ᠰᠤᠷᠤᠭ᠍ᠴᠢᠳ᠎ᠲᠠᠭᠠᠨ ᠬᠠᠮᠤᠭ᠎ᠤᠨ ᠰᠠᠢᠨ ᠬᠦᠮᠦᠵᠢᠯ ᠬᠦᠷᠳᠡᠭᠡᠨ᠎ᠠ — ᠪᠦᠬᠦ᠌ ᠤᠷᠤᠨ᠎ᠤ ᠱᠢᠯᠢᠳᠡᠭ ᠡᠪ ᠬᠠᠮᠳᠤ ᠨᠠᠮ᠎ᠤᠨ ᠬᠡᠱᠢᠭᠦᠨ ᠸᠠᠩ ᠵᠢᠶᠠᠨ ᠬᠤᠸᠠ᠎ᠶ᠋ᠢ ᠳᠡᠮᠳᠡᠭ᠌ᠯᠡᠪᠡ
2021-09-08 08:37:37
ᠵᠣᠬᠢᠶᠠᠭ᠍ᠴᠢ᠄
ᠬᠤᠷᠴᠠ ᠭᠤᠤ ᠮᠢᠨ ᠨᠠ
ᠣᠩᠱᠢᠭ᠍ᠰᠠᠨ ᠣᠳᠠᠭ᠎ᠠ᠄
★★★☆☆


图片.png

 

ᠸᠠᠩ ᠵᠢᠶᠠᠨ ᠬᠤᠸᠠ ᠨᠤᠮ ᠤᠩᠱᠢᠵᠦ᠍ ᠪᠠᠢᠭ᠎ᠠ᠎ᠨᠢ


ᠰᠤᠷᠭᠠᠭᠤᠯᠢ ᠡᠬᠢᠯᠡᠬᠦ᠌ ᠤᠢ᠍ᠢᠷᠠᠳᠤᠬᠤ᠎ᠪᠠᠷ᠂ ᠬᠢᠨᠭ᠌ᠭᠠᠨ ᠠᠢᠮᠠᠭ᠎ᠤᠨ ᠤᠯᠠᠭᠠᠨᠬᠤᠳᠠ᠎ᠶ᠋ᠢᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ᠎ᠨᠢ ᠵᠢᠯ᠎ᠳᠤ ᠨᠢᠭᠡ ᠤᠳᠠᠭ᠎ᠠ ᠶᠠᠪᠤᠭ᠍ᠳᠠᠭᠤᠯᠳᠠᠭ ᠱᠢᠨ᠎ᠡ ᠰᠤᠷᠤᠬ᠍ᠴᠢᠳ᠎ᠤᠨ ᠭᠡᠷ ᠪᠦᠯᠢ᠎ᠶ᠋ᠢᠨ ᠰᠤᠷᠪᠤᠯᠵᠢᠯᠠᠭ᠎ᠠ᠎ᠶ᠋ᠢᠨ ᠠᠵᠢᠯ᠎ᠢᠶᠠᠨ ᠡᠬᠢᠯᠡᠭᠦᠯᠤᠯ᠎ᠠ᠃ ᠤᠢ᠍ᠢᠷ᠎ᠠ᠎ᠶ᠋ᠢᠨ ᠭᠡᠳᠤᠨ ᠡᠳᠤᠷ᠎ᠲᠤ᠌᠂ ᠲᠤᠯᠤᠳᠤᠭᠠᠷ ᠤᠨ᠎ᠤ ᠨᠠᠢ᠍ᠮᠠᠳᠤᠭᠠᠷ ᠠᠩᠬᠢ᠎ᠶ᠋ᠢᠨ ᠡᠷᠬᠢᠯᠡᠭ᠌ᠴᠢ ᠯᠢᠦ ᠸᠧᠢ ᠱᠢᠨ᠎ᠡ ᠰᠤᠷᠤᠬ᠍ᠴᠢᠳ᠎ᠤᠨ ᠭᠡᠷ᠎ᠢᠶᠠᠷ ᠬᠦᠷᠴᠦ᠍᠂ ᠭᠡᠷ᠎ᠤᠨ ᠠᠬᠠᠮᠠᠳ᠎ᠤᠨ ᠰᠡᠳᠭᠢᠯ᠎ᠤᠨ ᠦᠭᠡ᠎ᠶ᠋ᠢ ᠰᠤᠨᠤᠰᠴᠤ᠌᠂ ᠬᠡᠦᠬᠡᠳ ᠪᠤᠯᠤᠨ ᠭᠡᠷ᠎ᠤᠨ ᠠᠬᠠᠮᠠᠳ᠎ᠤᠨ ᠰᠤᠷᠭᠠᠭᠤᠯᠢ ᠡᠬᠢᠯᠡᠬᠦ᠌ ᠪᠡᠯᠡᠳᠭᠡᠯ ᠬᠢᠬᠦ᠌᠎ᠳᠤ ᠬᠠᠪᠰᠤᠷᠤᠯᠭ᠎ᠠ ᠦᠵᠡᠬᠦᠯᠤᠨ᠎ᠠ᠃

《〈ᠢᠯᠡ᠎ᠪᠠᠷ ᠠᠩᠬᠢ ᠬᠤᠪᠢᠶᠠᠬᠤ〉 ᠪᠤᠯᠤᠭ᠍ᠰᠠᠨ᠎ᠤ ᠳᠠᠷᠠᠭ᠎ᠠ᠂ ᠪᠢᠳᠡ ᠬᠡᠳᠦᠨ ᠡᠳᠦᠷ᠎ᠤᠨ ᠴᠠᠭ ᠵᠠᠷᠤᠴᠠᠭᠤᠯᠵᠤ ᠪᠠᠢᠮᠠᠨᠵᠢᠨ ᠱᠢᠨ᠎ᠡ ᠰᠤᠷᠤᠬ᠍ᠴᠢᠳ᠎ᠤᠨ ᠭᠡᠷ᠎ᠢᠶᠠᠷ ᠬᠦᠷᠴᠦ᠍᠂ ᠬᠡᠷ᠎ᠤᠨ ᠠᠬᠠᠮᠠᠳ᠎ᠲᠠᠢ ᠶᠠᠷᠢᠯᠴᠠᠳᠠᠭ᠃ ᠡᠨᠡ ᠪᠤᠯ ᠸᠠᠩ ᠵᠠᠬᠢᠷᠤᠯ᠎ᠤᠨ ᠪᠢᠳᠡᠨ᠎ᠳᠤ ᠳᠠᠭᠠᠭᠠᠯᠭᠠᠬ᠍ᠰᠠᠨ ᠡᠭᠦᠷᠭᠡ ᠶᠤᠮ》 ᠭᠡᠵᠤ ᠯᠢᠦ ᠸᠧᠢ ᠭᠡᠯᠡᠨ᠎ᠠ᠃

ᠯᠢᠦ ᠸᠧᠢ᠎ᠶ᠋ᠢᠨ ᠭᠡᠯᠡᠵᠤ ᠪᠠᠢᠭ᠎ᠠ ᠸᠠᠩ ᠵᠠᠬᠢᠷᠤᠯ ᠭᠡᠳᠡᠭ᠎ᠨᠢ ᠤᠯᠠᠭᠠᠨᠬᠤᠳᠠ᠎ᠶ᠋ᠢᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠵᠠᠬᠢᠷᠤᠯ ᠸᠠᠩ ᠵᠢᠶᠠᠨ ᠬᠤᠸᠠ᠎ᠶ᠋ᠢ ᠵᠢᠭᠠᠵᠤ ᠪᠤᠢ᠃

1993 ᠤᠨ᠎ᠳᠤ ᠶᠡᠭᠡ ᠰᠤᠷᠭᠠᠭᠤᠯᠢ᠎ᠪᠠᠨ ᠲᠡᠭᠦᠰᠦᠭ᠌ᠰᠡᠨ ᠸᠠᠩ ᠵᠢᠶᠠᠨ ᠬᠤᠸᠠ ᠨᠤᠳᠤᠭ᠎ᠲᠠᠭᠠᠨ ᠪᠤᠴᠠᠵᠤ ᠰᠤᠷᠭᠠᠨ ᠬᠦᠮᠦᠵᠢᠯ᠎ᠤᠨ ᠦᠢᠯᠡᠰ᠎ᠲᠤ ᠤᠶᠤᠨ ᠤᠬᠠᠭᠠᠨ ᠬᠦᠴᠤᠨ ᠴᠢᠳᠠᠯ᠎ᠢᠶᠠᠨ ᠨᠠᠮᠠᠷᠢᠯᠡᠵᠠᠢ᠃ ᠤᠯᠠᠨ ᠵᠢᠯ᠎ᠤᠨ ᠵᠢᠭᠠᠨ ᠰᠤᠷᠭᠠᠯᠳᠠ᠎ᠶ᠋ᠢᠨ ᠲᠤᠷᠱᠢᠯᠭ᠎ᠠ ᠪᠠ ᠰᠤᠷᠭᠠᠨ ᠬᠦᠮᠦᠵᠢᠯ᠎ᠤᠨ ᠦᠢᠯᠡᠳᠦᠯᠭᠡ᠎ᠨᠢ ᠲᠡᠭᠦᠨ᠎ᠢ ᠰᠤᠷᠭᠠᠨ ᠬᠦᠮᠦᠵᠢᠯ᠎ᠤᠨ ᠦᠢᠯᠡᠰ᠎ᠲᠤ ᠤᠨᠴᠠᠭᠠᠢ ᠬᠠᠢᠷ᠎ᠠ ᠰᠡᠳᠭᠢᠯᠭᠡ ᠬᠦᠪᠤᠷᠡᠬᠦᠯᠵᠤ᠂ ᠰᠤᠷᠭᠠᠨ ᠬᠦᠮᠦᠵᠢᠯ᠎ᠤᠨ ᠦᠢᠯᠡᠰ᠎ᠤᠨ ᠬᠦᠭ᠌ᠵᠢᠯᠳᠡ᠎ᠳᠤ ᠦᠪᠡᠷᠮᠢᠴᠡ ᠤᠢ᠍ᠢᠯᠠᠭᠠᠯᠳᠠ ᠲᠦᠷᠦᠭ᠌ᠳᠡᠬᠦᠯᠦᠭ᠌ᠰᠡᠨ ᠪᠢᠯᠡ᠃

2011 ᠤᠨ᠎ᠳᠤ᠂ ᠤᠷᠬᠢᠯᠤᠮ᠎ᠠ ᠬᠠᠯᠠᠭᠤᠨ ᠰᠡᠳᠭᠢᠯ᠎ᠢᠶᠠᠷ ᠰᠤᠷᠭᠠᠨ ᠬᠦᠮᠦᠵᠢᠯ᠎ᠤᠨ ᠦᠢᠯᠡᠰ᠎ᠲᠤ ᠵᠢᠳᠭᠦᠵᠤ ᠶᠠᠪᠤᠭ᠎ᠠ ᠸᠠᠩ ᠵᠢᠶᠠᠨ ᠬᠤᠸᠠ ᠤᠯᠠᠭᠠᠨᠬᠤᠳᠠ᠎ᠶ᠋ᠢᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠵᠠᠬᠢᠷᠤᠯ᠎ᠤᠨ ᠲᠤᠱᠢᠶᠠᠯ᠎ᠢ ᠡᠬᠦᠷᠭᠡᠯᠡᠪᠠ᠃

ᠲᠤᠬᠠᠢ᠎ᠶ᠋ᠢᠨ ᠦᠶ᠎ᠡ᠎ᠶ᠋ᠢᠨ ᠤᠯᠠᠭᠠᠨᠬᠤᠳᠠ᠎ᠶ᠋ᠢᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ᠎ᠨᠢ ᠶᠠᠭ ᠨᠡᠢᠭᠡᠮ᠎ᠳᠤ ᠮᠡᠳᠡᠷᠡᠬᠦ᠌ ᠦᠭᠡᠢ᠂ ᠭᠡᠷ᠎ᠤᠨ ᠠᠬᠠᠮᠠᠳ᠎ᠲᠤ ᠮᠡᠳᠡᠷᠡᠭ᠌ᠳᠡᠬᠦ᠌ ᠦᠭᠡᠢ᠂ ᠰᠤᠷᠤᠬ᠍ᠴᠢᠳ ᠴᠤ᠌ ᠰᠤᠩᠭᠤᠬᠤ ᠦᠭᠡᠢ 《ᠭᠤᠷᠪᠠᠨ ᠦᠭᠡᠢ》 ᠎ᠶ᠋ᠢᠨ ᠲᠦᠪᠡᠭ᠌ᠳᠡᠯ᠎ᠳᠤ ᠲᠤᠯᠭᠠᠷᠠᠵᠤ᠂ ᠰᠤᠷᠭᠠᠭᠤᠯᠢ᠎ᠶ᠋ᠢᠨ ᠴᠢᠳᠠᠪᠤᠷᠢᠳᠠᠨ᠎ᠤ ᠭᠡᠭᠡᠭ᠌ᠳᠡᠯ ᠭᠡᠴᠡᠭᠦᠳᠡᠵᠤ᠂ ᠬᠦᠭ᠌ᠵᠢᠯᠳᠡ ᠵᠤᠬ᠍ᠰᠤᠩᠭᠤᠢ᠍ᠢᠷᠠᠵᠤ᠂ ᠤᠯᠠᠭᠠᠨᠬᠤᠳᠠ ᠬᠤᠳᠠ᠎ᠶ᠋ᠢᠨ ᠬᠠᠷᠢᠶᠠᠨ᠎ᠤ 6 ᠰᠤᠷᠭᠠᠭᠤᠯᠢ᠎ᠶ᠋ᠢᠨ ᠳᠤᠮᠳᠠ ᠬᠢᠷᠢ ᠪᠦᠲᠦᠮᠵᠢ᠎ᠪᠠᠷ ᠬᠠᠮᠤᠭ᠎ᠤᠨ ᠠᠨᠠᠢ ᠪᠠᠢᠪᠠ᠃

ᠲᠦᠪᠡᠭ᠌ᠳᠡᠯ᠎ᠤᠨ ᠡᠮᠤᠨ᠎ᠠ᠂ ᠸᠠᠩ ᠵᠢᠶᠠᠨ ᠬᠤᠸᠠ ᠬᠤᠢᠰᠢ ᠤᠬᠤᠷᠢᠵᠤ ᠰᠠᠭᠤᠭ᠍ᠰᠠᠨ ᠦᠭᠡᠢ᠃ ᠲᠡᠬᠦᠨ᠎ᠤ ᠬᠡᠳᠦᠨ ᠵᠢᠯ᠎ᠤᠨ ᠴᠤᠴᠠᠰᠢ ᠦᠭᠡᠢ ᠴᠢᠷᠮᠠᠢᠯᠭ᠎ᠠ᠎ᠪᠠᠷ ᠲᠠᠮᠵᠢᠨ᠂ ᠰᠤᠷᠭᠠᠭᠤᠯᠢ᠎ᠶ᠋ᠢᠨ ᠪᠠᠢᠳᠠᠯ᠎ᠨᠢ ᠢᠳᠡᠭ ᠢᠳᠡᠭ᠎ᠢᠶᠠᠷ ᠰᠠᠢᠵᠢᠷᠠᠵᠤ ᠡᠬᠢᠯᠡᠵᠠᠢ᠃ ᠶᠠᠭᠤᠨ᠎ᠤ ᠡᠮᠤᠨ᠎ᠠ ᠪᠠᠭ᠍ᠰᠢ᠎ᠶ᠋ᠢᠨ ᠠᠵᠢᠯ᠎ᠤᠨ ᠪᠠᠢᠷᠢᠨ᠎ᠳᠤ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢ ᠪᠠᠳᠠᠷᠠᠭᠤᠯᠵᠤ᠂ ᠰᠤᠷᠭᠠᠭᠤᠯᠢ ᠡᠷᠬᠢᠯᠡᠬᠦ᠌ ᠤᠢ᠍ᠢᠯᠠᠭᠠᠬ᠍ᠳᠠᠬᠤᠨ᠂ ᠰᠤᠷᠭᠠᠭᠤᠯᠢ᠎ᠶ᠋ᠢᠨ ᠬᠦᠷᠢᠶᠡᠨ᠎ᠤ ᠰᠤᠶᠤᠯ᠎ᠤᠨ ᠪᠠᠢᠭᠤᠯᠤᠯᠳᠠ᠂ ᠰᠤᠷᠭᠠᠨ ᠬᠦᠮᠦᠵᠢᠯ᠎ᠤᠨ ᠵᠢᠭᠠᠨ ᠰᠤᠷᠭᠠᠯᠳᠠ᠎ᠶ᠋ᠢᠨ ᠦᠭᠡᠷᠡᠴᠢᠯᠡᠯᠳᠡ ᠵᠡᠷᠭᠡ ᠲᠠᠯ᠎ᠠ᠎ᠪᠠᠷ ᠵᠤᠷᠢᠬ᠍ᠳᠠᠢ᠎ᠪᠠᠷ ᠦᠢᠯᠡᠳᠦᠯᠭᠡᠵᠢᠭᠦᠯᠵᠤ᠂ ᠬᠠᠢᠷ᠎ᠠ ᠰᠡᠳᠭᠢᠯᠭᠡ᠎ᠲᠠᠢ᠂ ᠲᠤᠯᠠᠭᠠᠴᠠ᠎ᠲᠠᠢ᠂ ᠠᠮᠢ ᠨᠠᠰᠤᠨ᠎ᠤ ᠮᠡᠳᠡᠷᠡᠮᠵᠢ᠎ᠶ᠋ᠢᠨ ᠬᠦᠮᠦᠵᠢᠯ᠎ᠢᠶᠠᠷ ᠵᠤᠬ᠍ᠰᠤᠴᠠ ᠪᠤᠯᠭᠠᠵᠤ ᠰᠤᠷᠭᠠᠭᠤᠯᠢ᠎ᠪᠠᠨ ᠡᠷᠬᠢᠯᠡᠪᠠ᠃

《ᠴᠤᠭ ᠰᠦᠯᠳᠡ》 ᠪᠤᠯ ᠰᠤᠷᠭᠠᠭᠤᠯᠢ᠎ᠶ᠋ᠢᠨ ᠦᠨᠳᠦᠰᠦ᠂ ᠸᠠᠩ ᠵᠢᠶᠠᠨ ᠬᠤᠸᠠ ᠰᠤᠷᠭᠠᠭᠤᠯᠢ᠎ᠶ᠋ᠢᠨ ᠡᠳᠦᠷ ᠳᠤᠳᠤᠮ᠎ᠤᠨ ᠬᠠᠮᠢᠶᠠᠷᠤᠯᠳᠠ ᠳᠤᠮᠳᠠ᠎ᠪᠠᠨ ᠬᠦᠮᠦᠯᠢᠭ ᠬᠠᠮᠢᠶᠠᠷᠤᠯᠳᠠ᠎ᠶ᠋ᠢ ᠶᠠᠪᠤᠬ᠍ᠳᠠᠭᠤᠯᠵᠤ᠂ ᠪᠠᠭ᠍ᠰᠢ᠎ᠶ᠋ᠢᠨ ᠵᠤᠯ ᠵᠢᠷᠭᠠᠯ᠎ᠤᠨ ᠵᠢᠭᠠᠯᠳᠠ ᠲᠤᠭ᠎ᠠ᠎ᠶ᠋ᠢ ᠴᠢᠷᠮᠠᠢᠨ ᠳᠡᠭᠡᠭ᠌ᠰᠢᠯᠡᠭᠦᠯᠵᠠᠢ᠃ ᠲᠡᠷᠡ ᠰᠤᠷᠭᠠᠭᠤᠯᠢ᠎ᠶ᠋ᠢᠨ ᠪᠠᠭ᠍ᠰᠢ᠎ᠶ᠋ᠢᠨ ᠦᠪᠡᠷ᠎ᠤᠨ ᠢᠳᠡᠭᠡᠯ᠎ᠢᠶᠠᠷ ᠳᠤᠳᠠᠮᠠᠭ᠂ ᠠᠵᠢᠯ᠎ᠳᠠᠭᠠᠨ ᠬᠤᠢᠷᠭᠤᠱᠢᠬᠤ ᠵᠡᠷᠭᠡ ᠪᠠᠢᠳᠠᠯ᠎ᠳᠤ ᠴᠢᠭ᠌ᠯᠡᠭᠦᠯᠦᠨ 《ᠬᠠᠢᠷ᠎ᠠ ᠪᠠ ᠬᠦᠨᠳᠦᠳᠭᠡᠯ》 ᠎ᠢᠶᠠᠷ ᠭᠤᠤᠯ ᠪᠤᠯᠭᠠᠬ᠍ᠰᠠᠨ ᠬᠦᠮᠦᠨᠴᠢ ᠬᠠᠮᠢᠶᠠᠷᠤᠯᠳᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠠᠢ᠃

ᠲᠡᠷᠡ ᠪᠦᠬᠦ᠌ ᠵᠢᠯ᠎ᠢᠶᠠᠷ᠎ᠢᠶᠠᠨ ᠠᠮᠠᠷᠠᠯᠳᠠ᠎ᠶ᠋ᠢᠨ ᠡᠳᠦᠷ ᠭᠡᠵᠤ ᠦᠭᠡᠢ᠂ ᠭᠠᠳᠠᠬ᠍ᠰᠢ ᠠᠵᠢᠯ᠎ᠢᠶᠠᠷ ᠭᠠᠷᠬᠤ ᠦᠭᠡᠢ ᠯᠡ ᠶᠤᠮ ᠪᠤᠯ ᠡᠳᠤᠷ ᠪᠦᠷᠢ 16 ᠴᠠᠭ ᠠᠵᠢᠯᠯᠠᠳᠠᠭ ᠁ ᠸᠠᠩ ᠵᠢᠶᠠᠨ ᠬᠤᠸᠠ ᠪᠡᠶ᠎ᠡ᠎ᠪᠠᠷ᠎ᠢᠶᠠᠨ ᠳᠠᠭᠤᠷᠢᠶᠠᠯ ᠦᠵᠡᠬᠦᠯᠵᠤ᠂ ᠬᠠᠷᠠᠮ ᠦᠭᠡᠢ ᠵᠤᠷᠢᠭᠤᠯᠬᠤ ᠵᠤᠷᠢᠭ ᠰᠠᠨᠠᠭ᠎ᠠ᠎ᠪᠠᠷ ᠰᠤᠷᠭᠠᠭᠤᠯᠢ᠎ᠶ᠋ᠢᠨ ᠪᠦᠲᠦᠭᠡᠨ ᠪᠠᠢᠭᠤᠯᠤᠯᠳᠠ᠎ᠳᠤ ᠤᠷᠤᠯᠴᠠᠵᠤ᠂ ᠲᠡᠭᠦᠨ᠎ᠤ ᠤᠳᠤᠷᠢᠳᠤᠯᠭ᠎ᠠ ᠳᠤᠤᠷ᠎ᠠ ᠰᠤᠷᠭᠠᠭᠤᠯᠢ᠎ᠶ᠋ᠢᠨ ᠡᠯ᠎ᠡ ᠲᠦᠷᠦᠯ᠎ᠤᠨ ᠲᠦᠷᠢᠮ ᠪᠤᠯᠤᠨ ᠬᠠᠮᠢᠶᠠᠷᠤᠯᠳᠠ᠎ᠶ᠋ᠢᠨ ᠲᠠᠯ᠎ᠠ᠎ᠳᠤ ᠪᠦᠷ ᠬᠦᠮᠦᠯᠢᠭ ᠬᠠᠯᠠᠮᠵᠢᠯᠠᠯ ᠢᠯᠡᠷᠡᠵᠤ᠂ ᠤᠳᠤᠷᠢᠳᠤᠯᠭ᠎ᠠ᠎ᠨᠢ ᠪᠠᠭ᠍ᠰᠢ ᠨᠠᠷ᠎ᠢᠶᠠᠨ ᠰᠠᠳᠤᠨ᠎ᠢᠶᠠᠨ ᠱᠢᠬ ᠬᠠᠷᠠᠭᠠᠯᠵᠠᠵᠤ᠂ ᠪᠠᠭ᠍ᠰᠢ ᠨᠠᠷ᠎ᠨᠢ ᠰᠤᠷᠤᠬ᠍ᠴᠢᠳ᠎ᠢᠶᠠᠨ ᠦᠷ᠎ᠡ ᠬᠡᠦᠬᠡᠳ᠎ᠢᠶᠠᠨ ᠱᠢᠭ ᠬᠠᠢᠷᠠᠯᠠᠵᠦ᠍᠂ ᠰᠤᠷᠭᠠᠭᠤᠯᠢ᠎ᠶ᠋ᠢᠨ ᠬᠦᠷᠢᠶᠡᠨ᠎ᠳᠤ ᠡᠶ᠎ᠡ ᠨᠠᠢᠷᠳᠠᠢ ᠠᠭᠤᠷ ᠠᠮᠢᠰᠭᠤᠯ᠎ᠢᠶᠠᠷ ᠪᠢᠯᠬᠠᠬ᠍ᠰᠠᠨ ᠪᠠᠢᠨ᠎ᠠ᠃

ᠤᠯᠠᠭᠠᠨᠬᠤᠳᠠ᠎ᠶ᠋ᠢᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ᠎ᠨᠢ ᠬᠤᠳᠠ ᠬᠦᠳᠡᠭᠡ᠎ᠶ᠋ᠢᠨ ᠠᠭᠤᠯᠵᠠᠷ ᠬᠡᠰᠡᠭ᠎ᠲᠤ ᠪᠠᠢᠷᠢᠱᠢᠵᠤ᠂ ᠬᠢᠨᠭ᠌ᠭᠠᠨ ᠠᠢᠮᠠᠭ᠎ᠤᠨ ᠦᠡᠭ᠌ᠭᠡ ᠭᠡᠷᠡᠯᠳᠦ ᠬᠦᠷᠢᠶᠡᠯᠡᠩ᠎ᠤᠨ ᠰᠤᠷᠬᠤ ᠨᠠᠰᠤᠨ᠎ᠤ ᠦᠨᠦᠴᠢᠨ ᠬᠡᠦᠬᠡᠳ ᠪᠦᠷ ᠲᠤᠰ ᠰᠤᠷᠭᠠᠭᠤᠯᠢ᠎ᠳᠤ ᠰᠤᠷᠤᠯᠴᠠᠵᠤ᠂ ᠭᠡᠷ ᠪᠦᠯᠢ᠎ᠨᠢ ᠬᠦᠴᠢᠷᠳᠡᠯ᠎ᠲᠠᠢ ᠬᠡᠦᠬᠡᠳ᠎ᠢ ᠨᠢᠭᠡ ᠰᠡᠳᠭᠢᠯ᠎ᠢᠶᠠᠷ ᠰᠤᠷᠤᠯᠴᠠᠭᠤᠯᠬᠤ᠎ᠶ᠋ᠢᠨ ᠲᠦᠯᠦᠭᠡ᠂ ᠸᠠᠩ ᠵᠢᠶᠠᠨ ᠬᠤᠸᠠ ᠤᠯᠠᠨ ᠤᠳᠠᠭ᠎ᠠ ᠵᠤᠭᠤᠰ ᠮᠦᠡᠭ᠌ᠬᠦ ᠡᠳ᠋ ᠪᠤᠳᠠᠰ᠎ᠢᠶᠠᠷ ᠲᠤᠰᠠᠯᠠᠬᠤ᠎ᠶ᠋ᠢᠨ ᠬᠠᠮᠳᠤ ᠪᠠᠰᠠ ᠪᠠᠭ᠍ᠰᠢ ᠠᠵᠢᠯᠳᠠᠨ᠎ᠢ ᠰᠤᠷᠤᠬ᠍ᠴᠢ᠎ᠪᠠᠨ ᠬᠡᠦᠬᠡᠳ᠎ᠢᠶᠠᠨ ᠱᠢᠭ ᠬᠠᠢᠷᠠᠯᠠᠬᠤ᠎ᠶ᠋ᠢ ᠤᠷᠢᠶᠠᠯᠠᠵᠤ᠂ 《ᠪᠦᠬᠦ᠌ ᠠᠵᠢᠯᠳᠠᠨ᠎ᠢᠶᠠᠷ᠎ᠢᠶᠠᠨ ᠬᠦᠮᠦᠨ ᠬᠦᠮᠦᠵᠢᠭᠦᠯᠬᠦ᠌ ᠵᠢᠯᠤᠭᠤᠳᠤᠬ᠍ᠴᠢ ᠪᠠᠭ᠍ᠰᠢ᠎ᠶ᠋ᠢᠨ ᠲᠦᠷᠢᠮ》 ᠎ᠢ ᠨᠠᠢᠳᠠᠪᠤᠷᠢᠵᠢᠭᠤᠯᠵᠤ᠂ ᠪᠠᠭ᠍ᠰᠢ ᠠᠵᠢᠯᠳᠠᠨ ᠪᠤᠯᠭᠠᠨ᠎ᠢ ᠬᠢᠴᠢᠶᠡᠯ ᠵᠢᠭᠠᠬᠤ᠂ ᠬᠦᠮᠦᠨ ᠬᠦᠮᠦᠵᠢᠭᠦᠯᠬᠦ᠌ ᠬᠤᠤᠰ ᠬᠠᠷᠢᠭᠤᠴᠠᠯᠭ᠎ᠠ᠎ᠶ᠋ᠢ ᠭᠦᠢᠴᠡᠳᠭᠡᠯᠭᠡᠵᠠᠢ᠃ ᠲᠡᠷᠡ ᠪᠠᠰᠠ ᠦᠨᠦᠴᠢᠨ ᠬᠡᠦᠬᠡᠳ ᠪᠤᠯᠤᠨ ᠬᠦᠴᠢᠷᠳᠡᠯᠳᠡᠢ ᠰᠤᠷᠤᠬ᠍ᠴᠢ᠎ᠳᠤ 《ᠦᠢᠯᠡᠰ ᠪᠤᠰᠭᠠᠬᠤ ᠤᠷᠤᠨ ᠵᠠᠢ》 ᠎ᠶ᠋ᠢ ᠪᠠᠢᠭᠤᠯᠵᠤ᠂ ᠤᠨᠴᠠᠭᠠᠢ ᠬᠡᠦᠬᠡᠳ᠎ᠤᠨ ᠪᠠᠶᠠᠷ ᠪᠠᠶᠠᠰᠤᠯ᠎ᠲᠠᠢ ᠪᠤᠯᠵᠦ᠍᠂ ᠦᠪᠡᠷ᠎ᠤᠨ ᠢᠳᠡᠭᠡᠯ᠎ᠢᠶᠠᠨ ᠴᠤᠬ᠍ᠴᠠᠯᠠᠬᠤ᠎ᠶ᠋ᠢ ᠳᠠᠢᠴᠢᠯᠠᠵᠠᠢ᠃

ᠸᠠᠩ ᠵᠢᠶᠠᠨ ᠬᠤᠸᠠ ᠰᠤᠷᠭᠠᠭᠤᠯᠢ᠎ᠶ᠋ᠢᠨ ᠬᠦᠭ᠌ᠵᠢᠯᠳᠠ᠎ᠳᠤ ᠭᠤᠤᠯ ᠦᠷᠢᠰᠦᠯᠳᠦᠬᠦ᠌ ᠬᠦᠴᠦᠨ᠎ᠨᠢ ᠬᠢᠴᠢᠶᠡᠯ᠎ᠤᠨ ᠲᠢᠩᠬᠢᠮ᠎ᠳᠤ ᠪᠠᠢᠬᠤ᠎ᠶ᠋ᠢ ᠰᠠᠢᠨ ᠮᠡᠳᠡᠳᠡᠭ᠃ ᠶᠠᠭ ᠡᠢᠮᠦ᠍ ᠤᠴᠢᠷ᠎ᠠᠴᠠ ᠲᠡᠷᠡ ᠪᠦᠬᠦ᠌ ᠰᠤᠷᠭᠠᠭᠤᠯᠢ᠎ᠶ᠋ᠢᠨ ᠪᠠᠭ᠍ᠰᠢ ᠰᠤᠷᠤᠬ᠍ᠴᠢ᠎ᠪᠠᠨ ᠳᠠᠭᠠᠭᠤᠯᠤᠨ ᠰᠤᠷᠭᠠᠭᠤᠯᠢ ᠡᠷᠬᠢᠯᠡᠬᠦ᠌ ᠰᠡᠳᠭᠢᠮᠵᠢ᠎ᠶ᠋ᠢᠨ ᠱᠢᠨ᠎ᠡ᠎ᠶ᠋ᠢ ᠡᠭᠦᠳᠴᠦ᠍᠂ ᠰᠤᠷᠭᠠᠨ ᠬᠦᠮᠦᠵᠢᠯ᠎ᠤᠨ ᠵᠢᠭᠠᠨ ᠰᠤᠷᠭᠠᠯᠳᠠ᠎ᠶ᠋ᠢᠨ ᠦᠭᠡᠷᠡᠴᠢᠯᠡᠯᠳᠡ᠎ᠶ᠋ᠢ ᠭᠦᠨᠵᠡᠭᠡᠢᠷᠡᠭᠦᠯᠵᠤ᠂ 《ᠳᠡᠭᠡᠳᠦ ᠦᠵᠦᠭᠦᠷᠯᠢᠭ᠎ᠲᠠᠢ ᠬᠠᠷᠢᠯᠴᠠᠵᠤ᠂ ᠳᠠᠪᠴᠠᠩ ᠪᠠᠢᠭᠤᠯᠬᠤ》᠂ 《ᠭᠠᠷᠴᠤ᠌ ᠶᠠᠪᠤᠬᠤ᠂ ᠳᠠᠳᠠᠨ ᠠᠪᠴᠢᠷᠠᠬᠤ》 ᠵᠡᠷᠭᠡ ᠰᠤᠷᠭᠠᠭᠤᠯᠢ ᠡᠷᠬᠢᠯᠡᠬᠦ᠌ ᠠᠷᠭ᠎ᠠ ᠠᠪᠴᠢᠯ᠎ᠢᠶᠠᠷ ᠳᠠᠮᠵᠢᠨ᠂ ᠠᠷᠠᠳ᠎ᠤᠨ ᠶᠡᠭᠡ ᠰᠤᠷᠭᠠᠭᠤᠯᠢ᠎ᠶ᠋ᠢᠨ ᠬᠠᠷᠢᠶᠠᠳᠤ ᠳᠤᠮᠳᠠᠳᠤ ᠰᠤᠷᠭᠠᠭᠤᠯᠢ᠂ ᠪᠡᠭᠡᠵᠢᠩ᠎ᠤᠨ ᠬᠤᠷᠢᠨ ᠲᠦᠷᠪᠡᠳᠦᠭᠡᠷ ᠳᠤᠮᠳᠠᠳᠤ ᠰᠤᠷᠭᠠᠭᠤᠯᠢ᠂ ᠮᠦᠭ᠌ᠳᠡᠨ᠎ᠤ ᠨᠢᠭᠡ ᠭᠤᠷᠪᠠ ᠲᠦᠷᠪᠡᠳᠦᠭᠡᠷ ᠳᠤᠮᠳᠠᠳᠤ ᠰᠤᠷᠭᠠᠭᠤᠯᠢ ᠵᠡᠷᠭᠡ 7 ᠰᠤᠷᠭᠠᠭᠤᠯᠢ᠎ᠲᠠᠢ ᠨᠦᠬᠦᠷᠰᠡᠭ ᠬᠠᠷᠢᠴᠠᠭ᠎ᠠ ᠪᠠᠢᠭᠤᠯᠵᠤ᠂ ᠰᠤᠷᠭᠠᠨ ᠬᠦᠮᠦᠵᠢᠯ ᠵᠢᠭᠠᠨ ᠰᠤᠷᠭᠠᠯᠳᠠ᠂ ᠪᠠᠭ᠍ᠰᠢ᠎ᠶ᠋ᠢᠨ ᠬᠢᠷᠢ ᠬᠡᠮ᠎ᠢ ᠳᠡᠭᠡᠭ᠌ᠰᠢᠯᠡᠭᠦᠯᠬᠦ᠂ ᠰᠤᠷᠭᠠᠭᠤᠯᠢ᠎ᠶ᠋ᠢᠨ ᠬᠠᠮᠢᠶᠠᠷᠤᠯᠳᠠ ᠵᠡᠷᠭᠡ ᠪᠦᠬᠦ᠌ ᠲᠠᠯ᠎ᠠ᠎ᠳᠤ ᠤᠯᠠᠨ ᠬᠠᠷᠠᠭᠠᠰᠤ᠎ᠠᠴᠠ ᠭᠦᠨ ᠳᠠᠪᠬᠤᠷᠭ᠎ᠠ᠎ᠶ᠋ᠢᠨ ᠬᠠᠮᠳᠤᠷᠠᠯᠴᠠᠭ᠎ᠠ᠎ᠶ᠋ᠢ ᠦᠷᠨᠢᠭᠦᠯᠵᠤ᠂ ᠰᠤᠷᠭᠠᠭᠤᠯᠢ᠎ᠶ᠋ᠢᠨ ᠭᠤᠤᠯ ᠦᠷᠢᠰᠦᠯᠳᠦᠬᠦ᠌ ᠬᠦᠴᠦᠨ᠎ᠢ ᠶᠡᠭᠡ᠎ᠪᠠᠷ ᠳᠡᠭᠡᠭ᠌ᠰᠢᠯᠡᠭᠦᠯᠵᠠᠢ᠃

《ᠡᠨᠡ ᠬᠡᠳᠦᠨ ᠵᠢᠯ᠂ ᠸᠠᠩ ᠵᠠᠬᠢᠷᠤᠯ ᠮᠠᠨᠤᠰ᠎ᠢ ᠳᠠᠭᠠᠭᠤᠯᠤᠨ ᠤᠯᠠᠨ ᠤᠳᠠᠭ᠎ᠠ ᠭᠠᠳᠠᠬ᠍ᠰᠢ ᠭᠠᠷᠴᠤ᠌ ᠰᠤᠷᠤᠯᠴᠠᠭᠤᠯᠵᠤ᠂ ᠭᠠᠳᠠᠨᠠᠬᠢ᠎ᠶ᠋ᠢᠨ ᠳᠠᠪᠱᠢᠩᠭᠤᠢ ᠰᠤᠷᠭᠠᠨ ᠬᠦᠮᠦᠵᠢᠯ᠎ᠤᠨ ᠤᠢ᠍ᠢᠯᠠᠭᠠᠬ᠍ᠳᠠᠬᠤᠨ᠂ ᠱᠢᠨ᠎ᠡ᠎ᠶ᠋ᠢ ᠡᠭᠦᠳᠦᠭ᠌ᠰᠡᠨ ᠰᠤᠷᠭᠠᠨ ᠬᠦᠮᠦᠵᠢᠯ᠎ᠤᠨ ᠠᠷᠭ᠎ᠠ᠎ᠨᠢ ᠪᠢᠳᠡᠨ᠎ᠤ ᠰᠤᠷᠭᠠᠨ ᠬᠦᠮᠦᠵᠢᠯ᠎ᠤᠨ ᠵᠢᠭᠠᠨ ᠰᠤᠷᠭᠠᠯᠳᠠ ᠳᠤᠮᠳᠠᠬᠢ ᠰᠡᠳᠭᠢᠮᠵᠢ᠂ ᠬᠠᠷᠠᠭ᠎ᠠ᠎ᠶ᠋ᠢ ᠦᠷᠭᠡᠳᠭᠡᠵᠤ᠂ ᠠᠵᠢᠯ ᠳᠤᠮᠳᠠ᠎ᠪᠠᠨ ᠪᠠᠭ᠍ᠰᠢ ᠨᠠᠷ᠎ᠤᠨ ᠬᠤᠭᠤᠷᠤᠨᠳᠤᠬᠢ ᠤᠯᠠᠮᠵᠢᠯᠠᠯ ᠬᠤᠪᠢᠶᠠᠯᠴᠠᠯ᠎ᠢ ᠬᠦᠨᠳᠦᠳᠭᠡᠬᠦ᠌ ᠪᠤᠯᠭᠠᠵᠠᠢ》 ᠭᠡᠵᠤ ᠤᠯᠠᠭᠠᠨᠬᠤᠳᠠ᠎ᠶ᠋ᠢᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠳᠡᠳ᠋ ᠵᠠᠬᠢᠷᠤᠯ ᠯᠢᠦ ᠬᠠᠢ ᠫᠢᠩ ᠰᠡᠳᠭᠢᠯ ᠲᠤᠭ᠍ᠳᠤᠯᠤᠨ ᠭᠡᠯᠡᠨ᠎ᠠ᠃

ᠸᠠᠩ ᠵᠢᠶᠠᠨ ᠬᠤᠸᠠ ᠪᠦᠯᠬᠦᠮ᠎ᠢᠶᠠᠨ ᠳᠠᠭᠠᠭᠤᠯᠤᠨ 6 ᠵᠢᠯ ᠬᠠᠢᠨ ᠰᠦᠪᠡᠭ᠌ᠴᠢᠯᠡᠵᠤ᠂ ᠦᠢᠯᠡᠳᠦᠯᠭᠡᠵᠢᠭᠦᠯᠵᠤ᠂ ᠬᠤᠷᠢᠶᠠᠩᠭᠤᠢ᠍ᠢᠯᠠᠵᠤ᠂ ᠪᠤᠯᠪᠠᠰᠤᠷᠠᠭᠤᠯᠬᠤ᠎ᠪᠠᠷ ᠳᠠᠮᠵᠢᠨ ᠦᠪᠡᠷᠮᠢᠴᠡ ᠤᠨᠴᠠᠯᠢᠭ ᠪᠦᠬᠦᠢ 《ᠭᠤᠷᠪᠠᠨ ᠵᠢᠯᠤᠭᠤᠳᠭᠤ᠂ ᠲᠦᠷᠪᠡᠨ ᠰᠤᠷᠬᠤ᠂ ᠳᠠᠪᠤᠨ ᠬᠢᠴᠢᠶᠡᠯ᠎ᠤᠨ ᠲᠦᠷᠦᠯ》 ᠎ᠤᠨ ᠵᠢᠭᠠᠨ ᠰᠤᠷᠭᠠᠯᠳᠠ᠎ᠶ᠋ᠢᠨ ᠲᠦᠷᠦᠯ ᠳᠡᠮᠳᠡᠭ᠌ᠳᠦ᠎ᠶ᠋ᠢ ᠴᠤᠬ᠍ᠴᠠᠯᠠᠵᠤ᠂ ᠪᠠᠭ᠍ᠰᠢ᠎ᠶ᠋ᠢᠨ ᠤᠷᠮᠠᠱᠢᠭᠤᠯᠬᠤ᠂ ᠬᠦᠳᠦᠯᠦᠨ ᠵᠢᠯᠤᠭᠤᠳᠭᠤ᠂ ᠰᠠᠨᠠᠭᠤᠯᠬᠤ᠂ ᠬᠠᠮᠳᠤᠷᠠᠯᠴᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠤᠷᠤᠬ᠍ᠴᠢᠳ᠎ᠤᠨ ᠪᠡᠶ᠎ᠡ᠎ᠪᠠᠨ ᠳᠠᠭᠠᠭᠠᠬᠤ᠂ ᠬᠠᠮᠳᠤᠷᠠᠯᠴᠠᠬᠤ᠂ ᠰᠦᠪᠡᠭ᠌ᠴᠢᠯᠡᠬᠦ᠌᠎ᠶ᠋ᠢᠨ ᠬᠦᠨᠵᠡᠭᠡᠢ ᠰᠤᠷᠤᠯᠴᠠᠯᠭ᠎ᠠ ᠳᠤᠮᠳᠠ ᠰᠤᠷᠤᠯᠴᠠᠬᠤ ᠪᠠ ᠦᠰᠦᠨ ᠪᠤᠢᠵᠢᠬᠤ᠎ᠶ᠋ᠢᠨ ᠪᠠᠶᠠᠷ ᠪᠠᠭ᠍ᠠᠳᠤᠯ᠎ᠢ ᠡᠳ᠋ᠯᠡᠭᠦᠯᠵᠤ᠂ ᠵᠢᠭᠠᠬᠤ ᠪᠤᠯᠤᠨ ᠰᠤᠷᠤᠯᠴᠠᠬᠤ᠎ᠶ᠋ᠢᠨ ᠬᠠᠮᠤᠭ᠎ᠤᠨ ᠦᠨᠳᠦᠷ ᠦᠷ᠎ᠡ ᠠᠱᠢᠭ᠎ᠢ ᠡᠷᠢᠵᠤ ᠤᠯᠤᠭ᠍ᠰᠠᠨ ᠪᠠᠢᠨ᠎ᠠ᠃

《ᠨᠢᠭᠡᠨ ᠡᠪ ᠬᠠᠮᠳᠤ ᠨᠠᠮ᠎ᠤᠨ ᠭᠡᠱᠢᠭᠦᠨ ᠪᠤᠯᠤᠬ᠍ᠰᠠᠨ᠎ᠤ ᠬᠤᠪᠢ᠎ᠳᠤ᠂ ᠪᠢ ᠡᠷᠭᠡᠪᠰᠢ 〈ᠨᠠᠮ᠎ᠤᠨ ᠲᠦᠯᠦᠭᠡ ᠬᠦᠮᠦᠨ ᠬᠦᠮᠦᠵᠢᠭᠦᠯᠬᠦ᠂ ᠤᠯᠤᠰ᠎ᠤᠨ ᠲᠦᠯᠦᠭᠡ ᠴᠢᠳᠠᠪᠤᠷᠢᠳᠠᠨ ᠬᠦᠮᠦᠵᠢᠭᠦᠯᠬᠦ᠌〉 ᠬᠦᠨᠳᠦ ᠬᠠᠷᠢᠭᠤᠴᠠᠯᠭ᠎ᠠ᠎ᠶ᠋ᠢ ᠡᠭᠦᠷᠭᠡᠯᠡᠵᠤ᠂ 〈ᠮᠤᠷᠠᠯ᠎ᠢᠶᠠᠷ ᠬᠦᠮᠦᠨ ᠬᠦᠮᠦᠵᠢᠭᠦᠯᠬᠦ᠌〉 ᠦᠨᠳᠦᠰᠦᠨ ᠡᠭᠦᠷᠭᠡ᠎ᠶ᠋ᠢ ᠪᠠᠳᠤ ᠴᠡᠭᠡᠵᠢᠯᠡᠵᠤ᠂ ᠨᠠᠮ᠎ᠤᠨ ᠲᠤᠭ᠎ᠤᠨ ᠳᠤᠤᠷᠠᠬᠢ ᠬᠠᠳᠠᠭᠤ ᠳᠠᠩᠭᠠᠷᠢᠭ᠎ᠢᠶᠠᠨ ᠦᠢᠯᠡᠳᠦᠯᠭᠡᠵᠢᠭᠦᠯᠵᠤ᠂ ᠰᠤᠷᠤᠭ᠍ᠴᠢᠳ᠎ᠲᠠᠭᠠᠨ ᠬᠠᠮᠤᠭ᠎ᠤᠨ ᠰᠠᠢᠨ ᠬᠦᠮᠤᠵᠢᠯ ᠬᠦᠷᠳᠡᠭᠡᠨ᠎ᠠ》 ᠭᠡᠵᠤ ᠸᠠᠩ ᠵᠢᠶᠠᠨ ᠬᠤᠸᠠ ᠢᠳᠡᠭᠡᠯ ᠲᠦᠬᠦᠷᠡᠩ ᠭᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号