ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠠᠢᠲᠤᠷ ᠰᠤᠷᠤᠯᠴᠠᠵᠤ ᠰᠣᠨᠣᠰᠴᠤ᠌ ᠤᠩᠱᠢᠵᠤ ᠪᠢᠴᠢᠬᠦ᠌ ᠴᠢᠳᠠᠪᠤᠷᠢ᠎ᠪᠠᠨ ᠳᠡᠭᠡᠭ᠌ᠰᠢᠯᠡᠭᠦᠯᠦᠨ᠎ᠠ
2021-09-07 09:41:56
ᠵᠣᠬᠢᠶᠠᠭ᠍ᠴᠢ᠄
ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠴᠢᠮᠪᠠᠶ ᠯᠢ ᠼᠦᠨ ᠱᠢᠶᠠ
ᠣᠩᠱᠢᠭ᠍ᠰᠠᠨ ᠣᠳᠠᠭ᠎ᠠ᠄
★★★☆☆

ᠰᠤᠷᠭᠠᠭᠤᠯᠢ ᠡᠬᠢᠯᠡᠮᠡᠭ᠌ᠴᠡ 6 ᠨᠠᠰᠤᠲᠠᠢ ᠠᠪᠢᠶᠠᠰ ᠬᠥᠬᠡᠬᠤᠲᠠ᠎ᠶ᠋ᠢᠨ ᠭᠤᠴᠢᠳᠤᠭᠠᠷ ᠳᠤᠮᠳᠠᠳᠤ ᠰᠤᠷᠭᠠᠭᠤᠯᠢ (ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠬᠠᠷᠢᠶᠠᠲᠤ ᠬᠤᠶᠠᠳᠤᠭᠠᠷ ᠪᠠᠭ᠎ᠠ ᠰᠤᠷᠭᠠᠭᠤᠯᠢ) ᠎ᠳᠤ ᠬᠦᠷᠴᠦ᠍ ᠢᠷᠡᠪᠡᠯ᠂ ᠱᠢᠨ᠎ᠡ ᠰᠤᠷᠭᠠᠭᠤᠯᠢ᠂ ᠱᠢᠨ᠎ᠡ ᠪᠠᠭ᠍ᠰᠢ᠂ ᠱᠢᠨ᠎ᠡ ᠬᠠᠮᠲᠤ ᠰᠤᠷᠤᠭ᠍ᠴᠢ᠂ ᠱᠢᠨ᠎ᠡ ᠵᠢᠭᠠᠬᠤ ᠮᠠᠲ᠋ᠧᠷᠢᠶᠠᠯ ᠶᠠᠭᠤ ᠪᠦᠬᠦᠨ᠎ᠨᠢ ᠲᠡᠬᠦᠨ᠎ᠳᠤ ᠱᠢᠨ᠎ᠡ ᠰᠡᠪᠡᠬᠦᠨ ᠰᠠᠨᠠᠭ᠍ᠳᠠᠵᠤ ᠪᠠᠢᠯ᠎ᠠ᠃ ᠲᠡᠷᠡ ᠠᠳᠡ᠎ᠠᠴᠠ ᠰᠤᠷᠤᠯᠭ᠎ᠠ᠎ᠶ᠋ᠢᠨ ᠠᠮᠢᠳᠤᠷᠠᠯ᠎ᠢᠶᠠᠨ ᠡᠬᠢᠯᠡᠭᠦᠯᠬᠦ᠌ ᠪᠤᠯᠤᠬ᠍ᠰᠠᠨ᠎ᠳᠤ᠂ ᠠᠪᠢᠶᠠᠰ᠎ᠤᠨ ᠠᠪᠤ ᠠᠯᠲᠠᠨ᠌ᠧᠴᠢᠷ ᠥᠬᠢᠨ᠎ᠤ᠎ᠪᠠᠨ ᠰᠤᠷᠭᠠᠭᠤᠯᠢ᠎ᠳᠠᠭᠠᠨ ᠤᠷᠤᠬᠤ ᠠᠷᠤ᠎ᠶ᠋ᠢᠨ ᠪᠠᠷ᠎ᠠ᠎ᠶ᠋ᠢ ᠬᠠᠷᠠᠭᠠᠳ ᠪᠠᠶᠠᠰᠤᠨ ᠲᠤᠭ᠍ᠳᠤᠯᠤᠨ᠎ᠠ᠃

ᠡᠨᠡ ᠬᠡᠳᠦᠨ ᠡᠳᠦᠷ᠂ ᠠᠯᠲᠠᠨ᠌ᠧᠴᠢᠷ ᠰᠤᠷᠭᠠᠭᠤᠯᠢ᠎ᠶ᠋ᠢᠨ ᠱᠠᠭᠠᠷᠳᠠᠯᠭ᠎ᠠ᠎ᠪᠠᠷ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠦᠰᠦᠨᠦᠭ᠌ᠲᠦ ᠲᠠᠭ᠍ᠯᠠᠬᠤ᠂ ᠪᠠᠭ᠍ᠰᠢ᠎ᠲᠠᠢ ᠬᠠᠷᠢᠯᠴᠠᠵᠤ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠪᠠᠢᠳᠠᠯ᠎ᠢ ᠣᠢᠯᠠᠭᠠᠬᠤ ᠬᠡᠳ ᠶᠠᠭᠠᠷᠠᠪᠠ᠃

ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠴᠤ᠌ ᠬᠡᠷᠡᠭ᠌ᠯᠡᠪᠡᠯ᠂ ᠬᠡᠦᠬᠡᠳ ᠴᠢᠨᠢ ᠳᠠᠭᠠᠵᠤ ᠳᠡᠢᠯᠬᠦ᠌ ᠡᠰᠡᠬᠦ᠌ ᠲᠤᠬᠠᠢ ᠰᠠᠨᠠᠭᠠᠱᠢᠷᠠᠳᠠᠭ ᠤᠤ? ᠬᠡᠪᠡᠯ᠂ ᠡᠨᠡ ᠠᠰᠠᠭᠤᠳᠠᠯ᠎ᠤᠨ ᠳᠤᠬᠠᠢ ᠠᠯᠳᠠᠨ᠌ᠧᠴᠢᠷ ᠰᠡᠳᠭᠢᠯ ᠵᠤᠪᠠᠵᠤ ᠦᠭᠡᠢ ᠪᠠᠢᠯ᠎ᠠ᠃ 《ᠥᠬᠢᠨ ᠮᠢᠨᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠲᠠᠢ ᠲᠠᠨᠢᠯ ᠪᠤᠰᠤ ᠪᠢᠰᠢ ᠪᠠᠢᠵᠦ᠍᠂ ᠺᠠᠷᠲ᠋ᠣᠨ ᠺᠢᠨᠣ᠋᠂ ᠲᠧᠯᠸᠢᠰ ᠵᠦᠴᠦᠭᠡ᠎ᠶ᠋ᠢ ᠪᠦᠷ ᠦᠵᠡᠵᠦ᠍ ᠣᠢᠯᠠᠭᠠᠴᠢᠬᠠᠨ᠎ᠠ᠃ ᠪᠢᠴᠢᠬᠠᠨ ᠨᠠᠢᠵᠠ ᠨᠠᠷ᠎ᠲᠠᠢ᠎ᠪᠠᠨ ᠨᠠᠭᠠᠳᠭᠤ ᠦᠶᠡᠰ᠂ ᠲᠡᠳᠡ ᠪᠠᠰᠠ ᠦᠷᠭᠦᠯᠵᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠠᠷ ᠤᠯᠤᠯᠴᠠᠳᠠᠬ》 ᠬᠡᠵᠦ᠍ ᠲᠡᠷᠡ ᠬᠡᠯᠡᠨ᠎ᠡ᠃

ᠨᠢᠳᠤᠨᠤᠨ᠂ ᠠᠯᠲᠠᠨ᠌ᠧᠴᠢᠷ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠤᠭ᠍ᠴᠢᠳ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠨᠢᠭᠡᠳᠦᠯᠲᠡᠢ ᠰᠤᠷᠤᠯᠴᠠᠵᠦ᠍ ᠬᠡᠷᠡᠭ᠌ᠯᠡᠬᠦ᠌ ᠪᠤᠯᠤᠬ᠍ᠰᠠᠨ᠎ᠢ ᠣᠢᠯᠠᠭᠠᠭ᠍ᠰᠠᠨ ᠪᠠᠢᠨ᠎ᠠ᠃ ᠡᠢᠮᠦ᠎ᠠᠴᠠ ᠬᠡᠦᠬᠡᠳ᠎ᠤᠨ ᠴᠡᠴᠡᠷᠯᠢᠭ ᠪᠠ ᠬᠡᠦᠬᠡᠳ᠎ᠤᠨ ᠴᠡᠴᠡᠷᠯᠢᠭ᠎ᠠᠴᠠ ᠪᠠᠭ᠎ᠠ ᠰᠤᠷᠭᠠᠭᠤᠯᠢ᠎ᠳᠤ ᠳᠡᠪᠱᠢᠬᠤ ᠠᠮᠠᠷᠠᠯᠲᠠ᠎ᠶ᠋ᠢᠨ ᠬᠤᠭᠤᠴᠠᠭᠠᠨ᠎ᠳᠤ᠂ ᠲᠡᠷᠡ ᠰᠠᠨᠠᠭᠠᠴᠢᠯᠠᠭ᠎ᠠ᠎ᠠᠴᠠ᠎ᠪᠠᠨ ᠬᠡᠦᠬᠡᠳ᠎ᠢᠶᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠢᠯᠡᠭᠦᠬᠡᠨ ᠰᠤᠷᠤᠯᠴᠠᠭᠤᠯᠵᠠᠢ᠃ 《ᠳᠤᠮᠳᠠᠳᠤ ᠤᠯᠤᠰ᠎ᠤᠨ ᠱᠢᠯᠦᠭ ᠳᠠᠭᠤᠯᠠᠯ᠎ᠤᠨ ᠴᠤᠭ᠍ᠯᠠᠭᠠᠨ》 ᠫᠷᠤᠭ᠌ᠷᠡᠮ᠎ᠢ ᠦᠵᠡᠬᠦ᠌ ᠪᠤᠯ ᠠᠪᠤ ᠬᠡᠦᠬᠡᠨ ᠬᠤᠶᠠᠭᠤᠯᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ ᠪᠦᠷᠢᠯᠳᠦᠭᠦᠯᠦᠭ᠌ᠰᠡᠨ ᠳᠠᠳᠭᠠᠯ ᠪᠣᠯᠤᠨ᠎ᠠ᠃ 《ᠫᠷᠤᠭ᠌ᠷᠠᠮ᠎ᠳᠠᠬᠢ ᠱᠢᠯᠦᠭ ᠳᠠᠭᠤᠯᠠᠯ ᠲᠤᠩ ᠪᠠᠶᠠᠯᠢᠭ᠂ ᠬᠡᠦᠬᠡᠳ ᠲᠤᠩ ᠰᠣᠨᠢᠷᠬᠠᠯᠲᠠᠶ᠃ ᠰᠤᠷᠭᠠᠭᠤᠯᠢ᠎ᠳᠠᠬᠢ ᠰᠤᠷᠤᠯᠴᠠᠯᠭ᠎ᠠ᠎ᠪᠠᠷ ᠲᠠᠮᠵᠢᠨ᠂ ᠲᠡᠷᠡ ᠨᠡᠩ ᠤᠯᠠᠨ ᠰᠣᠩᠭᠤᠳᠠᠭ ᠱᠢᠯᠦᠭ ᠳᠠᠭᠤᠯᠠᠯ᠎ᠢ ᠡᠵᠡᠮᠱᠢᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠨᠡᠩ ᠪᠣᠯᠪᠠᠰᠤᠷᠠᠩᠭᠤᠢ ᠡᠵᠡᠮᠱᠢᠵᠦ᠍ ᠬᠡᠷᠡᠭ᠌ᠯᠡᠬᠦ᠌᠎ᠳᠤ ᠪᠠᠳᠤ ᠢᠳᠡᠬᠡᠯ᠎ᠲᠠᠢ ᠪᠠᠢᠨ᠎ᠠ》 ᠭᠡᠵᠦ᠍ ᠠᠯᠲᠠᠨ᠌ᠧᠴᠢᠷ ᠬᠡᠯᠡᠪᠡ᠃

ᠡᠨᠡ ᠲᠤᠬᠠᠶ ᠬᠥᠬᠡᠬᠤᠲᠠ᠎ᠶ᠋ᠢᠨ ᠮᠣᠩᠭᠤᠯ ᠦᠨᠳᠦᠰᠦᠲᠡᠨ᠎ᠤ ᠰᠤᠷᠭᠠᠭᠤᠯᠢ᠎ᠶ᠋ᠢᠨ ᠪᠠᠭ᠍ᠰᠢ ᠸᠠᠩ ᠬᠤᠩ ᠶᠢᠩ᠂ ᠶᠡᠷᠦ᠎ᠶ᠋ᠢᠨ ᠪᠠᠢᠳᠠᠯ᠎ᠳᠤ᠂ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠬᠤᠲᠠ᠎ᠳᠤ ᠲᠦᠷᠦᠵᠦ᠍ ᠦᠰᠦᠭ᠌ᠰᠡᠨ ᠰᠣᠷᠣᠭ᠍ᠴᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ 《ᠰᠣᠨᠣᠰᠭᠤ》 ᠪᠠ 《ᠬᠡᠯᠡᠬᠦ᠌》 ᠳᠠᠯ᠎ᠠ᠎ᠪᠠᠷ ᠬᠦᠴᠢᠷᠳᠡᠬᠦ᠌ ᠦᠬᠡᠢ᠂ ᠭᠤᠤᠯᠳᠠᠭᠤ 《ᠤᠩᠱᠢᠬᠤ》 ᠪᠠ 《ᠪᠢᠴᠢᠬᠦ᠌》 ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠴᠢᠬᠤᠯᠠᠳᠠᠢ ᠪᠠᠢᠵᠦ᠍᠂ ᠡᠨᠡ᠎ᠨᠢ ᠱᠢᠰᠲ᠋ᠧᠮ᠎ᠲᠠᠢ ᠰᠤᠷᠤᠯᠴᠠᠯᠭ᠎ᠠ᠎ᠪᠠᠷ ᠳᠡᠮᠵᠢᠨ ᠪᠡᠶᠡᠯᠡᠭ᠌ᠳᠡᠨ᠎ᠠ ᠬᠡᠪᠡ᠃

ᠰᠣᠶᠣᠯ ᠪᠣᠯ ᠬᠥᠬᠡᠬᠤᠲᠠ᠎ᠶ᠋ᠢᠨ ᠮᠣᠩᠭᠤᠯ ᠦᠨᠳᠦᠰᠦᠲᠡᠨ᠎ᠤ ᠰᠤᠷᠭᠠᠭᠤᠯᠢ᠎ᠶ᠋ᠢᠨ ᠳᠣᠯᠣᠳᠤᠭᠠᠷ ᠣᠨ᠎ᠤ ᠰᠤᠷᠤᠭ᠍ᠴᠢ ᠪᠣᠯᠤᠨ᠎ᠠ᠂ ᠥᠩᠭᠡᠷᠡᠭ᠌ᠰᠡᠨ ᠨᠢᠭᠡ ᠵᠢᠯ᠎ᠳᠤ᠂ ᠲᠡᠷᠡ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠴᠤ᠌ ᠬᠡᠷᠡᠭ᠌ᠯᠡᠬᠦ᠌᠎ᠪᠠᠷ ᠲᠠᠮᠵᠢᠵᠦ᠍ ᠪᠠᠭ᠎ᠠ ᠪᠤᠰᠤ᠎ᠶ᠋ᠢᠨ ᠣᠯᠤᠯᠲᠠ᠎ᠲᠠᠢ ᠪᠤᠯᠵᠠᠢ᠃ 《ᠲᠧᠯᠸᠢᠰ ᠳᠡᠭᠡᠷ᠎ᠡ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠲᠤᠰᠭᠠᠶ ᠪᠤᠯᠤᠩ ᠭᠠᠷᠭᠠᠵᠤ᠂ ᠬᠡᠦᠬᠡᠳ᠎ᠤᠳ᠎ᠤᠨ ᠵᠣᠨ᠎ᠤ ᠠᠮᠠᠷᠠᠯᠲᠠ᠎ᠶ᠋ᠢᠨ ᠴᠠᠭ᠎ᠢ ᠠᠱᠢᠬ᠍ᠯᠠᠨ ᠬᠠᠮᠢᠶ᠎ᠠ ᠪᠥᠬᠦᠶ ᠮᠡᠳᠡᠯᠭᠡ᠎ᠶ᠋ᠢ ᠳᠠᠬᠢᠨ ᠳᠠᠪᠲᠠᠨ ᠰᠤᠷᠤᠯᠴᠠᠬᠤ᠎ᠳᠤ ᠲᠥᠬᠦᠮ ᠦᠵᠡᠭᠦᠯᠪᠡ᠃ ᠡᠨᠡ᠎ᠨᠢ ᠬᠡᠦᠭᠡᠤᠨ᠎ᠤᠨ ᠤᠩᠱᠢᠵᠤ ᠪᠢᠴᠢᠬᠦ᠌ ᠴᠢᠳᠠᠪᠤᠷᠢ ᠮᠡᠳᠡᠭ᠌ᠳᠡᠮ᠎ᠡ ᠳᠡᠬᠡᠭ᠌ᠰᠢᠯᠡᠭᠦ᠎ᠳᠤ ᠮᠠᠰᠢ ᠶᠡᠭᠡ ᠲᠤᠰᠠ ᠪᠤᠯᠤᠬ᠍ᠰᠠᠨ》 ᠬᠡᠵᠦ᠍ ᠰᠤᠶᠤᠯ᠎ᠤᠨ ᠡᠵᠢ ᠮᠦᠳᠠᠨ ᠪᠠᠶᠠᠷᠲᠠᠢᠬᠠᠨ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号