ᠬᠦᠬᠡᠬᠤᠳᠠ ᠠᠯᠪᠠᠨ ᠵᠢᠷᠤᠮ᠎ᠤᠨ ᠰᠤᠷᠭᠠᠨ ᠬᠦᠮᠦᠵᠢᠯ᠎ᠤᠨ ᠱᠠᠳᠤᠨ᠎ᠤ 52499 ᠰᠤᠷᠤᠭ᠍ᠴᠢ᠎ᠶ᠋ᠢ ᠢᠯᠡ᠎ᠪᠠᠷ ᠠᠩᠬᠢ ᠬᠤᠪᠢᠶᠠᠪᠠ
2021-09-07 09:24:16
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠤᠢ᠍ᠢᠷ᠎ᠡ᠎ᠶ᠋ᠢᠨ ᠡᠳᠦᠷ᠂ 2021 ᠣᠨ᠎ᠤ ᠬᠥᠬᠡᠬᠤᠲᠠ᠎ᠶ᠋ᠢᠨ ᠳᠥᠷᠪᠡᠨ ᠲᠣᠭᠤᠷᠢᠭ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠱᠠᠲᠤᠨ᠎ᠤ ᠰᠤᠷᠭᠠᠭᠤᠯᠢ᠎ᠶ᠋ᠢᠨ ᠢᠯᠡ᠎ᠪᠠᠷ ᠠᠩᠭᠢ ᠬᠤᠪᠢᠶᠠᠬᠤ ᠬᠤᠷᠠᠯ ᠬᠦᠬᠡᠬᠤᠳᠠ᠎ᠶ᠋ᠢᠨ ᠰᠤᠷᠭᠠᠨ ᠬᠥᠮᠦᠵᠢᠯ᠎ᠤᠨ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠲᠥᠪ᠎ᠲᠤ ᠶᠠᠪᠤᠭ᠍ᠳᠠᠪᠠ᠃ ᠡᠨᠡ ᠵᠢᠯ ᠪᠥᠬᠦ᠌ ᠬᠤᠲᠠ᠎ᠶ᠋ᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠱᠠᠲᠤᠨ᠎ᠤ ᠢᠯᠡ᠎ᠪᠠᠷ ᠠᠩᠭᠢ ᠬᠤᠪᠢᠶᠠᠬᠤ ᠰᠣᠷᠣᠭ᠍ᠴᠢ ᠨᠡᠢᠲᠡ 52499 ᠬᠥᠮᠦᠨ ᠪᠠᠢᠵᠤ᠂ ᠨᠡᠢᠲᠡ 1103 ᠠᠩᠭᠢ ᠬᠤᠪᠢᠶᠠᠵᠤ᠂ ᠢᠯᠡ᠎ᠪᠠᠷ ᠠᠩᠭᠢ ᠬᠤᠪᠢᠶᠠᠬᠤ᠎ᠳᠤ ᠤᠷᠤᠯᠴᠠᠭ᠍ᠰᠠᠨ ᠠᠩᠭᠢ᠎ᠶ᠋ᠢᠨ ᠡᠷᠬᠢᠯᠡᠭ᠌ᠴᠢ ᠪᠠᠭ᠍ᠰᠢ 1103 ᠪᠠᠢᠨ᠎ᠠ᠃ ᠡᠭᠦᠨ᠎ᠳᠤ ᠪᠠᠭ᠎ᠠ ᠰᠤᠷᠭᠠᠭᠤᠯᠢ᠎ᠶ᠋ᠢᠨ ᠨᠢᠬᠡᠳᠦᠬᠡᠷ ᠤᠨ᠎ᠳᠤ ᠤᠷᠤᠬᠤ ᠰᠤᠷᠤᠭ᠍ᠴᠢ 30555 ᠪᠠᠢᠵᠤ᠂ 645 ᠠᠩᠬᠢ ᠬᠤᠪᠢᠶᠠᠵᠤ᠂ ᠠᠩᠭᠢ᠎ᠶ᠋ᠢᠨ ᠡᠷᠬᠢᠯᠡᠭ᠌ᠴᠢ ᠪᠠᠭ᠍ᠰᠢ 645 ᠪᠠᠢᠨ᠎ᠠ᠃ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠨᠢᠬᠡᠳᠦᠬᠡᠷ ᠤᠨ᠎ᠳᠤ ᠤᠷᠤᠬᠤ ᠰᠤᠷᠤᠭ᠍ᠴᠢ 21944 ᠪᠠᠢᠵᠤ᠂ 458 ᠠᠩᠬᠢ ᠬᠤᠪᠢᠶᠠᠵᠤ᠂ ᠠᠩᠭᠢ᠎ᠶ᠋ᠢᠨ ᠡᠷᠬᠢᠯᠡᠭ᠌ᠴᠢ ᠪᠠᠭ᠍ᠰᠢ 458 ᠪᠠᠢᠨ᠎ᠠ᠃

ᠣᠢᠯᠠᠭᠠᠭ᠍ᠰᠠᠨ᠎ᠢᠶᠠᠷ᠂ ᠢᠯᠡ᠎ᠪᠠᠷ ᠠᠩᠭᠢ ᠬᠤᠪᠢᠶᠠᠬᠤ ᠠᠵᠢᠯ ᠪᠣᠯ ᠬᠥᠬᠡᠬᠤᠲᠠ᠎ᠶ᠋ᠢᠨ ᠰᠤᠷᠭᠠᠨ ᠬᠥᠮᠦᠵᠢᠯ᠎ᠤᠨ ᠲᠣᠪᠴᠢᠶ᠎ᠠ᠎ᠶ᠋ᠢᠨ ᠣᠯᠠᠨ ᠲᠦᠮᠡᠨ᠎ᠤ ᠲᠤᠰᠭᠠᠯ ᠴᠢᠩᠭ᠎ᠠ ᠪᠠᠢᠭ᠎ᠠ 《ᠠᠩᠭᠢ ᠰᠣᠩᠭᠤᠬᠤ ᠬᠠᠯᠠᠮᠱᠢᠯ》᠂ 《ᠪᠠᠭ᠍ᠰᠢ ᠰᠣᠩᠭᠤᠬᠤ ᠬᠠᠯᠠᠮᠱᠢᠯ》 ᠵᠡᠷᠭᠡ ᠤᠯᠠᠨ ᠲᠦᠮᠡᠨ᠎ᠤ ᠪᠠᠴᠢᠮᠳᠠᠵᠤ ᠲᠦᠪᠡᠭ᠌ᠳᠡᠵᠤ ᠵᠣᠪᠠᠨᠢᠵᠤ ᠬᠦᠰᠡᠵᠦ᠍》 ᠪᠠᠢᠭ᠎ᠠ ᠠᠰᠠᠭᠤᠳᠠᠯ᠎ᠢ ᠬᠦᠴᠦᠯᠡᠨ ᠱᠢᠢᠳᠪᠤᠷᠢᠯᠡᠬᠦ᠌᠎ᠶ᠋ᠢᠨ ᠲᠥᠯᠥᠭᠡ᠂ 《ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠶᠠᠰᠤ ᠴᠢᠨᠠᠷ᠎ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠲᠤᠬᠠᠶ ᠨᠠᠮ᠎ᠤᠨ ᠲᠥᠪ ᠬᠤᠷᠢᠶ᠎ᠠ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠰᠠᠨᠠᠯ》 ᠪᠠ 《ᠬᠥᠬᠡᠬᠤᠲᠠ᠎ᠶ᠋ᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠱᠠᠲᠤᠨ᠎ᠤ ᠰᠤᠷᠭᠠᠭᠤᠯᠢ᠎ᠶ᠋ᠢᠨ 〈ᠢᠯᠡ᠎ᠪᠠᠷ ᠠᠩᠭᠢ ᠬᠤᠪᠢᠶᠠᠬᠤ〉 ᠠᠵᠢᠯ᠎ᠤᠨ ᠬᠡᠷᠡᠭ᠌ᠵᠢᠭᠦᠯᠬᠦ᠌ ᠰᠠᠨᠠᠯ》 ᠶᠤᠰᠤᠭᠠᠷ᠂ 2021 ᠣᠨ᠎ᠤ ᠬᠥᠬᠡᠬᠤᠲᠠ᠎ᠶ᠋ᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠱᠠᠲᠤᠨ᠎ᠤ ᠨᠢᠬᠡᠳᠦᠬᠡᠷ ᠤᠨ᠎ᠤ ᠱᠢᠨ᠎ᠡ ᠰᠣᠷᠣᠭ᠍ᠴᠢ᠎ᠶ᠋ᠢ ᠦᠷᠭᠦᠯᠵᠢᠯᠡᠨ ᠢᠯᠡ᠎ᠪᠠᠷ ᠠᠩᠭᠢ ᠬᠤᠪᠢᠶᠠᠭ᠍ᠰᠠᠨ ᠪᠠᠢᠨ᠎ᠠ᠃ ᠢᠯᠡ᠎ᠪᠠᠷ ᠠᠩᠭᠢ ᠬᠤᠪᠢᠶᠠᠭ᠍ᠰᠠᠨ ᠦᠷ᠎ᠡ ᠳ᠋ᠦᠩ᠎ᠢ ᠲᠡᠷᠡ ᠳᠠᠷᠤᠶ᠎ᠳᠤᠨᠢ ᠬᠥᠬᠡᠬᠤᠲᠠ᠎ᠶ᠋ᠢᠨ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠮᠡᠳᠡᠭᠡ ᠵᠠᠩᠭᠢ᠎ᠶ᠋ᠢᠨ ᠰᠦᠯᠵᠢᠶ᠎ᠡ᠎ᠳᠤ ᠨᠡᠢᠲᠡᠯᠡᠵᠦ᠍᠂ ᠰᠣᠷᠣᠭ᠍ᠴᠢ ᠪᠣᠯᠤᠨ ᠬᠡᠷ᠎ᠤᠨ ᠠᠬᠠᠮᠠᠳ᠎ᠤᠨ ᠠᠰᠠᠭᠤᠨ ᠯᠠᠪᠯᠠᠬᠤ᠎ᠳᠤ ᠲᠥᠬᠦᠮ ᠦᠵᠡᠬᠦᠯᠪᠠ᠃ ᠡᠭᠦᠨ᠎ᠤ ᠬᠠᠮᠲᠤ᠌᠂ ᠰᠤᠷᠭᠠᠭᠤᠯᠢ ᠡᠬᠢᠯᠡᠬᠦ᠌᠎ᠠᠴᠠ ᠡᠮᠦᠨ᠎ᠡ ᠡᠯ᠎ᠡ ᠰᠤᠷᠭᠠᠭᠤᠯᠢ᠎ᠨᠢ ᠰᠤᠷᠭᠠᠭᠤᠯᠢ᠎ᠶ᠋ᠢᠨ ᠬᠦᠷᠢᠶᠡᠨ᠎ᠤ ᠢᠯᠡ ᠪᠠᠢᠷᠢᠨ᠎ᠳᠤ ᠠᠩᠭᠢ ᠬᠤᠪᠢᠶᠠᠭ᠍ᠰᠠᠨ ᠦᠷ᠎ᠡ ᠳ᠋ᠦᠩ᠎ᠢᠶᠠᠨ ᠵᠠᠷᠯᠠᠨ ᠨᠡᠢᠲᠡᠯᠡᠭ᠌ᠰᠡᠨ ᠪᠠᠢᠨ᠎ᠠ᠃

ᠬᠦᠬᠡᠬᠤᠳᠠ ᠢᠯᠡ᠎ᠪᠠᠷ ᠠᠩᠭᠢ ᠬᠤᠪᠢᠶᠠᠬᠤ᠎ᠪᠠᠷ ᠳᠠᠮᠵᠢᠭᠤᠯᠤᠨ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠱᠠᠲᠤᠨ᠎ᠤ ᠰᠣᠷᠣᠭ᠍ᠴᠢ ᠡᠯᠰᠡᠬᠦ᠌ ᠠᠵᠢᠯ᠎ᠤᠨ ᠢᠯᠡ᠎ᠪᠠᠷ ᠰᠣᠷᠣᠭ᠍ᠴᠢ ᠡᠯᠰᠡᠬᠦ᠌ ᠰᠠᠭᠤᠷᠢᠨ ᠳᠡᠭᠡᠷ᠎ᠡ ᠨᠠᠩ ᠡᠷᠬᠡ ᠲᠡᠭ᠌ᠰᠢ᠂ ᠲᠥᠪ ᠭᠤᠤᠯᠴᠢ᠂ ᠢᠯᠡ ᠲᠣᠳᠣ ᠪᠠᠢᠬᠤ᠎ᠶ᠋ᠢ ᠴᠢᠨᠠᠬ᠍ᠰᠢᠳᠡ ᠳᠥᠯᠭᠢᠨ ᠠᠬᠢᠭᠤᠯᠪᠠ᠃ ᠡᠨᠡ᠎ᠨᠢ ᠪᠦᠬᠦ᠌ ᠬᠤᠲᠠ᠎ᠶ᠋ᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠰᠠᠢᠲᠠᠢ ᠲᠡᠩᠴᠡᠭᠦᠷᠢᠲᠡᠢ ᠬᠥᠭ᠌ᠵᠢᠬᠦ᠌᠎ᠶ᠋ᠢ ᠠᠬᠢᠭᠤᠯᠵᠤ᠂ ᠰᠤᠷᠤᠭ᠍ᠴᠢ ᠡᠯᠰᠡᠬᠦ᠌ ᠳᠡᠰ ᠳᠠᠷᠠᠭᠠᠯᠠᠯ᠎ᠢ ᠨᠠᠩ ᠱᠢᠨᠵᠢᠯᠡᠬᠦ᠌ ᠤᠬᠠᠭᠠᠨᠴᠢ᠎ᠪᠠᠷ ᠳᠦᠷᠢᠮᠵᠢᠭᠦᠯᠦᠨ᠂ ᠰᠤᠷᠭᠠᠨ ᠬᠥᠮᠦᠵᠢᠯ᠎ᠤᠨ ᠠᠮᠢ ᠠᠬᠤᠢ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠲᠦᠪᠱᠢᠨ᠎ᠢ ᠪᠦᠬᠦᠯᠢ ᠴᠣᠭ᠍ᠴᠠ᠎ᠪᠠᠷ᠎ᠨᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌᠎ᠳᠤ ᠢᠳᠡᠪᠬᠢᠲᠡᠢ ᠦᠢᠯᠡᠳᠦᠯ ᠦᠵᠡᠬᠦᠯᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号