ᠰᠤᠷᠭᠠᠨ ᠬᠥᠮᠦᠵᠢᠯ᠎ᠤᠨ ᠶᠠᠮᠤᠨ — ᠪᠣᠯᠪᠠᠰᠤᠷᠠᠯ᠎ᠤᠨ ᠮᠠᠲ᠋ᠧᠷᠢᠶᠠᠯ᠎ᠢ ᠵᠢᠭᠠᠬᠤ ᠪᠠᠷᠢᠮᠵᠢᠶ᠎ᠠ᠎ᠠᠴᠠ ᠬᠡᠳᠦᠷᠡᠬᠦᠯᠬᠦ᠌᠎ᠶ᠋ᠢ ᠬᠤᠷᠢᠭ᠍ᠯᠠᠪᠠ
2021-09-07 11:45:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠭᠠᠨ ᠬᠥᠮᠦᠵᠢᠯ᠎ᠤᠨ ᠶᠠᠮᠤᠨ ᠣᠷᠴᠢᠮᠬᠠᠨ 《ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠮᠠᠲ᠋ᠧᠷᠢᠶᠠᠯ᠎ᠤᠨ ᠬᠠᠮᠢᠶᠠᠷᠤᠯᠲᠠ᠎ᠶ᠋ᠢᠨ ᠠᠷᠭ᠎ᠠ (ᠲᠤᠷᠱᠢᠨ ᠬᠡᠷᠡᠭ᠌ᠵᠢᠭᠦᠯᠬᠦ᠌)》 ᠎ᠶ᠋ᠢ ᠳᠠᠷᠤᠮᠠᠯᠯᠠᠨ ᠲᠠᠷᠬᠠᠭᠠᠪᠠ᠃ 《ᠬᠠᠮᠢᠶᠠᠷᠤᠯᠲᠠ᠎ᠶ᠋ᠢᠨ ᠠᠷᠭ᠎ᠠ》 ᠎ᠳᠤ ᠰᠤᠷᠭᠠᠭᠤᠯᠢ᠎ᠶ᠋ᠢᠨ ᠭᠠᠳᠠᠨᠠᠭᠢ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠥᠪᠡᠰᠦᠪᠡᠨ ᠨᠠᠢᠷᠠᠭᠤᠯᠤᠭ᠍ᠰᠠᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠲᠤ ᠬᠠᠨᠳᠤᠭᠤᠯᠤᠭ᠍ᠰᠠᠨ ᠪᠣᠶ ᠪᠥᠬᠦᠶ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠱᠢᠨᠵᠢᠯᠡᠭᠡᠨ᠎ᠤ ᠲᠥᠷᠥᠯ ᠪᠠ ᠱᠢᠨᠵᠢᠯᠡᠭᠡᠨ᠎ᠤ ᠪᠤᠰᠤ ᠲᠥᠷᠥᠯ᠎ᠤᠨ ᠪᠣᠯᠪᠠᠰᠤᠷᠠᠯ᠎ᠤᠨ ᠮᠠᠲ᠋ᠧᠷᠢᠶᠠᠯ᠎ᠳᠤ ᠪᠥᠬᠦ᠌ ᠲᠠᠯ᠎ᠠ᠎ᠶ᠋ᠢᠨ ᠵᠢᠷᠤᠮᠵᠢᠯ᠎ᠤᠨ ᠱᠠᠭᠠᠷᠳᠠᠯᠭ᠎ᠠ ᠳᠤᠷᠠᠳᠴᠠᠶ᠃ ᠡᠭᠦᠨ᠎ᠤ ᠬᠠᠮᠲᠤ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠣᠷᠣᠭ᠍ᠴᠢᠳ᠎ᠤᠨ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠮᠠᠲ᠋ᠧᠷᠢᠶᠠᠯ᠎ᠢ ᠵᠢᠭᠠᠬᠤ ᠪᠠᠷᠢᠮᠵᠢᠶ᠎ᠠ᠎ᠠᠴᠠ ᠬᠡᠲᠦᠷᠡᠭᠦᠯᠦᠨ᠂ ᠵᠢᠭᠠᠬᠤ ᠠᠬᠢᠴᠠ᠎ᠠᠴᠠ ᠤᠷᠢᠳᠴᠢᠯᠠᠨ ᠰᠤᠷᠤᠯᠴᠠᠭᠤᠯᠬᠤ ᠠᠭᠤᠯᠭ᠎ᠠ ᠤᠷᠤᠭᠤᠯᠬᠤ᠎ᠶ᠋ᠢ ᠬᠤᠷᠢᠭ᠍ᠯᠠᠭ᠍ᠰᠠᠨ ᠪᠠᠢᠨ᠎ᠠ᠃

◆ ᠮᠠᠲ᠋ᠧᠷᠢᠶᠠᠯ᠎ᠤᠨ ᠠᠭᠤᠯᠭ᠎ᠠ᠎ᠶ᠋ᠢ ᠨᠠᠢᠷᠠᠭᠤᠯᠤᠨ ᠬᠢᠨᠠᠬᠤ ᠪᠠᠷᠢᠮᠵᠢᠶ᠎ᠠ᠎ᠶ᠋ᠢ ᠲᠣᠳᠣᠷᠬᠠᠢᠯᠠᠪᠠ᠃ ᠪᠣᠯᠪᠠᠰᠤᠷᠠᠯ᠎ᠤᠨ ᠮᠠᠲ᠋ᠧᠷᠢᠶᠠᠯ᠎ᠤᠨ ᠦᠵᠡᠯ ᠰᠠᠨᠠᠭᠠᠴᠢ ᠴᠢᠨᠠᠷ᠂ ᠱᠢᠨᠵᠢᠯᠡᠬᠦ᠌ ᠤᠬᠠᠭᠠᠨᠴᠢ ᠴᠢᠨᠠᠷ ᠪᠠ ᠲᠣᠬᠢᠷᠠᠮᠵᠢᠲᠤ ᠴᠢᠨᠠᠷ᠎ᠤᠨ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠤ᠌᠂ ᠵᠢᠭᠠᠬᠤ ᠪᠠᠷᠢᠮᠵᠢᠶ᠎ᠠ᠎ᠠᠴᠠ ᠬᠡᠲᠦᠷᠡᠭᠦᠯᠦᠨ ᠵᠢᠭᠠᠬᠤ ᠠᠬᠢᠴᠠ᠎ᠠᠴᠠ ᠤᠷᠢᠳᠴᠢᠯᠠᠨ ᠰᠤᠷᠤᠯᠴᠠᠭᠤᠯᠬᠤ ᠠᠭᠤᠯᠭ᠎ᠠ ᠤᠷᠤᠭᠤᠯᠵᠦ᠍ ᠪᠣᠯᠬᠤ ᠥᠬᠡᠶ ᠭᠡᠵᠦ᠍ ᠴᠢᠬᠤᠯᠠᠴᠢᠯᠠᠪᠠ; 12 ᠵᠦᠢᠯ᠎ᠤᠨ ᠨᠠᠵᠠᠭᠠᠢ ᠲᠠᠯ᠎ᠠ᠎ᠶ᠋ᠢᠨ ᠨᠠᠷᠢᠨ ᠲᠠᠩᠰᠠ᠎ᠶ᠋ᠢ ᠭᠠᠷᠭᠠᠵᠤ᠂ ᠤᠯᠤᠰ ᠲᠦᠷᠦ᠎ᠶ᠋ᠢᠨ ᠬᠤᠷᠢᠭ᠎ᠠ ᠱᠤᠭᠤᠮ᠎ᠢ ᠪᠠᠲᠤ ᠰᠠᠬᠢᠵᠤ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠰᠠᠭᠤᠳᠠᠯ᠎ᠢ ᠭᠠᠷᠭᠠᠵᠤ ᠪᠣᠯᠬᠤ ᠦᠭᠡᠢ᠂ ᠵᠥᠪ ᠣᠨᠣᠪᠴᠢᠲᠠᠢ ᠬᠥᠮᠦᠵᠢᠭᠦᠯᠬᠦ᠌ ᠴᠢᠭ᠌ᠯᠡᠯ᠎ᠢ ᠪᠠᠲᠤᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

◆ ᠬᠠᠮᠢᠶ᠎ᠠ ᠪᠥᠬᠦᠶ ᠬᠥᠮᠦᠰ᠎ᠤᠨ ᠬᠢᠷᠢ ᠬᠡᠮ᠎ᠤᠨ ᠪᠠᠷᠢᠮᠵᠢᠶ᠎ᠠ᠎ᠶ᠋ᠢ ᠲᠡᠭᠦᠯᠳᠡᠷᠵᠢᠭᠦᠯᠦᠨ᠎ᠡ᠃ ᠪᠣᠯᠪᠠᠰᠤᠷᠠᠯ᠎ᠤᠨ ᠮᠠᠲ᠋ᠧᠷᠢᠶᠠᠯ᠎ᠢ ᠨᠠᠢᠷᠠᠭᠤᠯᠬᠤ ᠠᠵᠢᠯᠲᠠᠨ ᠡᠷᠬᠡᠪᠰᠢ ᠤᠯᠤᠰ ᠲᠥᠷᠥ᠎ᠶ᠋ᠢᠨ ᠵᠣᠭ᠍ᠰᠣᠯᠲᠠ ᠪᠠᠲᠤ ᠪᠠᠢᠵᠤ᠂ ᠨᠠᠮ᠎ᠤᠨ ᠰᠤᠷᠭᠠᠨ ᠬᠥᠮᠦᠵᠢᠯ᠎ᠤᠨ ᠴᠢᠭ᠌ᠯᠡᠯᠲᠡ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠬᠠᠮᠢᠶ᠎ᠠ ᠪᠥᠬᠦᠶ ᠠᠵᠢᠯ᠎ᠢ 3 ᠵᠢᠯ ᠵᠢᠴᠢ ᠲᠡᠭᠦᠨ᠎ᠠᠴᠠ ᠳᠡᠭᠡᠭ᠌ᠰᠢ ᠬᠢᠭ᠌ᠰᠡᠨ ᠪᠠᠢᠬᠤ ᠪᠦᠬᠡᠳ᠂ ᠰᠠᠢᠨ ᠰᠠᠢᠬᠠᠨ ᠦᠵᠡᠯ ᠰᠠᠨᠠᠭ᠎ᠠ ᠶᠣᠰᠣ ᠮᠣᠷᠠᠯ ᠪᠠ ᠨᠡᠢᠭᠡᠮ᠎ᠤᠨ ᠳᠦᠷᠢ ᠲᠥᠷᠬᠦ᠌ ᠵᠡᠷᠭᠡ᠎ᠲᠠᠢ ᠪᠠᠢᠬᠤ ᠬᠡᠷᠡᠭ᠌ᠲᠡᠶ; ᠱᠢᠨᠵᠢᠯᠡᠭᠡᠨ᠎ᠤ ᠲᠥᠷᠥᠯ ᠮᠠᠲ᠋ᠧᠷᠢᠶᠠᠯ᠎ᠢ ᠨᠠᠢᠷᠠᠭᠤᠯᠬᠤ ᠠᠵᠢᠯᠳᠠᠨ ᠪᠠᠭ᠍ᠰᠢ᠎ᠶ᠋ᠢᠨ ᠬᠢᠷᠢ ᠬᠡᠮ᠎ᠤᠨ ᠦᠨᠡᠮᠯᠡᠯ᠎ᠲᠠᠢ ᠪᠠᠢᠵᠤ᠂ ᠱᠢᠨᠵᠢᠯᠡᠭᠡᠨ᠎ᠤ ᠪᠤᠰᠤ ᠠᠵᠢᠯᠳᠠᠨ ᠬᠠᠮᠢᠶ᠎ᠠ ᠪᠥᠬᠦᠶ ᠠᠵᠢᠯ ᠲᠥᠷᠥᠯ᠎ᠤᠨ ᠬᠢᠷᠢ ᠬᠡᠮ᠎ᠤᠨ ᠦᠨᠡᠮᠯᠡᠯ ᠪᠤᠶᠤ ᠲᠤᠰᠭᠠᠶ ᠮᠡᠷᠭᠡᠵᠢᠯ᠎ᠤᠨ ᠴᠢᠳᠠᠪᠤᠷᠢ᠎ᠶ᠋ᠢᠨ ᠦᠨᠡᠮᠯᠡᠯ᠎ᠲᠠᠢ ᠪᠠᠢᠬᠤ ᠬᠡᠷᠡᠭ᠌ᠲᠡᠶ᠃ ᠬᠢᠨᠠᠨ ᠬᠠᠷᠭᠤᠭᠤᠯᠤᠭ᠍ᠴᠢ᠎ᠨᠢ ᠪᠠᠰᠠ ᠨᠡᠯᠢᠶᠡᠳ ᠥᠨᠳᠥᠷ ᠲᠥᠷᠥ᠎ᠶ᠋ᠢᠨ ᠪᠣᠳᠣᠯᠭ᠎ᠠ᠎ᠶ᠋ᠢᠨ ᠣᠨᠣᠯ᠎ᠤᠨ ᠬᠢᠷᠢ ᠬᠡᠮᠵᠢᠶ᠎ᠡ ᠪᠠ ᠨᠡᠯᠢᠶᠡᠳ ᠪᠠᠶᠠᠯᠢᠭ ᠬᠠᠮᠢᠶ᠎ᠠ ᠪᠥᠬᠦᠶ ᠰᠤᠷᠭᠠᠨ ᠬᠥᠮᠦᠵᠢᠯ ᠪᠤᠶᠤ ᠪᠣᠯᠪᠠᠰᠤᠷᠠᠯ᠎ᠤᠨ ᠲᠤᠷᠱᠢᠯᠭ᠎ᠠ᠎ᠲᠠᠢ ᠪᠠᠢᠬᠤ ᠬᠡᠷᠡᠭ᠌ᠲᠡᠶ᠃

◆ ᠬᠢᠨᠠᠨ ᠬᠠᠷᠭᠤᠭᠤᠯᠬᠤ ᠪᠣᠭᠤᠮᠲᠠ ᠰᠠᠬᠢᠬᠤ ᠲᠦᠷᠢᠮ᠎ᠢ ᠪᠦᠷᠢᠨᠱᠢᠭᠦᠯᠦᠨ᠎ᠡ᠃ ᠬᠢᠴᠢᠶᠡᠯ᠎ᠤᠨ ᠭᠠᠳᠠᠨᠠᠬᠢ ᠪᠤᠯᠪᠠᠰᠤᠷᠠᠯ᠎ᠤᠨ ᠪᠠᠢᠭᠤᠯᠤᠮᠵᠢ᠎ᠶ᠋ᠢ ᠬᠢᠨᠠᠨ ᠵᠦᠪᠱᠢᠶᠡᠷᠡᠬᠦ᠌ ᠰᠤᠷᠭᠠᠨ ᠬᠥᠮᠦᠵᠢᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠠᠴᠠ ᠪᠤᠳᠠᠳᠠᠢ ᠬᠢᠨᠠᠨ ᠬᠠᠮᠢᠶᠠᠷᠬᠤ ᠠᠵᠢᠯ᠎ᠢ ᠬᠠᠷᠢᠭᠤᠴᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠨᠠᠬᠢ᠂ ᠱᠢᠨᠵᠢᠯᠡᠭᠡᠨ᠎ᠤ ᠲᠥᠷᠥᠯ᠎ᠤᠨ ᠪᠠ ᠱᠢᠨᠵᠢᠯᠡᠭᠡᠨ᠎ᠤ ᠪᠤᠰᠤ ᠲᠥᠷᠥᠯ᠎ᠤᠨ ᠪᠣᠯᠪᠠᠰᠤᠷᠠᠯ᠎ᠤᠨ ᠮᠠᠲ᠋ᠧᠷᠢᠶᠠᠯ᠎ᠢ ᠲᠥᠷᠥᠯ ᠬᠤᠪᠢᠶᠠᠨ ᠬᠠᠮᠢᠶᠠᠷᠬᠤ᠎ᠶ᠋ᠢ ᠬᠡᠷᠡᠭ᠌ᠵᠢᠭᠦᠯᠬᠦ᠌ ᠬᠡᠷᠡᠭ᠌ᠲᠡᠶ᠃ ᠱᠢᠨᠵᠢᠯᠡᠭᠡᠨ᠎ᠤ ᠲᠥᠷᠥᠯ᠎ᠤᠨ ᠪᠣᠯᠪᠠᠰᠤᠷᠠᠯ᠎ᠤᠨ ᠮᠠᠲ᠋ᠧᠷᠢᠶᠠᠯ᠎ᠢ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠳᠣᠲᠣᠭᠠᠳᠤ᠎ᠶ᠋ᠢᠨ ᠬᠢᠨᠠᠨ ᠬᠠᠷᠭᠤᠭᠤᠯᠬᠤ ᠪᠠ ᠰᠤᠷᠭᠠᠨ ᠬᠥᠮᠦᠵᠢᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠨ ᠭᠠᠳᠠᠭᠠᠳᠤ᠎ᠶ᠋ᠢᠨ ᠬᠢᠨᠠᠨ ᠬᠠᠷᠭᠤᠭᠤᠯᠬᠤ᠎ᠶ᠋ᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢᠶᠠᠷ ᠬᠤᠶᠠᠷᠳᠠ ᠬᠢᠨᠠᠨ ᠬᠠᠷᠭᠤᠭᠤᠯᠤᠨ᠎ᠠ; ᠡᠭᠦᠨ᠎ᠳᠤ᠂ ᠰᠤᠷᠭᠠᠨ ᠬᠥᠮᠦᠵᠢᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠬᠢᠨᠠᠨ ᠬᠠᠷᠭᠤᠭᠤᠯᠬᠤ᠎ᠳᠠᠭᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠯᠪᠠᠰᠤᠷᠠᠯ᠎ᠤᠨ ᠬᠠᠷᠢᠴᠠᠩᠭᠤᠶ ᠲᠣᠭ᠍ᠲᠠᠮᠠᠯ ᠦᠨᠳᠦᠰᠦᠨ ᠴᠢᠨᠠᠷ᠎ᠤᠨ ᠮᠠᠲ᠋ᠧᠷᠢᠶᠠᠯ᠎ᠢ ᠪᠥᠬᠦ᠌ ᠲᠠᠯ᠎ᠠ᠎ᠪᠠᠷ ᠬᠢᠨᠠᠨ ᠬᠠᠷᠭᠤᠭᠤᠯᠵᠤ᠂ ᠮᠠᠲ᠋ᠧᠷᠢᠶᠠᠯ᠎ᠤᠨ ᠬᠥᠮᠥᠷᠭᠡ᠂ ᠸᠢᠳᠢᠣ᠋ ᠵᠡᠷᠭᠡ ᠬᠡᠯᠪᠡᠷᠢ᠎ᠶ᠋ᠢᠨ ᠪᠣᠯᠪᠠᠰᠤᠷᠠᠯ᠎ᠤᠨ ᠮᠠᠲ᠋ᠧᠷᠢᠶᠠᠯ᠎ᠢ ᠰᠤᠭᠤᠴᠢᠨ ᠪᠠᠢᠴᠠᠭᠠᠨ᠎ᠠ᠃ ᠱᠢᠨᠵᠢᠯᠡᠭᠡᠨ᠎ᠤ ᠪᠤᠰᠤ ᠲᠥᠷᠥᠯ᠎ᠤᠨ ᠪᠣᠯᠪᠠᠰᠤᠷᠠᠯ᠎ᠤᠨ ᠮᠠᠲ᠋ᠧᠷᠢᠶᠠᠯ᠎ᠢ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠳᠣᠲᠣᠭᠠᠳᠤ᠎ᠶ᠋ᠢᠨ ᠬᠢᠨᠠᠨ ᠬᠠᠷᠭᠤᠭᠤᠯᠤᠭ᠍ᠰᠠᠨ ᠰᠠᠭᠤᠷᠢᠨ ᠳᠡᠭᠡᠷ᠎ᠡ᠂ ᠡᠯ᠎ᠡ ᠭᠠᠵᠠᠷ᠎ᠤᠨ ᠰᠤᠷᠭᠠᠨ ᠬᠥᠮᠦᠵᠢᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠬᠠᠮᠵᠢᠨ ᠰᠤᠭᠤᠴᠢᠨ ᠪᠠᠢᠴᠠᠭᠠᠬᠤ ᠪᠠ ᠲᠣᠭᠤᠷᠢᠨ ᠪᠠᠢᠴᠠᠭᠠᠬᠤ ᠠᠵᠢᠯ᠎ᠢ ᠥᠷᠨᠢᠭᠦᠯᠦᠨ᠎ᠡ᠃ ᠪᠣᠯᠪᠠᠰᠤᠷᠠᠯ᠎ᠤᠨ ᠮᠠᠲ᠋ᠧᠷᠢᠶᠠᠯ᠎ᠳᠤ ᠲᠣᠭ᠍ᠲᠠᠭᠠᠯ᠎ᠠᠴᠠ ᠵᠥᠷᠢᠴᠡᠭ᠌ᠰᠡᠨ ᠪᠠᠢᠳᠠᠯ ᠭᠠᠷᠪᠠᠯ᠂ ᠪᠣᠯᠪᠠᠰᠤᠷᠠᠯ᠎ᠤᠨ ᠪᠠᠢᠭᠤᠯᠤᠮᠵᠢ᠎ᠶ᠋ᠢ ᠱᠠᠯᠠᠪᠳᠠᠭᠤᠯᠵᠤ ᠬᠤᠭᠤᠴᠠᠭ᠎ᠠ ᠬᠢᠵᠠᠭᠠᠷᠯᠠᠨ ᠴᠡᠭ᠌ᠴᠡᠯᠡᠨ ᠰᠠᠢᠵᠢᠷᠠᠭᠤᠯᠬᠤ᠎ᠶ᠋ᠢᠨ ᠬᠠᠮᠲᠤ ᠬᠤᠯᠪᠣᠭ᠍ᠳᠠᠯ ᠪᠥᠬᠦᠶ ᠲᠣᠭ᠍ᠲᠠᠭᠠᠯ ᠶᠣᠰᠣᠭᠠᠷ  ᠱᠢᠢᠳᠪᠦᠷᠢᠯᠡᠬᠦ᠌ ᠪᠤᠶᠤ ᠪᠠᠢᠴᠠᠭᠠᠨ ᠱᠢᠢᠳᠪᠦᠷᠢᠯᠡᠬᠦ᠌ ᠬᠡᠷᠡᠭ᠌ᠲᠡᠶ᠃

《ᠬᠠᠮᠢᠶᠠᠷᠤᠯᠲᠠ ᠎ᠶ᠋ᠢᠨ ᠠᠷᠭ᠎ᠠ》 ᠎ᠨᠢ ᠪᠣᠯᠪᠠᠰᠤᠷᠠᠯ ᠎ᠤᠨ ᠪᠠᠢᠭᠤᠯᠤᠮᠵᠢ ᠥᠪᠡᠰᠦᠪᠡᠨ ᠪᠠᠢᠴᠠᠭᠠᠵᠤ᠂ ᠪᠣᠯᠪᠠᠰᠤᠷᠠᠯ᠎ᠤᠨ ᠦᠢᠯᠡ ᠠᠵᠢᠯᠯᠠᠭ᠎ᠠ᠎ᠪᠠᠨ ᠵᠢᠷᠤᠮᠵᠢᠭᠤᠯᠬᠤ᠎ᠳᠤ ᠴᠢᠬᠤᠯᠠ ᠦᠨᠳᠦᠰᠦᠯᠡᠯ ᠬᠠᠩᠭᠠᠭ᠍ᠰᠠᠨ ᠪᠠᠢᠨ᠎ᠠ; ᠮᠦᠨ ᠴᠤ᠌ ᠡᠯ᠎ᠡ ᠱᠠᠲᠤᠨ᠎ᠤ ᠰᠤᠷᠭᠠᠨ ᠬᠥᠮᠦᠵᠢᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠨ ᠬᠢᠨᠠᠯᠲᠠ ᠲᠠᠯᠪᠢᠵᠤ ᠪᠠᠢᠴᠠᠭᠠᠬᠤ᠎ᠳᠤ ᠦᠨᠳᠦᠰᠦᠨ ᠵᠢᠷᠤᠮᠯᠠᠯ ᠬᠠᠩᠭᠠᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号