ; ᠭᠠᠭ᠍ᠴᠠ ᠬᠦ᠌ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬ᠍ᠴᠠᠯᠠᠪᠠᠯ ᠰᠠᠶᠢ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠶᠠᠪᠤᠴᠠ᠎ᠳᠤ ᠦᠨᠳᠦᠰᠦᠲᠡᠨ᠎ᠤ ᠬᠦᠷᠢᠶ᠎ᠡ ᠴᠠᠷᠠᠭ᠎ᠠ᠎ᠳᠤ ᠡᠭᠦᠰᠴᠦ᠍ ᠮᠡᠳᠡᠬᠦ᠌ ᠠᠶᠤᠯ ᠲᠦᠭ᠌ᠰᠢᠭᠦᠷᠢ ᠪᠠ ᠱᠢᠯᠭᠠᠯᠲᠠ᠎ᠶ᠋ᠢ ᠪᠦᠲᠦᠮᠵᠢᠲᠡᠢ ᠠᠷᠭᠠᠴᠠᠭᠠᠵᠦ᠍᠂ ᠰᠠᠶᠢ ᠨᠠᠮ ᠪᠠ ᠤᠯᠤᠰ ᠣᠷᠣᠨ᠎ᠤ ᠬᠥᠭ᠌ᠵᠢᠨ ᠮᠠᠨᠳᠤᠬᠤ᠂ ᠥᠨᠢ ᠤᠳᠠᠭᠠᠨ ᠠᠮᠤᠷ ᠲᠦᠪᠱᠢᠨ ᠪᠠᠢᠬᠤ᠎ᠳᠤ ᠴᠢᠬᠤᠯᠠ ᠦᠵᠡᠯ ᠰᠠᠨᠠᠭᠠᠨ᠎ᠤ ᠪᠠᠲᠤᠯᠠᠭ᠎ᠠ ᠬᠠᠩᠭᠠᠵᠤ ᠴᠢᠳᠠᠨ᠎ᠠ; ᠭᠠᠭ᠍ᠴᠠ ᠬᠦ᠌ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠪᠠᠯ ᠰᠠᠶᠢ ᠦᠨᠳᠦᠰᠦᠲᠡᠨ᠎ᠨᠦᠭᠦᠳ᠎ᠤᠨ ᠳᠤᠮᠳᠠᠳᠤ᠎ᠶ᠋ᠢᠨ ᠦᠨᠳᠦᠰᠦᠲᠡᠨ᠎ᠤ ᠲᠤᠬᠠᠢ ᠰᠠᠨᠠᠭᠠᠴᠢᠯᠠᠭᠠᠳᠤ ᠬᠠᠮᠲᠦ᠎ᠶ᠋ᠢᠨ ᠲᠠᠨᠢᠯᠲᠠ᠎ᠶ᠋ᠢ ᠨᠡᠮᠡᠭ᠌ᠳᠡᠭᠦᠯᠵᠦ᠍᠂ ᠦᠨᠳᠦᠰᠦᠲᠡᠨ᠎ᠤ ᠬᠠᠷᠢᠴᠠᠭ᠎ᠠ᠎ᠶ᠋ᠢ ᠬᠦᠭ᠌ᠵᠢᠬᠦᠯᠬᠦ᠌ ᠦᠵᠡᠯ ᠰᠠᠨᠠᠭᠠᠨ᠎ᠤ ᠰᠠᠭᠤᠷᠢ᠎ᠶ᠋ᠢ ᠪᠠᠬᠢᠵᠢᠭᠦᠯᠵᠦ᠍᠂ ᠬᠠᠮᠲᠦ᠎ᠶ᠋ᠢᠨ ᠲᠠᠨᠢᠯᠲᠠ ᠨᠡᠩ ᠥᠨᠳᠥᠷ᠂ ᠨᠢᠭ᠍ᠲᠠᠷᠠᠯ᠎ᠤᠨ ᠬᠦᠴᠦᠨ ᠨᠡᠩ ᠴᠢᠩᠭ᠎ᠠ ᠳᠤᠮᠳᠠᠳᠤ᠎ᠶ᠋ᠢᠨ ᠦᠨᠳᠦᠰᠦᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠤᠢ ᠪᠤᠯᠭᠠᠬᠤ᠎ᠶ᠋ᠢ ᠠᠬᠢᠭᠤᠯᠵᠤ ᠴᠢᠳᠠᠨ᠎ᠠ ᠬᠡᠲᠡᠭ᠎ᠢ ᠭᠦᠨᠵᠡᠭᠡᠶ ᠲᠠᠨᠢᠬᠤ ᠬᠡᠷᠡᠭ᠌ᠲᠡᠶ᠃ ᠡᠢᠮᠦ᠎ᠠᠴᠠ᠂ ᠪᠢᠳᠡ ᠡᠷᠬᠡᠪᠰᠢ ᠭᠡᠬᠦᠳᠡᠭ ᠴᠡᠭᠡᠵᠢᠨ᠎ᠳᠡᠭᠡᠨ 《ᠤᠯᠤᠰ᠎ᠤᠨ ᠶᠡᠭᠡ ᠶᠠᠪᠤᠳᠠᠯ》 ᠎ᠢ ᠪᠠᠭ᠍ᠲᠠᠭᠠᠵᠤ᠂ ᠴᠠᠭ ᠦᠶ᠎ᠡ᠎ᠶ᠋ᠢᠨ ᠬᠤᠪᠢᠷᠠᠯᠲᠠ᠎ᠶ᠋ᠢ ᠳᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ 《ᠬᠥᠲᠥᠯᠪᠦᠷᠢ》 ᠎ᠶ᠋ᠢ ᠴᠢᠩᠭ᠎ᠠ ᠠᠳᠭᠤᠵᠤ᠂ ᠨᠡᠢᠲᠡᠯᠢᠭ ᠴᠢᠨᠠᠷ᠎ᠢ ᠨᠡᠮᠡᠭ᠌ᠳᠡᠭᠦᠯᠬᠦ᠌ ᠴᠢᠭ᠌ᠯᠡᠯ᠎ᠢᠶᠠᠷ ᠦᠨᠳᠦᠰᠦᠲᠡᠨ᠎ᠤ ᠠᠵᠢᠯ᠎ᠢ ᠰᠠᠢᠵᠢᠷᠠᠭᠤᠯᠵᠤ᠂ ᠨᠡᠢᠲᠡᠯᠢᠭ ᠴᠢᠨᠠᠷ ᠪᠣᠯᠤᠨ ᠵᠥᠷᠢᠶᠡᠲᠦ ᠴᠢᠨᠠᠷ᠎ᠤᠨ ᠬᠤᠪᠢᠰᠤᠩᠭᠤᠢ ᠨᠢᠭᠡᠳᠦᠯ᠂ ᠦᠨᠳᠦᠰᠦᠲᠡᠨ᠎ᠤ ᠡᠯᠧᠮᠧᠨ᠋ᠲ ᠪᠣᠯᠤᠨ ᠣᠷᠣᠨ ᠪᠦᠰᠡ᠎ᠶ᠋ᠢᠨ ᠡᠯᠧᠮᠧᠨ᠋ᠲ᠎ᠤᠨ ᠣᠷᠭᠠᠨᠢᠭ ᠨᠢᠭᠡᠳᠦᠯ᠎ᠢ ᠪᠡᠶᠡᠯᠡᠭᠦᠯᠪᠡᠯ ᠰᠠᠶᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠵᠦ᠍ ᠨᠠᠷᠢᠯᠢᠭ ᠬᠢᠵᠦ᠍ ᠯᠠᠪᠳᠠᠭᠤᠨ ᠪᠠᠲᠤᠲᠠᠢ ᠬᠢᠵᠦ᠍ ᠴᠢᠳᠠᠨ᠎ᠠ᠃

ᠵᠠᠩᠬᠢᠯᠠᠭ᠎ᠠ᠎ᠶ᠋ᠢ ᠠᠳᠭᠤᠵᠦ᠍ ᠴᠢᠳᠠᠪᠠᠯ ᠲᠠᠷᠤᠢ ᠪᠦᠬᠦ᠌ ᠲᠠᠯ᠎ᠠ᠎ᠶ᠋ᠢ ᠲᠠᠢᠴᠢᠯᠠᠵᠦ᠍ ᠴᠢᠳᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ ᠪᠣᠯ ᠤᠯᠤᠰ ᠣᠷᠣᠨ᠎ᠤ ᠨᠢᠭᠡᠳᠦᠯ᠎ᠤᠨ ᠰᠠᠭᠤᠷᠢ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠤᠶᠤᠨ ᠰᠠᠨᠠᠭᠠᠨ᠎ᠤ ᠬᠦᠴᠦᠨ ᠴᠢᠳᠠᠯ᠎ᠤᠨ ᠰᠦᠭ ᠰᠦᠨᠡᠰᠦ ᠮᠥᠨ᠃ ᠪᠦᠬᠦ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠡᠷᠬᠡᠪᠰᠢ ᠶᠡᠭᠡ ᠬᠦᠴᠦ᠍ ᠣᠷᠣᠭᠤᠯᠤᠨ ᠭᠦᠨᠵᠡᠭᠡᠢ ᠰᠤᠷᠤᠯᠴᠠᠨ ᠣᠢᠯᠠᠭᠠᠵᠤ᠂ ᠣᠨᠣᠪᠴᠢᠲᠠᠢ ᠤᠢ᠍ᠢᠯᠠᠭᠠᠨ ᠡᠵᠡᠮᠱᠢᠵᠦ᠍᠂ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠳᠡᠭᠡᠳᠦ ᠬᠡᠮᠵᠢᠶ᠎ᠡ᠎ᠪᠠᠷ ᠨᠢᠭᠡᠳᠭᠡᠬᠦ᠌ ᠬᠡᠷᠡᠭ᠌ᠲᠡᠢ; ᠡᠷᠬᠡᠪᠰᠢ ᠤᠯᠤᠰ ᠲᠦᠷᠦ᠎ᠶ᠋ᠢᠨ ᠦᠨᠳᠦᠷᠴᠡ᠂ ᠲᠡᠦᠬᠡ᠎ᠶ᠋ᠢᠨ ᠭᠦᠨᠴᠡ᠂ ᠪᠣᠳᠠᠲᠤ ᠠᠬᠤᠢ᠎ᠶ᠋ᠢᠨ ᠬᠠᠷᠠᠭᠠᠰᠤ᠎ᠠᠴᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠴᠢᠬᠤᠯᠠ ᠶᠡᠭᠡ ᠠᠴᠢ ᠬᠤᠯᠪᠣᠭ᠍ᠳᠠᠯ᠎ᠢ ᠲᠠᠨᠢᠵᠤ ᠡᠵᠡᠮᠱᠢᠨ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠦᠲᠦᠯᠦᠨ ᠳᠠᠭᠠᠭᠤᠯᠵᠤ ᠪᠠᠢᠭᠠᠳ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠠᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠤᠢ ᠪᠣᠯᠭᠠᠬᠤ ᠬᠡᠷᠡᠭ᠌ᠲᠡᠢ; ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠨᠠᠮ᠎ᠤᠨ ᠦᠨᠳᠦᠰᠦᠲᠡᠨ᠎ᠤ ᠠᠵᠢᠯ᠎ᠤᠨ ᠪᠦᠬᠦ᠌ ᠶᠠᠪᠤᠴᠠ ᠡᠯ᠎ᠡ ᠲᠠᠯ᠎ᠠ᠎ᠳᠤ ᠦᠨᠡᠨ ᠬᠦ᠌ ᠲᠤᠭᠤᠱᠢᠯᠠᠭᠤᠯᠵᠤ᠂ ᠠᠯᠢᠪᠠ ᠠᠵᠢᠯ᠎ᠢ ᠴᠥᠮ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠣᠯ ᠱᠢᠵᠢᠮ ᠲᠡᠭᠡᠷ᠎ᠠ ᠲᠥᠪᠯᠡᠷᠡᠭᠦᠯᠦᠨ ᠨᠢᠭ᠍ᠲᠠᠷᠠᠭᠤᠯᠬᠤ ᠬᠡᠷᠡᠭ᠌ᠲᠡᠢ᠃

ᠳᠤᠮᠳᠠᠳᠤ᠎ᠶ᠋ᠢᠨ ᠦᠨᠳᠦᠰᠦᠲᠡᠨ᠎ᠤ ᠲᠤᠮᠤ ᠬᠡᠷ ᠪᠦᠯᠢ᠎ᠳᠤ ᠦᠨᠳᠦᠰᠦᠲᠡᠨ᠎ᠨᠦᠭᠦᠳ ᠭᠠᠭ᠍ᠴᠠ ᠬᠦ᠌ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠠᠬ᠎ᠠ ᠳᠡᠭᠦᠦ ᠮᠡᠲᠦ ᠳᠣᠲᠣᠨᠣ ᠶᠠᠪᠤᠯᠴᠠᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠪᠠᠯ ᠰᠠᠶᠢ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠶᠡᠭᠡ ᠬᠦᠰᠡᠯ ᠵᠡᠭᠦᠳᠦ᠎ᠶ᠋ᠢ ᠤᠷᠤᠭ᠍ᠰᠢᠲᠠᠶ ᠪᠡᠶᠡᠯᠡᠭᠦᠯᠵᠦ᠍᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠴᠡᠴᠡᠭᠡᠰ᠎ᠢ ᠢᠮᠠᠭ᠍ᠳᠠ ᠳᠡᠯᠭᠡᠷᠡᠭᠦᠯᠵᠦ᠍ ᠴᠢᠳᠠᠨ᠎ᠠ᠃ ᠪᠢᠳᠡ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠡᠦᠬᠡ᠎ᠶ᠋ᠢᠨ ᠵᠠᠢᠯᠠᠰᠢ ᠦᠭᠡᠢ ᠴᠢᠨᠠᠷ᠂ ᠲᠦᠢᠯ᠎ᠤᠨ ᠴᠢᠬᠤᠯᠠ ᠴᠢᠨᠠᠷ ᠪᠠ ᠠᠬᠤᠢᠴᠢ ᠬᠠᠨᠳᠤᠯᠭᠠᠲᠤ ᠴᠢᠨᠠᠷ᠎ᠢ ᠭᠦᠨᠵᠡᠭᠡᠢ ᠲᠠᠨᠢᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠴᠠᠭ ᠢᠮᠠᠭ᠍ᠲᠠ ᠭᠤᠣᠯ ᠱᠢᠵᠢᠮ ᠪᠣᠯᠭᠠᠵᠤ᠂ ᠴᠠᠭ ᠪᠢᠳᠡᠨ᠎ᠢ ᠬᠦᠯᠢᠶᠡᠬᠦ᠌ ᠦᠭᠡᠢ ᠬᠡᠰᠡᠨ ᠲᠤᠯᠭᠠᠮ ᠰᠡᠳᠭᠢᠯᠭᠡ᠂ ᠡᠭᠦᠷᠭᠡ ᠬᠠᠷᠢᠭᠤᠴᠠᠯᠭ᠎ᠠ᠎ᠪᠠᠨ ᠭᠤᠲᠤᠭᠠᠬᠤ ᠦᠭᠡᠢ ᠬᠠᠷᠢᠭᠤᠴᠠᠯᠭᠠᠲᠤ ᠰᠡᠳᠭᠢᠯᠭᠡ ᠪᠠ ᠳᠡᠭᠡᠳᠦ ᠬᠡᠮᠵᠢᠶᠡᠨ᠎ᠤ ᠤᠯᠤᠰ ᠲᠦᠷᠦ᠎ᠶ᠋ᠢᠨ ᠤᠬᠠᠮᠰᠠᠷ᠎ᠢᠶᠠᠷ ᠨᠠᠮ᠎ᠤᠨ ᠲᠥᠪ ᠬᠤᠷᠢᠶᠠᠨ᠎ᠤ ᠦᠨᠳᠦᠰᠦᠲᠡᠨ᠎ᠤ ᠠᠵᠢᠯ᠎ᠤᠨ ᠲᠤᠬᠠᠢ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ᠎ᠨᠢ ᠪᠣᠳᠠᠲᠠᠢ᠎ᠳᠤ ᠨᠠᠢᠳᠠᠪᠤᠷᠢᠵᠢᠭᠤᠯᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠬᠦ᠌ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ᠂ ᠱᠢᠨ᠎ᠡ ᠠᠶᠠᠨ᠎ᠳᠤ ᠮᠣᠷᠳᠠᠬᠤ ᠥᠪᠥᠷ ᠮᠣᠩᠭᠤᠯ᠎ᠤᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠲᠡᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号