《ᠬᠤᠶᠠᠷ ᠪᠦᠮᠪᠦᠭᠡ ᠨᠢᠭᠡ ᠤᠳᠤᠨ》 ᠤ ᠵᠤᠷᠢᠭ ᠰᠠᠨᠠᠭ᠎ᠠ᠎ᠶ᠋ᠢ ᠪᠠᠳᠠᠷᠠᠭᠤᠯᠵᠤ ᠨᠡᠢᠭᠡᠮ ᠵᠢᠷᠤᠮᠳᠤ ᠤᠳᠤᠬᠢᠴᠢᠯᠠᠬ᠍ᠰᠠᠨ ᠬᠦᠴᠦᠷᠭᠡᠭ ᠤᠯᠤᠰ᠎ᠢ ᠪᠦᠳᠦᠭᠡᠨ ᠪᠠᠢᠭᠤᠯᠤᠶ᠎ᠠ
ᠸᠠᠩ ᠱᠢᠶᠣᠣ ᠮᠢᠩ
ᠶᠡᠷᠦᠩᠭᠡᠢ ᠱᠦᠵᠢ ᠰᠢ᠎ᠶ᠋ᠢᠨ ᠫᠢᠡᠭ᠂ 《〈ᠬᠤᠶᠠᠷ ᠪᠦᠮᠪᠦᠭᠡ ᠨᠢᠭᠡ ᠤᠳᠤᠨ〉 ᠤ ᠵᠤᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠵᠤ᠂ ᠨᠡᠢᠭᠡᠮ ᠵᠢᠷᠤᠮᠳᠤ ᠤᠳᠤᠬᠢᠴᠢᠯᠠᠬ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠨᠠᠩ ᠶᠡᠭᠡ ᠱᠢᠨ᠎ᠡ ᠬᠤᠪᠢ ᠨᠡᠮᠡᠷᠢ ᠦᠵᠡᠬᠦᠯᠬᠦ᠌ ᠬᠡᠷᠡᠭ᠌ᠳᠡᠢ》 ᠭᠡᠵᠦ᠍ ᠵᠢᠭᠠᠵᠤ ᠭᠠᠷᠭᠠᠪᠠ᠃ 《ᠬᠤᠶᠠᠷ ᠪᠥᠮᠪᠦᠭᠡ ᠨᠢᠭᠡ ᠤᠳᠤᠨ》 ᠤ ᠵᠣᠷᠢᠭ ᠰᠠᠨᠠᠭ᠎ᠠ ᠪᠣᠯ 《ᠲᠩᠷᠢ ᠭᠠᠵᠠᠷ᠎ᠢ ᠳᠣᠩᠰᠣᠯᠭᠠᠭ᠍ᠰᠠᠨ ᠶᠠᠪᠤᠳᠠᠯ᠎ᠢ ᠬᠢᠵᠦ᠍᠂ ᠨᠡᠷ᠎ᠡ ᠤᠪᠤᠭ᠎ᠢᠶᠠᠨ ᠨᠢᠭᠤᠵᠤ ᠶᠠᠪᠤᠬ᠍ᠰᠠᠨ》 ᠪᠠᠭᠠᠲᠤᠷᠴᠤᠳ᠎ᠤᠨ ᠠᠲ᠋ᠣᠮ᠎ᠤᠨ ᠪᠥᠮᠪᠦᠭᠡ ᠪᠣᠯᠤᠨ ᠤᠰᠤᠲᠥ᠋ᠷᠥᠭ᠌ᠴᠢ ᠪᠥᠮᠪᠦᠭᠡ᠎ᠶ᠋ᠢᠨ ᠳᠡᠯᠪᠡᠷᠡᠯᠲᠡ᠂ ᠵᠠᠯᠠᠭᠤᠷᠲᠤ ᠰᠤᠮᠤ᠎ᠶ᠋ᠢᠨ ᠨᠢᠰᠦᠯᠲᠡ ᠪᠣᠯᠤᠨ ᠬᠢᠮᠡᠯ ᠳᠠᠭᠠᠭᠤᠯᠢ ᠤᠳᠤ᠎ᠶ᠋ᠢ ᠬᠠᠷᠪᠤᠬᠤ᠎ᠶ᠋ᠢ ᠪᠡᠶ᠎ᠡ᠎ᠪᠠᠨ ᠲᠠᠭᠠᠭᠠᠨ ᠪᠡᠶᠡᠯᠡᠬᠦᠯᠬᠦ᠌ ᠳᠤᠮᠳᠠ ᠪᠦᠷᠢᠯᠳᠦᠬᠦᠯᠦᠭ᠌ᠰᠡᠨ ᠤᠶᠤᠨ ᠰᠠᠨᠠᠭᠠᠨ᠎ᠤ ᠴᠠᠮᠬᠠᠭ ᠪᠣᠯᠤᠨ᠎ᠠ᠃ ᠲᠤᠬᠠᠢᠯᠠᠪᠠᠯ᠂ ᠡᠬᠡ ᠤᠯᠤᠰ᠎ᠢᠶᠠᠨ ᠬᠠᠢᠷᠠᠯᠠᠬᠤ᠂ ᠬᠠᠷᠠᠮ ᠦᠭᠡᠢ ᠵᠣᠷᠢᠭᠤᠯᠬᠤ᠂ ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠬᠦ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠶᠡᠭᠡ᠎ᠪᠠᠷ ᠬᠠᠮᠵᠢᠯᠴᠠᠬᠤ᠂ ᠵᠤᠷᠢᠭ᠍ᠲᠠᠢ᠎ᠪᠠᠷ ᠠᠪᠠᠷᠢᠬᠤ ᠵᠤᠷᠢᠭ ᠰᠠᠨᠠᠭ᠎ᠠ ᠪᠣᠯᠤᠨ᠎ᠠ᠃ 《ᠬᠤᠶᠠᠷ ᠪᠥᠮᠪᠦᠭᠡ ᠨᠢᠭᠡ ᠤᠳᠤᠨ》 ᠤ ᠵᠣᠷᠢᠭ ᠰᠠᠨᠠᠭ᠎ᠠ ᠪᠣᠯ ᠨᠠᠮ᠎ᠤᠨ ᠲᠡᠦᠬᠡ᠂ ᠤᠯᠤᠰ᠎ᠤᠨ ᠲᠡᠦᠬᠡ᠎ᠶ᠋ᠢᠨ ᠴᠢᠬᠤᠯᠠ ᠪᠦᠷᠢᠯᠳᠦᠬᠦᠨ ᠬᠡᠰᠡᠭ ᠮᠥᠨ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠴᠢᠬᠤᠯᠠ ᠶᠡᠭᠡ ᠠᠴᠢ ᠬᠤᠯᠪᠣᠭ᠍ᠳᠠᠯ᠎ᠲᠠᠢ ᠶᠤᠮ᠃
ᠡᠬᠡ ᠤᠯᠤᠰ᠎ᠢᠶᠠᠨ ᠬᠠᠢᠷᠠᠯᠠᠵᠤ᠂ ᠬᠠᠷᠠᠮ ᠦᠭᠡᠢ ᠵᠤᠷᠢᠭᠤᠯᠤᠨ᠎ᠠ᠄ 《ᠤᠯᠤᠰ᠎ᠤᠨ ᠶᠡᠭᠡ ᠲᠠᠯ᠎ᠠ》 ᠠᠴᠠ ᠪᠤᠳᠤᠯᠬᠢᠯᠠᠨ᠎ᠠ
ᠲᠠᠪᠢᠭᠠᠳ ᠣᠨ᠎ᠤ ᠳᠤᠮᠳᠠᠴᠢ᠎ᠪᠠᠷ᠂ ᠴᠥᠮ᠎ᠡ᠎ᠶ᠋ᠢᠨ ᠬᠢᠬᠠᠯᠲᠠ᠂ ᠴᠥᠮ᠎ᠡ᠎ᠶ᠋ᠢᠨ ᠰᠦᠷᠳᠡᠭᠦᠯᠦᠯ᠂ ᠴᠥᠮ᠎ᠡ᠎ᠶ᠋ᠢᠨ ᠭᠠᠭ᠍ᠴᠠᠭᠠᠷ ᠡᠵᠡᠮᠱᠢᠯ᠎ᠤᠨ ᠬᠠᠲᠠᠭᠤ ᠴᠢᠩᠭ᠎ᠠ ᠪᠠᠢᠳᠠᠯ ᠲᠤᠤᠷ᠎ᠠ᠂ ᠮᠠᠤ ᠽᠧ ᠳ᠋ᠦᠩ ᠡᠷᠡᠰ ᠱᠢᠭᠤᠷᠬᠠᠶ᠎ᠪᠠᠷ᠄ ᠪᠢᠳᠡ ᠪᠠᠰᠠ ᠠᠲ᠋ᠣᠮ᠎ᠤᠨ ᠪᠥᠮᠪᠦᠭᠡ᠂ ᠤᠰᠤᠲᠥ᠋ᠷᠥᠭ᠌ᠴᠢ ᠪᠥᠮᠪᠦᠭᠡ᠂ ᠲᠢᠪ ᠠᠯᠤᠰᠯᠠᠬᠤ ᠵᠠᠯᠠᠭᠤᠷᠲᠤ ᠰᠤᠮᠤ ᠦᠢᠯᠡᠳᠴᠦ᠍᠂ 《ᠪᠢᠳᠡ ᠪᠠᠰᠠ ᠬᠢᠮᠡᠯ ᠳᠠᠭᠠᠭᠤᠯᠢ ᠣᠳᠣ ᠬᠢᠬᠦ᠌ ᠬᠡᠷᠡᠭ᠌ᠲᠡᠶ》 ᠭᠡᠵᠦ᠍ ᠵᠤᠷᠢᠭ ᠱᠢᠭᠤᠳᠪᠠ᠃
ᠤᠯᠤᠰ᠎ᠤᠨ ᠤᠷᠢᠶᠠᠯᠠᠭ᠎ᠠ᠎ᠶ᠋ᠢ ᠴᠤᠤᠷᠢᠶᠠᠲᠤᠨ ᠳᠠᠭᠠᠵᠤ᠂ 20 ᠳ᠋ᠤᠭᠠᠷ ᠵᠠᠭᠤᠨ᠎ᠤ ᠲᠠᠪᠢ ᠵᠢᠷᠠᠭᠠᠳ ᠣᠨ᠎ᠳᠤ᠂ ᠦᠯᠡᠮᠵᠢ ᠣᠯᠠᠨ ᠠᠮᠵᠢᠯᠲᠠ ᠪᠦᠲᠦᠮᠵᠢ ᠣᠯᠵᠤ ᠠᠯᠳᠠᠷ ᠨᠡᠷ᠎ᠡ ᠮᠠᠨᠳᠤᠭ᠍ᠰᠠᠨ ᠭᠠᠳᠠᠭᠠᠳᠤ᠎ᠳᠤ ᠪᠠᠢᠭ᠎ᠠ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨᠲᠠᠨ ᠦᠴᠦᠬᠡᠨ ᠴᠦ᠍ ᠡᠷᠡᠭᠡᠯᠵᠡᠯ ᠦᠭᠡᠢ᠎ᠪᠠᠷ ᠡᠭᠡ ᠤᠯᠤᠰ᠎ᠲᠠᠭᠠᠨ ᠪᠤᠴᠠᠨ ᠢᠷᠡᠪᠡ᠃
《ᠴᠢᠶᠠᠨ ᠱᠢᠤᠸᠠᠢ ᠰᠧᠨ ᠬᠠᠮᠢᠭ᠎ᠠ ᠣᠴᠢᠭ᠍ᠰᠠᠨ ᠴᠤ᠌ 5 ᠳ᠋ᠢᠸᠢᠽᠢ ᠴᠡᠷᠢᠭ᠎ᠤᠨ ᠬᠦᠴᠦᠨ᠎ᠲᠠᠢ ᠲᠡᠩᠴᠡᠨ᠎ᠡ᠃》 ᠤᠯᠤᠰ᠎ᠲᠠᠭᠠᠨ ᠪᠤᠴᠠᠬᠤ ᠭᠡᠵᠦ᠍ ᠪᠠᠢᠭ᠎ᠠ ᠲᠡᠷᠡ ᠭᠢᠨᠳᠠᠨ᠎ᠳᠤ ᠬᠤᠷᠢᠭ᠍ᠳᠠᠵᠤ᠂ ᠬᠡᠷ᠎ᠨᠢ ᠨᠡᠩᠵᠢᠭ᠌ᠳᠡᠪᠡ᠃ ᠡᠬᠡ ᠤᠯᠤᠰ᠎ᠲᠠᠭᠠᠨ ᠪᠤᠴᠠᠵᠤ ᠢᠷᠡᠭ᠌ᠰᠡᠨ ᠴᠢᠶᠠᠨ ᠱᠢᠤᠸᠠᠢ ᠰᠧᠨ ᠶᠡᠬᠡᠳᠡ ᠪᠠᠶᠠᠷᠯᠠᠨ᠂ 《ᠱᠢᠨᠵᠢᠯᠡᠬᠦ᠌ ᠤᠬᠠᠭᠠᠨ᠎ᠳᠤ ᠤᠯᠤᠰ᠎ᠤᠨ ᠬᠢᠯᠢ ᠭᠡᠵᠦ᠍ ᠪᠠᠢᠬᠤ ᠦᠭᠡᠢ᠂ ᠭᠡᠪᠡᠴᠦ᠍ ᠱᠢᠨᠵᠢᠯᠡᠬᠦ᠌ ᠤᠬᠠᠭᠠᠨᠲᠠᠨ᠎ᠳᠤ ᠡᠬᠡ ᠤᠯᠤᠰ ᠭᠡᠵᠦ᠍ ᠪᠠᠢᠳᠠᠭ》; 《ᠮᠢᠨᠦ᠍ ᠠᠵᠢᠯ ᠦᠢᠯᠡᠰ ᠳᠤᠮᠳᠠᠳᠤ ᠤᠯᠤᠰ᠎ᠲᠤ ᠪᠤᠢ》; 《ᠪᠢ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠳᠠᠨ ᠪᠣᠯᠤᠭ᠍ᠰᠠᠨ᠎ᠤ ᠬᠤᠪᠢ᠎ᠳᠤ᠂ ᠠᠮᠢᠳᠤ ᠶᠠᠪᠤᠬᠤ᠎ᠨᠢ ᠳᠠᠷᠤᠢ ᠠᠷᠠᠳ ᠲᠦᠮᠡᠨ᠎ᠳᠤ ᠦᠢᠯᠡᠴᠢᠯᠡᠬᠦ᠌᠎ᠶ᠋ᠢᠨ ᠲᠥᠯᠥᠭᠡ ᠶᠤᠮ》 ᠭᠡᠪᠡ᠃
ᠳ᠋ᠧᠩ ᠵᠢᠶᠠ ᠱᠢᠶᠠᠨ ᠠᠮᠧᠷᠢᠺᠠ᠎ᠳᠤ ᠳ᠋ᠣᠺᠲ᠋ᠣᠷ ᠴᠣᠯᠠ ᠬᠠᠮᠠᠭᠠᠯᠠᠭ᠍ᠰᠠᠨ 9 ᠡᠳᠦᠷ᠎ᠤᠨ ᠳᠠᠷᠠᠭ᠎ᠠ᠂ ᠡᠷᠡᠰ ᠱᠢᠭᠤᠷᠬᠠᠢ᠎ᠪᠠᠷ ᠤᠯᠤᠰ᠎ᠲᠠᠭᠠᠨ ᠪᠤᠴᠠᠵᠤ ᠠᠩᠬᠠᠨ᠎ᠤ ᠠᠲ᠋ᠣᠮ᠎ᠤᠨ ᠪᠥᠮᠪᠦᠭᠡ ᠰᠤᠳᠤᠯᠤᠨ ᠦᠢᠯᠡᠳᠬᠦ᠌ ᠠᠵᠢᠯ᠎ᠢ ᠡᠷᠬᠢᠯᠡᠪᠡ᠃ 1964 ᠣᠨ᠎ᠤ 10 ᠰᠠᠷ᠎ᠠ᠎ᠳᠤ ᠳᠤᠮᠳᠠᠳᠤ ᠤᠯᠤᠰ ᠠᠩᠬᠠᠳᠠᠭ᠍ᠴᠢ ᠠᠲ᠋ᠣᠮ᠎ᠤᠨ ᠪᠥᠮᠪᠦᠭᠡ᠎ᠶ᠋ᠢ ᠠᠮᠵᠢᠯᠲᠠ᠎ᠲᠠᠢ ᠳᠡᠯᠪᠡᠷᠡᠭᠦᠯᠬᠦ᠌ ᠦᠶ᠎ᠡ᠎ᠳᠤ᠂ ᠲᠡᠷᠡ ᠰᠤᠳᠤᠯᠭᠠᠲᠠᠳ᠎ᠢᠶᠠᠨ ᠳᠠᠭᠠᠭᠤᠯᠤᠨ ᠮᠠᠰᠢ ᠲᠦᠷᠭᠡᠨ᠎ᠢᠶᠠᠷ ᠳᠡᠯᠪᠡᠷᠡᠯᠲᠡ᠎ᠶ᠋ᠢᠨ ᠲᠤᠬᠠᠢ᠎ᠶ᠋ᠢᠨ ᠲᠠᠯᠠᠪᠤᠷ᠎ᠲᠤ ᠣᠷᠣᠵᠤ ᠤᠢ᠍ᠯᠢᠭᠡᠷ ᠶᠠᠩᠵᠤ ᠠᠪᠤᠪᠠ᠂ ᠴᠥᠮ᠎ᠡ᠎ᠶ᠋ᠢᠨ ᠰᠠᠴᠤᠷᠠᠭ᠎ᠤᠨ ᠨᠦᠯᠦᠬᠡ᠎ᠠᠴᠠ ᠪᠤᠯᠵᠦ᠍ ᠲᠡᠷᠡ ᠡᠴᠦᠰ᠎ᠲᠡᠭᠡᠨ ᠥᠮᠡᠨ᠎ᠳᠤ ᠨᠡᠷᠪᠡᠭ᠌ᠳᠡᠪᠡ᠂ ᠨᠠᠰᠤ ᠪᠠᠷᠠᠬᠤᠠᠴᠠᠪᠠᠨ ᠡᠮᠦᠨ᠎ᠡ᠄ 《ᠪᠢᠳᠡ ᠪᠢᠲᠡᠭᠡᠶ ᠳᠡᠩᠳᠡᠭᠦᠦ ᠬᠤᠯᠠ ᠬᠠᠶᠠᠭ᠍ᠲᠠᠴᠢᠬᠠᠶᠠ ᠁》; 《ᠪᠢ ᠦᠬᠦᠭ᠌ᠰᠡᠨ ᠴᠦ᠍ ᠬᠠᠷᠠᠮᠰᠠᠬᠤ ᠦᠬᠡᠢ》 ᠬᠡᠵᠠᠢ᠃
ᠳᠡᠭᠡᠷ᠎ᠡ ᠵᠠᠭᠤᠨ᠎ᠤ ᠲᠠᠪᠢᠭᠠᠳ ᠣᠨ᠎ᠤ ᠰᠡᠭᠦᠯᠴᠢ᠎ᠪᠠᠷ᠂ ᠴᠢᠶᠠᠨ ᠰᠠᠨ ᠴᠢᠶᠠᠩ ᠲᠤᠱᠢᠶᠠᠯ ᠡᠭᠦᠷᠭᠡᠯᠡᠵᠦ᠍᠂ ᠨᠢᠭᠡ ᠪᠦᠯᠦᠭ ᠱᠢᠨᠵᠢᠯᠡᠬᠦ᠌ ᠤᠬᠠᠭᠠᠨᠲᠠᠨ᠎ᠢ ᠲᠠᠨᠢᠯᠴᠠᠭᠤᠯᠤᠨ ᠵᠣᠬᠢᠶᠠᠨ ᠪᠠᠢᠭᠤᠯᠵᠤ᠂ ᠳᠤᠮᠳᠠᠳᠤ ᠤᠯᠤᠰ᠎ᠤᠨ ᠠᠩᠬᠠᠳᠠᠭ᠍ᠴᠢ ᠠᠲ᠋ᠣᠮ᠎ᠤᠨ ᠪᠥᠮᠪᠦᠭᠡ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠳᠡᠯᠪᠡᠷᠡᠭᠦᠯᠪᠡ᠃ ᠲᠡᠭᠦᠨ᠎ᠠᠴᠠ ᠬᠤᠢᠰᠢ᠂ ᠲᠡᠷᠡ ᠪᠠᠰᠠ ᠳᠤᠮᠳᠠᠳᠤ ᠤᠯᠤᠰ᠎ᠤᠨ ᠠᠩᠬᠠᠳᠠᠭ᠍ᠴᠢ ᠤᠰᠤᠲᠥ᠋ᠷᠥᠭ᠌ᠴᠢ ᠪᠥᠮᠪᠦᠭᠡ᠎ᠶ᠋ᠢ ᠰᠤᠳᠤᠯᠤᠨ ᠦᠢᠯᠡᠳᠬᠦ᠌ ᠠᠵᠢᠯ᠎ᠳᠤ ᠣᠷᠣᠯᠴᠠᠭ᠍ᠰᠠᠨ ᠪᠥᠭᠡᠳ ᠤᠳᠤᠷᠢᠳᠴᠠᠢ᠃
1956 ᠣᠨ᠎ᠳᠤ ᠤᠤᠯ᠎ᠤᠨ ᠵᠦᠪᠯᠡᠯᠳᠦ ᠬᠤᠯᠪᠣᠭᠠᠲᠤ ᠤᠯᠤᠰ᠎ᠲᠤ ᠬᠦᠷᠴᠦ᠍ ᠰᠤᠷᠤᠯᠴᠠᠭ᠍ᠰᠠᠨ ᠸᠠᠩ ᠭᠠᠨ ᠴᠠᠩ 1960 ᠣᠨ᠎ᠳᠤ ᠡᠬᠡ ᠤᠯᠤᠰ᠎ᠲᠠᠭᠠᠨ ᠪᠤᠴᠠᠵᠤ᠂ 1961 ᠣᠨ᠎ᠳᠤ ᠴᠥᠮ᠎ᠡ᠎ᠶ᠋ᠢᠨ ᠵᠡᠪᠰᠡᠭ᠎ᠢ ᠰᠤᠳᠤᠯᠤᠨ ᠦᠢᠯᠡᠳᠬᠦ᠌ ᠡᠭᠦᠷᠭᠡ᠎ᠶ᠋ᠢ ᠲᠤᠰᠭᠤ ᠦᠶ᠎ᠡ᠎ᠳᠤ ᠲᠡᠷᠡ᠄ 《ᠪᠢ ᠳᠤᠷᠠᠲᠠᠶ᠎ᠠ ᠤᠯᠤᠰ᠎ᠲᠠᠭᠠᠨ ᠵᠢᠳᠬᠦᠨ᠎ᠡ》 ᠬᠡᠵᠤ ᠬᠡᠯᠡᠭ᠌ᠰᠡᠨ ᠪᠦᠭᠡᠳ 《ᠤᠯᠤᠰ ᠣᠷᠣᠨ᠎ᠤ ᠬᠦᠴᠦᠷᠬᠡᠭ᠌ᠵᠢᠯ ᠪᠣᠯ ᠰᠠᠶᠢ ᠮᠢᠨᠦ᠍ ᠵᠢᠩᠬᠢᠨᠢ ᠬᠥᠭᠡᠭᠡᠴᠡᠯᠳᠦᠯ ᠮᠥᠨ》 ᠬᠡᠵᠠᠢ᠃
《ᠪᠢᠳᠡ ᠡᠬᠡ ᠤᠯᠤᠰ᠎ᠤᠨ᠎ᠢᠶᠠᠨ ᠬᠦᠴᠦᠨ᠎ᠤ ᠤᠬᠠᠭᠠᠨ᠎ᠤ ᠦᠢᠯᠡᠰ᠎ᠲᠤ ᠳᠤᠷᠠᠲᠠᠶ᠎ᠠ ᠵᠢᠳᠬᠦᠨ᠎ᠡ》 ᠭᠡᠵᠦ᠍ ᠲᠠᠩᠭᠠᠷᠢᠡᠡᠯᠠᠭ᠍ᠰᠠᠨ ᠠᠯᠳᠠᠷᠲᠤ ᠬᠦᠴᠦᠨ᠎ᠤ ᠤᠬᠠᠭᠠᠨᠲᠠᠨ ᠭᠦᠸᠧ ᠶᠦᠡᠭ ᠬᠤᠸᠠᠢ ᠨᠢᠰᠭᠡᠯ ᠳᠡᠯᠪᠡᠷᠡᠬᠦ᠌ ᠠᠭ᠍ᠱᠠᠨ ᠵᠠᠭᠤᠷ᠎ᠠ᠂ ᠬᠠᠮᠠᠭᠠᠯᠠᠭ᠍ᠴᠢᠲᠠᠢᠪᠠᠨ ᠨᠢᠭ᠍ᠲᠠ ᠲᠡᠪᠡᠷᠢᠯᠴᠡᠨ ᠴᠥᠮ᠎ᠡ᠎ᠶ᠋ᠢᠨ ᠮᠠᠲ᠋ᠧᠷᠢᠶᠠᠯ᠎ᠢ ᠬᠠᠮᠠᠭᠠᠯᠠᠵᠤ᠂ ᠥᠪᠡᠷ᠎ᠢᠶᠠᠨ ᠬᠠᠷᠢᠨ ᠳᠦᠷᠡᠯᠵᠡᠭ᠌ᠰᠡᠨ ᠭᠠᠯᠳᠤ ᠡᠭᠦᠷᠢᠳᠡ ᠠᠶᠠᠷᠯᠠᠯ᠎ᠠ; ᠴᠧᠩ ᠺᠠᠶ ᠵᠢᠶᠠ᠄ 《ᠨᠠᠰᠤ᠎ᠪᠠᠷ᠎ᠢᠶᠠᠨ ᠨᠠᠮ᠎ᠢᠶᠠᠨ ᠳᠠᠭᠠᠵᠤ᠂ ᠠᠯᠢᠪᠠ ᠪᠦᠬᠦᠨ᠎ᠢᠶᠠᠨ ᠨᠠᠮ᠎ᠳᠠᠭᠠᠨ ᠲᠤᠱᠢᠶᠠᠨ᠎ᠠ》 ᠭᠡᠪᠡ; ᠵᠧᠦ ᠭᠤᠸᠠᠩ ᠵᠤᠤ᠄ 《ᠪᠢᠳᠡ ᠴᠠᠭ ᠢᠮᠠᠭ᠍ᠲᠠ ᠡᠬᠡ ᠤᠯᠤᠰ᠎ᠤᠨ ᠤᠷᠢᠶᠠᠯᠠᠭ᠎ᠠ᠎ᠶ᠋ᠢ ᠰᠣᠨᠣᠰᠤᠨ᠎ᠠ》 ᠬᠡᠵᠠᠢ᠃
《ᠬᠤᠶᠠᠷ ᠪᠥᠮᠪᠦᠭᠡ ᠨᠢᠭᠡ ᠤᠳᠤᠨ》 ᠤ ᠲᠦᠯᠦᠭᠡ ᠲᠡᠮᠡᠴᠡᠭ᠌ᠴᠢᠳ ᠦᠨᠡᠨᠴᠢ ᠱᠢᠳᠤᠷᠭᠤ᠂ ᠤᠶᠤᠨ ᠤᠬᠠᠭᠠᠨ᠂ ᠵᠠᠯᠠᠭᠤ ᠨᠠᠰᠤ᠂ ᠬᠠᠯᠠᠭᠤᠨ ᠴᠢᠰᠤ᠂ ᠠᠮᠢ ᠨᠠᠰᠤ᠎ᠪᠠᠷ᠎ᠢᠶᠠᠨ 《ᠡᠬᠡ ᠤᠯᠤᠰ᠎ᠢᠶᠠᠨ ᠬᠠᠢᠷᠠᠯᠠᠵᠤ᠂ ᠬᠠᠷᠠᠮ ᠦᠭᠡᠢ ᠵᠣᠷᠢᠭᠤᠯᠬᠤ》 ᠶ᠋ᠢᠨ ᠭᠦᠨᠵᠡᠭᠡᠢ ᠠᠭᠤᠯᠤᠭ᠍ᠳᠠᠬᠤᠨ᠎ᠢ ᠲᠠᠢᠯᠪᠤᠷᠢᠯᠠᠪᠠ᠃
ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠵᠦ᠍ ᠲᠡᠰᠪᠦᠷᠢ ᠬᠠᠲᠠᠭᠤᠵᠢᠯᠲᠠᠢ ᠲᠡᠮᠡᠴᠡᠨ᠎ᠡ᠄ ᠵᠣᠷᠢᠭ᠍ᠲᠠᠢ᠎ᠪᠠᠷ ᠤᠭ᠍ᠳᠠᠷᠭᠤᠢ᠎ᠳᠤ ᠭᠠᠷᠴᠤ᠌ ᠰᠠᠷᠠᠶ᠋ᠢ ᠬᠠᠢᠨ᠎ᠠ
1960 ᠣᠨ᠎ᠳᠤ ᠳᠤᠮᠳᠠᠳᠤ ᠤᠯᠤᠰ ᠠᠩᠬᠠᠳᠠᠭ᠍ᠴᠢ ᠪᠡᠶ᠎ᠡ᠎ᠪᠠᠨ ᠳᠠᠭᠠᠭᠠᠵᠤ ᠰᠤᠳᠤᠯᠤᠨ ᠦᠢᠯᠡᠳᠦᠭ᠌ᠰᠡᠨ ᠵᠠᠯᠠᠭᠤᠷᠲᠤ ᠰᠤᠮᠤ᠎ᠶ᠋ᠢ ᠠᠮᠵᠢᠯᠲᠠ᠎ᠲᠠᠢ ᠬᠠᠷᠪᠤᠪᠠ; 1964 ᠣᠨ᠎ᠳᠤ ᠳᠤᠮᠳᠠᠳᠤ ᠤᠯᠤᠰ᠎ᠤᠨ ᠰᠤᠳᠤᠯᠤᠨ ᠦᠢᠯᠡᠳᠦᠭ᠌ᠰᠡᠨ ᠠᠩᠬᠠᠳᠠᠭ᠍ᠴᠢ ᠠᠲ᠋ᠣᠮ᠎ᠤᠨ ᠪᠥᠮᠪᠦᠭᠡ᠎ᠶ᠋ᠢ ᠠᠮᠵᠢᠯᠲᠠ᠎ᠲᠠᠢ ᠳᠡᠯᠪᠡᠷᠡᠬᠦᠯᠪᠡ; 1967 ᠣᠨ᠎ᠳᠤ ᠠᠩᠬᠠᠳᠠᠭ᠍ᠴᠢ ᠤᠰᠤᠲᠥ᠋ᠷᠥᠭ᠌ᠴᠢ ᠪᠥᠮᠪᠦᠭᠡ᠎ᠶ᠋ᠢ ᠠᠮᠵᠢᠯᠲᠠ᠎ᠲᠠᠶ ᠳᠡᠯᠪᠡᠷᠡᠭᠦᠯᠪᠡ; 1970 ᠣᠨ᠎ᠳᠤ ᠳᠤᠮᠳᠠᠳᠤ ᠤᠯᠤᠰ ᠠᠩᠬᠠᠳᠠᠭ᠍ᠴᠢ ᠬᠢᠮᠡᠯ ᠳᠠᠭᠠᠭᠤᠯᠢ ᠤᠳᠤ᠎ᠶ᠋ᠢ ᠠᠮᠵᠢᠯᠲᠠ᠎ᠲᠠᠢ ᠬᠠᠷᠪᠤᠪᠠ᠃ ᠳᠤᠮᠳᠠᠳᠤ ᠤᠯᠤᠰ ᠬᠡᠷᠬᠢᠨ ᠮᠡᠷᠭᠡᠵᠢᠯ ᠬᠤᠭᠤᠰᠣᠨ᠂ ᠡᠳ᠋ ᠪᠣᠳᠠᠰ ᠬᠤᠮᠰᠠ᠂ ᠣᠷᠴᠢᠨ ᠠᠬᠤᠢ ᠬᠠᠳᠠᠭᠤᠵᠢᠯᠳᠠᠢ ᠨᠥᠬᠦᠴᠡᠯ ᠳᠣᠣᠷ᠎ᠠ᠂ ᠵᠥᠪᠬᠡᠨ ᠠᠷᠪᠠ ᠭᠠᠷᠦ᠋ᠢᠬᠠᠨ ᠵᠢᠯ᠎ᠤᠨ ᠴᠠᠭ᠎ᠢ ᠬᠡᠷᠡᠭ᠌ᠰᠡᠵᠦ᠍ 《ᠬᠤᠶᠠᠷ ᠪᠥᠮᠪᠦᠭᠡ ᠨᠢᠭᠡ ᠤᠳᠤᠨ》 ᠢ ᠪᠡᠶ᠎ᠡ᠎ᠪᠠᠨ ᠳᠠᠭᠠᠭᠠᠵᠤ ᠪᠡᠶᠡᠯᠡᠭᠦᠯᠵᠦ᠍ ᠴᠢᠳᠠᠭ᠍ᠰᠠᠨ ᠪᠤᠢ?
ᠭᠠᠳᠠᠭᠠᠳᠤ᠎ᠶ᠋ᠢᠨ ᠳᠤᠰᠠᠯᠠᠮᠵᠢ ᠬᠢᠵᠠᠭᠠᠷ᠎ᠲᠠᠢ ᠪᠠᠢᠬᠤ ᠵᠥᠪ ᠲᠠᠨᠢᠯᠲᠠ᠎ᠳᠤ ᠰᠠᠭᠤᠷᠢᠯᠠᠨ᠂ ᠮᠠᠨ᠎ᠤ ᠤᠯᠤᠰ 《ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠬᠦ᠌᠎ᠪᠠᠷ ᠭᠤᠣᠯ ᠪᠣᠯᠭᠠᠵᠤ᠂ ᠭᠠᠳᠠᠭᠠᠳᠤ᠎ᠶ᠋ᠢᠨ ᠲᠤᠰᠠᠯᠠᠮᠵᠢ᠎ᠶ᠋ᠢ ᠤᠯᠬᠤ᠎ᠪᠠᠷ ᠬᠠᠪᠰᠤᠷᠤᠮᠵᠢ ᠪᠣᠯᠭᠠᠬᠤ》 ᠴᠢᠭ᠌ᠯᠡᠯᠲᠡ᠎ᠶ᠋ᠢ ᠲᠣᠳᠣᠷᠬᠠᠢ ᠲᠣᠭ᠍ᠲᠠᠭᠠᠪᠠ᠃ ᠨᠢᠭᠡ ᠪᠦᠯᠦᠭ ᠱᠢᠨᠵᠢᠯᠡᠬᠦ᠌ ᠤᠬᠠᠭᠠᠨᠲᠠᠨ ᠬᠠᠪᠤᠷ᠎ᠤᠨ ᠬᠠᠷ᠎ᠠ ᠰᠠᠯᠬᠢᠨ᠂ ᠵᠤᠨ᠎ᠤ ᠱᠢᠳᠠᠮᠠ ᠬᠠᠯᠠᠭᠤᠨ᠎ᠳᠤ ᠭᠤᠪᠢ ᠴᠦᠯ ᠳᠡᠭᠡᠷ᠎ᠡ ᠬᠤᠶᠠᠷ ᠵᠢᠯ ᠭᠠᠷᠤᠢ ᠳᠡᠮᠡᠴᠡᠵᠦ᠍᠂ ᠵᠠᠯᠠᠭᠤᠷᠲᠤ ᠰᠤᠮᠤ᠎ᠶ᠋ᠢᠨ ᠲᠤᠷᠱᠢᠯᠲᠠ᠎ᠶ᠋ᠢᠨ ᠰᠠᠭᠤᠷᠢᠨ᠎ᠢ ᠪᠠᠢᠭᠤᠯᠵᠠᠢ; ᠴᠢᠬᠤᠯᠠ ᠴᠥᠮ᠎ᠡ᠎ᠶ᠋ᠢᠨ ᠮᠠᠲ᠋ᠧᠷᠢᠶᠠᠯ ᠪᠤᠯᠬᠤ ᠦᠷ᠎ᠠ᠎ᠨᠢ ᠲᠦᠷᠭᠡᠬᠡᠨ ᠤᠯᠬᠤ᠎ᠶ᠋ᠢᠨ ᠲᠥᠯᠥᠭᠡ᠂ ᠭᠠᠵᠠᠷ ᠱᠢᠨᠵᠢᠯᠡᠭᠡᠨ᠎ᠤ ᠠᠩᠭᠢ ᠨᠤᠲᠤᠭ᠎ᠤᠨ ᠠᠷᠭ᠎ᠠ᠎ᠪᠠᠷ ᠦᠷᠡᠨ ᠪᠣᠯᠪᠠᠰᠤᠷᠠᠭᠤᠯᠵᠤ᠂ ᠣᠬᠤᠷᠬᠠᠨ ᠬᠤᠭᠤᠴᠠᠭᠠᠨ᠎ᠳᠤ 160 ᠭᠠᠷᠤᠶ ᠲᠣᠨ ᠬᠦᠨᠳᠦ ᠦᠷᠡᠨ ᠬᠦᠴᠢᠯ᠎ᠤᠨ ᠠᠮᠮᠣᠨᠢ ᠦᠢᠯᠡᠳᠪᠣᠷᠢᠯᠡᠵᠦ᠍᠂ ᠮᠠᠨ᠎ᠤ ᠤᠯᠤᠰ᠎ᠤᠨ ᠠᠩᠬᠠᠳᠠᠭ᠍ᠴᠢ ᠴᠥᠮ᠎ᠡ᠎ᠶ᠋ᠢᠨ ᠲᠤᠷᠱᠢᠯᠲᠠ᠎ᠳᠤ ᠴᠠᠭ ᠣᠯᠭᠤᠭ᠍ᠰᠠᠨ ᠪᠠᠢᠨ᠎ᠠ; ᠪᠡᠭᠡᠵᠢᠩ᠎ᠤᠨ ᠵᠢᠷᠭᠤᠳᠤᠭᠠᠷ ᠰᠤᠳᠤᠯᠭᠠᠨ᠎ᠤ ᠭᠠᠵᠠᠷ ᠠᠮᠢ ᠴᠦᠯᠡᠨ ᠴᠢᠷᠮᠠᠢᠵᠤ ᠪᠠᠢᠭᠠᠳ ᠠᠩᠬᠠᠳᠠᠭ᠍ᠴᠢ ᠠᠲ᠋ᠣᠮ᠎ᠤᠨ ᠪᠥᠮᠪᠦᠭᠡ᠎ᠶ᠋ᠢ ᠰᠤᠳᠤᠯᠤᠨ ᠦᠢᠯᠡᠳᠬᠦ᠌ ᠠᠬᠢᠴᠠ᠎ᠶ᠋ᠢ ᠲᠦᠷᠭᠡᠳᠭᠡᠪᠡ ᠁ ᠪᠢᠳᠡ ᠠᠮᠧᠷᠢᠺᠠ ᠵᠦᠪᠯᠡᠯ᠎ᠳᠤ᠎ᠲᠠᠢ ᠠᠳᠠᠯᠢ ᠪᠤᠰᠤ ᠬᠤᠱᠢᠭᠤᠴᠢ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠵᠠᠮ᠎ᠢ ᠨᠡᠭᠡᠭᠡᠵᠦ᠍᠂ ᠮᠠᠨ᠎ᠤ ᠤᠯᠤᠰ᠎ᠤᠨ ᠬᠤᠱᠢᠭᠤᠴᠢ ᠦᠢᠯᠡᠰ ᠳᠥᠭᠦᠮ ᠪᠦᠳᠦᠭᠦᠯᠢᠭ ᠨᠥᠬᠦᠴᠡᠯ ᠳᠣᠣᠷ᠎ᠠ ᠣᠬᠤᠷᠬᠠᠨ ᠬᠤᠭᠤᠴᠠᠭᠠᠨ᠎ᠳᠤ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠠᠮᠵᠢᠯᠲᠠ ᠪᠦᠲᠦᠮᠵᠢ ᠤᠯᠪᠠ᠃
ᠶᠡᠭᠡ᠎ᠪᠠᠷ ᠬᠠᠮᠵᠢᠯᠴᠠᠨ᠂ ᠵᠣᠷᠢᠭ᠍ᠲᠠᠶ ᠤᠷᠤᠭ᠍ᠰᠢᠯᠠᠨ᠎ᠠ᠄ ᠬᠦᠴᠦ᠎ᠪᠠᠨ ᠲᠥᠪᠯᠡᠷᠡᠭᠦᠯᠦᠨ ᠶᠡᠭᠡ ᠶᠠᠪᠤᠳᠠᠯ ᠬᠢᠨ᠎ᠡ
ᠴᠥᠮ᠎ᠡ᠎ᠶ᠋ᠢᠨ ᠵᠡᠪᠰᠡᠭ᠎ᠢ ᠰᠤᠳᠤᠯᠤᠨ ᠦᠢᠯᠡᠳᠬᠦ᠌ ᠠᠵᠢᠯ᠎ᠢ ᠬᠡᠷᠬᠢᠨ ᠵᠣᠬᠢᠶᠠᠨ ᠪᠠᠢᠭᠤᠯᠬᠤ ᠲᠤᠬᠠᠶ ᠮᠠᠤ ᠽᠧ ᠳ᠋ᠦᠩ᠄ 《ᠡᠨᠡ ᠬᠦ᠌ ᠠᠵᠢᠯ᠎ᠢ ᠶᠡᠭᠡ᠎ᠪᠠᠷ ᠬᠠᠮᠵᠢᠯᠴᠠᠨ ᠰᠠᠢᠲᠤᠷ ᠬᠢᠬᠦ᠌ ᠬᠡᠷᠡᠭ᠌ᠲᠡᠶ》 ᠭᠡᠵᠦ᠍ ᠬᠡᠯᠡᠪᠡ᠃ ᠶᠡᠷᠦᠩᠬᠡᠢ ᠰᠠᠢᠳ ᠵᠧᠦ ᠡᠸᠨ ᠯᠠᠢ᠂ ᠪᠢᠳᠡ ᠬᠤᠱᠢᠭᠤᠴᠢ ᠦᠢᠯᠡᠰ᠎ᠢ ᠬᠦᠭ᠌ᠵᠢᠭᠦᠯᠬᠦ᠌᠎ᠳᠤ ᠬᠥᠷᠥᠩᠭᠡᠲᠦ ᠤᠯᠤᠰ᠎ᠲᠠᠢ ᠠᠳᠠᠯᠢ ᠦᠭᠡᠢ ᠶᠤᠮ᠂ ᠨᠡᠢᠭᠡᠮ ᠵᠢᠷᠤᠮᠲᠤ ᠪᠠᠢᠭᠤᠯᠤᠯ᠎ᠤᠨ ᠳᠠᠪᠠᠭᠤᠯᠢᠭ ᠴᠢᠨᠠᠷ᠎ᠢ ᠪᠠᠳᠠᠷᠠᠭᠤᠯᠵᠤ᠂ ᠮᠠᠨ᠎ᠤ ᠤᠯᠤᠰ᠎ᠤᠨ ᠠᠵᠤ ᠠᠬᠤᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠠᠭᠤᠷᠢ ᠪᠠᠭᠤᠷᠠᠢ ᠪᠠᠢᠬᠤ ᠪᠠ ᠬᠤᠱᠢᠭᠤᠴᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠷᠡᠭ᠌ᠴᠡᠭᠡ᠎ᠶ᠋ᠢ ᠬᠥᠭ᠌ᠵᠢᠭᠦᠯᠬᠦ᠌ ᠵᠥᠷᠢᠴᠡᠯ᠎ᠢ ᠪᠦᠲᠦᠮᠵᠢᠲᠡᠢ᠎ᠪᠠᠷ ᠱᠢᠢᠳᠪᠦᠷᠢᠯᠡᠬᠦ᠌ ᠬᠡᠷᠡᠭ᠌ᠲᠡᠢ ᠭᠡᠵᠦ᠍ ᠳᠠᠬᠢᠨᠲᠠ ᠴᠢᠩᠭᠠᠳᠭᠠᠪᠠ᠃ ᠴᠢᠶᠠᠨ ᠰᠠᠨ ᠴᠢᠶᠠᠩ᠎ᠤᠨ ᠦᠵᠡᠬᠦ᠌᠎ᠪᠠᠷ᠄ 《ᠤᠯᠤᠰ ᠣᠷᠣᠨ ᠬᠦᠴᠦᠷᠬᠡᠭ᠌ᠵᠢᠶᠡ ᠭᠡᠪᠡᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠠᠴᠠ ᠰᠠᠯᠵᠤ ᠴᠢᠳᠠᠬᠤ ᠦᠭᠡᠶ᠂ ᠱᠢᠨ᠎ᠡ ᠳᠤᠮᠳᠠᠳᠤ ᠤᠯᠤᠰ 20 ᠱᠢᠬᠠᠮ ᠵᠢᠯ᠎ᠤᠨ ᠴᠠᠭ᠎ᠢ ᠬᠡᠷᠡᠭ᠌ᠰᠡᠵᠦ᠍ ᠠᠲ᠋ᠣᠮ᠎ᠤᠨ ᠪᠥᠮᠪᠦᠭᠡ᠂ ᠤᠰᠤᠲᠥ᠋ᠷᠥᠭ᠌ᠴᠢ ᠪᠥᠮᠪᠦᠭᠡ᠂ ᠴᠥᠮ᠎ᠡ᠎ᠶ᠋ᠢᠨ ᠱᠤᠩᠭᠤᠯ ᠣᠩᠭᠤᠴᠠᠨ᠎ᠤ ᠱᠢᠪᠲᠤᠯᠤᠯᠲᠠ᠎ᠶ᠋ᠢ ᠪᠡᠶᠡᠯᠡᠭᠦᠯᠵᠦ᠍᠂ ᠴᠥᠮ᠎ᠡ᠎ᠶ᠋ᠢᠨ ᠲᠣᠮᠣ ᠤᠯᠤᠰ᠎ᠤᠨ ᠡᠩᠨᠡᠭᠡᠨ᠎ᠳᠤ ᠣᠷᠣᠪᠠ᠂ ᠡᠭᠦᠨ᠎ᠤ ᠭᠤᠣᠯ ᠱᠢᠯᠲᠠᠭᠠᠨ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠨᠡᠢᠭᠡᠮ ᠵᠢᠷᠤᠮ᠎ᠤᠨ ᠵᠠᠮ᠎ᠢᠶᠠᠷ ᠵᠠᠮᠨᠠᠭ᠍ᠰᠠᠨ᠎ᠠᠴᠠ ᠪᠣᠯᠤᠭ᠍ᠰᠠᠨ ᠶᠤᠮ》᠃
《ᠬᠤᠶᠠᠷ ᠪᠥᠮᠪᠦᠭᠡ ᠨᠢᠭᠡ ᠤᠳᠤᠨ》 ᠪᠣᠯ ᠱᠢᠨ᠎ᠡ ᠳᠤᠮᠳᠠᠳᠤ ᠤᠯᠤᠰ᠎ᠤᠨ ᠬᠡᠪᠴᠢᠶ᠎ᠡ᠎ᠪᠠᠷ ᠤᠷᠢᠳᠤ ᠡᠮᠦᠨ᠎ᠡ ᠪᠠᠢᠭ᠎ᠠ ᠦᠭᠡᠢ᠂ ᠮᠡᠷᠭᠡᠵᠢᠯ᠎ᠢᠶᠠᠷ ᠬᠠᠮᠤᠭ᠎ᠤᠨ ᠱᠢᠨ᠎ᠡ᠂ ᠶᠡᠷᠦᠩᠬᠡᠢᠯᠡᠭ᠌ᠰᠡᠨ ᠴᠢᠨᠠᠷ᠎ᠢᠶᠠᠷ ᠲᠡᠤᠭᠡᠨ᠎ᠳᠤ ᠭᠠᠷᠤᠭ᠎ᠠ ᠦᠭᠡᠢ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠰᠲ᠋ᠧᠮᠲᠦ ᠢᠨᠵᠧᠨᠧᠷᠢᠩ ᠪᠣᠯᠤᠨ᠎ᠠ᠃ ᠳᠡᠭᠡᠷ᠎ᠡ ᠵᠠᠭᠤᠨ᠎ᠤ ᠲᠠᠪᠢ ᠵᠢᠷᠠᠭᠠᠳ ᠣᠨ᠎ᠳᠤ᠂ ᠴᠥᠮ᠎ᠡ᠎ᠶ᠋ᠢᠨ ᠵᠡᠪᠰᠡᠭ᠎ᠢ ᠰᠤᠳᠤᠯᠤᠨ ᠦᠢᠯᠡᠳᠬᠦ᠌᠎ᠶ᠋ᠢᠨ ᠲᠥᠯᠥᠭᠡ᠂ ᠤᠯᠤᠰ᠎ᠠᠴᠠ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠠᠵᠤ ᠦᠢᠯᠡᠳᠪᠦᠷᠢ᠎ᠶ᠋ᠢᠨ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ ᠪᠣᠯᠤᠨ ᠣᠷᠣᠨ ᠨᠤᠲᠤᠭ ᠵᠡᠷᠭᠡ ᠲᠠᠪᠤᠨ ᠲᠠᠯ᠎ᠠ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠴᠦᠨ᠎ᠢ ᠵᠣᠬᠢᠶᠠᠨ ᠪᠠᠢᠭᠤᠯᠪᠠ᠃ ᠪᠦᠷᠢᠳᠭᠡᠯ᠎ᠢ ᠦᠨᠳᠦᠰᠦᠯᠡᠪᠡᠯ᠂ ᠪᠥᠬᠦ᠌ ᠤᠯᠤᠰ᠎ᠲᠤ ᠤᠷᠢᠳ ᠬᠤᠵᠢᠳ 26 ᠶᠠᠮᠤᠨ (ᠬᠦᠷᠢᠶᠡᠯᠡᠩ)᠂ 20 ᠮᠤᠵᠢ᠂ ᠬᠤᠲᠠ᠂ ᠥᠪᠡᠷᠲᠡᠭᠡᠨ ᠵᠠᠰᠠᠬᠤ ᠣᠷᠣᠨ᠎ᠤ 1000 ᠭᠠᠷᠤᠶ ᠦᠢᠯᠡᠳᠪᠤᠷᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠶᠡᠭᠡ ᠳᠡᠭᠡᠳᠦ ᠰᠤᠷᠭᠠᠭᠤᠯᠢ᠎ᠶ᠋ᠢᠨ ᠡᠷᠳᠡᠮᠲᠡᠨ ᠰᠤᠳᠤᠯᠭᠠᠲᠠᠳ ᠪᠦᠬᠦ᠌ ᠬᠦᠴᠦᠨ ᠣᠶᠤᠨ ᠤᠬᠠᠭᠠᠨ᠎ᠢᠶᠠᠨ ᠲᠥᠪᠯᠡᠷᠡᠭᠦᠯᠦᠨ ᠪᠡᠷᠬᠡ ᠰᠡᠳᠦᠪ᠎ᠢ ᠰᠤᠳᠤᠯᠤᠨ ᠱᠢᠢᠳᠪᠤᠷᠢᠯᠡᠪᠡ᠃
ᠱᠢᠨ᠎ᠡ ᠴᠠᠭ ᠦᠶ᠎ᠡ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠠᠯ᠎ᠠ᠎ᠠᠴᠠ ᠠᠪᠴᠤ᠌ ᠬᠡᠯᠡᠪᠡᠯ᠂ 《ᠬᠤᠶᠠᠷ ᠪᠥᠮᠪᠦᠭᠡ ᠨᠢᠭᠡ ᠤᠳᠤᠨ》 ᠤ ᠦᠢᠯᠡᠰ᠎ᠨᠢ ᠨᠢᠭᠡᠨᠲᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠷᠬᠡᠭ ᠤᠯᠤᠰ᠎ᠤᠨ ᠬᠥᠳᠡᠯᠭᠡᠬᠦ᠌ ᠬᠦᠴᠦᠨ ᠪᠣᠯᠵᠠᠢ᠃ ᠣᠶᠤᠨ ᠰᠠᠨᠠᠭᠠᠨ᠎ᠤ ᠲᠠᠯ᠎ᠠ᠎ᠠᠴᠠ ᠠᠪᠴᠤ᠌ ᠬᠡᠯᠡᠪᠡᠯ᠂ 《ᠬᠤᠶᠠᠷ ᠪᠥᠮᠪᠦᠭᠡ ᠨᠢᠭᠡ ᠣᠳᠣᠨ》 ᠤ ᠵᠣᠷᠢᠭ ᠰᠠᠨᠠᠭ᠎ᠠ᠎ᠨᠢ ᠨᠢᠭᠡᠨᠲᠡ ᠨᠢᠭᠡ ᠵᠦᠢᠯ᠎ᠤᠨ ᠬᠦᠴᠦᠷᠬᠡᠭ᠌ᠵᠢᠬᠦ᠌᠎ᠪᠠᠷ ᠬᠦᠴᠦᠯᠡᠨ ᠴᠢᠷᠮᠠᠢᠬᠤ ᠦᠨᠳᠦᠰᠦᠲᠡᠨ᠎ᠤ ᠵᠤᠷᠢᠭ ᠰᠠᠨᠠᠭ᠎ᠠ ᠪᠣᠯᠤᠨ ᠪᠦᠷᠢᠯᠳᠦᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠠᠬᠢᠭᠤᠯᠵᠤ ᠪᠤᠢ!
( ᠵᠣᠬᠢᠶᠠᠭ᠍ᠴᠢ ᠪᠤᠯ ᠥᠪᠥᠷ ᠮᠣᠩᠭᠤᠯ᠎ᠤᠨ ᠠᠵᠤ ᠦᠢᠯᠡᠳᠪᠤᠷᠢ᠎ᠶ᠋ᠢᠨ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠎ᠶ᠋ᠢᠨ ᠫᠷᠤᠹᠧᠰᠰᠤᠷ )

【 ᠰᠤᠨᠢᠨ ᠮᠡᠳᠡᠭᠡᠨ᠎ᠤ ᠠᠬᠤᠢ ᠪᠠᠢᠳᠠᠯ 】
《ᠬᠤᠶᠠᠷ ᠪᠥᠮᠪᠦᠭᠡ ᠨᠢᠭᠡ ᠣᠲᠣᠨ》 ᠭᠡᠳᠡᠭ᠎ᠨᠢ ᠠᠩᠬ᠎ᠠ ᠡᠬᠢᠨ᠎ᠳᠡᠭᠡᠨ ᠠᠲ᠋ᠣᠮ᠎ᠤᠨ ᠪᠥᠮᠪᠦᠭᠡ᠂ ᠤᠰᠤᠲᠥ᠋ᠷᠥᠭ᠌ᠴᠢ ᠪᠥᠮᠪᠦᠭᠡ᠂ ᠬᠢᠮᠡᠯ ᠳᠠᠭᠠᠭᠤᠯᠢ ᠣᠲᠣ᠎ᠶ᠋ᠢ ᠵᠢᠭᠠᠵᠤ ᠪᠠᠢᠪᠠ᠃ 《ᠬᠤᠶᠠᠷ ᠪᠥᠮᠪᠦᠭᠡ》 ᠳᠠᠬᠢ ᠠᠲ᠋ᠣᠮ᠎ᠤᠨ ᠪᠥᠮᠪᠦᠭᠡ ᠪᠣᠯᠤᠨ ᠤᠰᠤᠲᠥ᠋ᠷᠥᠭ᠌ᠴᠢ ᠪᠥᠮᠪᠦᠭᠡ᠎ᠶ᠋ᠢ ᠬᠤᠵᠢᠮ᠎ᠨᠢ ᠨᠡᠢᠯᠡᠭᠦᠯᠦᠭᠡᠳ ᠴᠥᠮ᠎ᠡ᠎ᠶ᠋ᠢᠨ ᠪᠥᠮᠪᠦᠭᠡ ᠬᠡᠪᠡ᠂ ᠨᠦᠬᠦᠭᠡ ᠨᠢᠭᠡ᠎ᠨᠢ ᠡᠷᠲᠡ ᠦᠶ᠎ᠡ᠎ᠶ᠋ᠢᠨ ᠰᠤᠳᠤᠯᠤᠨ ᠦᠢᠯᠡᠳᠦᠭ᠌ᠰᠡᠨ ᠵᠠᠯᠠᠭᠤᠷᠲᠤ ᠰᠤᠮᠤ᠎ᠶ᠋ᠢ ᠵᠢᠭᠠᠳᠠᠭ᠃ ᠬᠤᠵᠢᠮ᠎ᠨᠢ 《ᠬᠤᠶᠠᠷ ᠪᠥᠮᠪᠦᠭᠡ ᠨᠢᠭᠡ ᠤᠳᠤᠨ》 ᠨᠢ ᠵᠠᠯᠠᠭᠤᠷᠳᠤ ᠰᠤᠮᠤ᠂ ᠴᠦᠮ᠎ᠡ᠎ᠶ᠋ᠢᠨ ᠪᠦᠮᠪᠦᠭᠡ᠂ ᠬᠢᠮᠡᠯ ᠲᠠᠭᠠᠭᠤᠯᠢ ᠤᠳᠤ᠎ᠶ᠋ᠢ ᠵᠢᠭᠠᠬᠤ ᠪᠤᠯᠪᠠ᠃
ᠳᠡᠭᠡᠷ᠎ᠡ ᠵᠠᠭᠤᠨ᠎ᠤ ᠲᠠᠪᠢᠭᠠᠳ ᠣᠨ᠎ᠤ ᠳᠤᠮᠳᠠᠴᠢ᠎ᠪᠠᠷ᠂ ᠰᠠᠶᠢᠬᠠᠨ ᠮᠡᠨᠳᠦᠯᠡᠭ᠌ᠰᠡᠨ ᠱᠢᠨ᠎ᠡ ᠳᠤᠮᠳᠠᠳᠤ ᠤᠯᠤᠰ᠎ᠤᠨ ᠬᠢᠭᠦᠱᠢᠲᠡᠢ ᠠᠵᠢᠯ ᠤᠯᠠᠨ ᠪᠠᠢᠯ᠎ᠠ᠃ ᠲᠤᠬᠠᠢ᠎ᠶ᠋ᠢᠨ ᠦᠶ᠎ᠡ᠎ᠶ᠋ᠢᠨ ᠳᠡᠯᠡᠬᠡᠢ᠎ᠶ᠋ᠢᠨ ᠬᠡᠴᠡᠬᠦᠦ ᠤᠷᠴᠢᠨ᠎ᠳᠤ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠵᠤ᠂ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠬᠤ᠎ᠶ᠋ᠢᠨ ᠲᠥᠯᠥᠭᠡ᠂ ᠳᠤᠮᠳᠠᠳᠤ ᠤᠯᠤᠰ ᠪᠡᠶ᠎ᠡ᠎ᠪᠠᠨ ᠳᠠᠭᠠᠭᠠᠵᠤ 《ᠬᠤᠶᠠᠷ ᠪᠥᠮᠪᠦᠭᠡ ᠨᠢᠭᠡ ᠤᠳᠤᠨ》 ᠢ ᠰᠤᠳᠤᠯᠤᠨ ᠦᠢᠯᠡᠳᠬᠦ᠌ ᠪᠠᠢᠯᠳᠤᠬᠤ ᠪᠤᠳᠤᠯᠭ᠎ᠠ᠎ᠶ᠋ᠢᠨ ᠱᠢᠢᠳᠪᠦᠷᠢᠲᠦ ᠪᠤᠳᠤᠯᠭ᠎ᠠ ᠭᠠᠷᠭᠠᠭ᠍ᠰᠠᠨ ᠶᠤᠮ᠃
1962 ᠣᠨ᠎ᠤ 11 ᠰᠠᠷ᠎ᠠ᠎ᠳᠤ᠂ ᠨᠠᠮ᠎ᠤᠨ ᠲᠥᠪ ᠬᠤᠷᠢᠶ᠎ᠠ᠎ᠠᠴᠠ ᠵᠧᠦ ᠡᠸᠨ ᠯᠠᠶ᠎ᠪᠠᠷ ᠡᠷᠬᠢᠯᠡᠭ᠌ᠴᠢ ᠪᠣᠯᠭᠠᠭ᠍ᠰᠠᠨ ᠲᠤᠰᠭᠠᠶ ᠵᠥᠪᠯᠡᠯ (ᠲᠥᠪ ᠬᠤᠷᠢᠶᠠᠨ᠎ᠤ ᠲᠤᠰᠭᠠᠶ ᠵᠥᠪᠯᠡᠯ ᠭᠡᠵᠦ᠍ ᠲᠣᠪᠴᠢᠯᠠᠨ᠎ᠠ) ᠢ ᠪᠠᠢᠭᠤᠯᠪᠠ᠃ ᠨᠠᠮ᠎ᠤᠨ ᠲᠦᠪ ᠬᠤᠷᠢᠶᠠᠨ᠎ᠤ ᠲᠤᠰᠭᠠᠢ ᠵᠥᠪᠯᠡᠯ᠎ᠤᠨ ᠴᠢᠩᠭ᠎ᠠ ᠬᠦᠴᠦᠲᠡᠢ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ᠎ᠢᠶᠠᠷ᠎ᠢᠶᠠᠨ 《ᠨᠢᠭᠡ ᠬᠥᠯᠭᠡ ᠱᠢᠳᠠᠷ᠎ᠠ》 ᠪᠤᠯᠵᠤ᠂ ᠬᠠᠮᠵᠢᠯᠴᠠᠨ ᠪᠣᠭᠤᠮᠲᠠ ᠱᠢᠪᠲᠤᠯᠵᠤ᠂ 《ᠬᠤᠶᠠᠷ ᠪᠥᠮᠪᠦᠭᠡ ᠨᠢᠭᠡ ᠤᠳᠤᠨ》 ᠢ ᠰᠤᠳᠤᠯᠤᠨ ᠦᠢᠯᠡᠳᠬᠦ᠌ ᠠᠬᠢᠴᠠ᠎ᠶ᠋ᠢ ᠶᠡᠭᠡ᠎ᠪᠠᠷ ᠲᠦᠷᠭᠡᠳᠭᠡᠪᠡ᠃
1964 ᠣᠨ᠎ᠤ 10 ᠰᠠᠷ᠎ᠠ᠎ᠶ᠋ᠢᠨ 16 ᠤ 15 ᠴᠠᠭ᠎ᠲᠤ᠌᠂ ᠳᠤᠮᠳᠠᠳᠤ ᠤᠯᠤᠰ᠎ᠤᠨ ᠠᠩᠬᠠᠳᠠᠭ᠍ᠴᠢ ᠠᠲ᠋ᠣᠮ᠎ᠤᠨ ᠪᠥᠮᠪᠦᠭᠡ᠎ᠶ᠋ᠢ ᠠᠮᠵᠢᠯᠲᠠ᠎ᠲᠠᠢ᠎ᠪᠠᠷ ᠳᠡᠯᠪᠡᠷᠡᠬᠦᠯᠪᠡ! ᠬᠤᠶᠠᠷ ᠴᠠᠭ᠎ᠤᠨ ᠲᠠᠷᠠᠭ᠎ᠠ᠂ ᠵᠧᠦ ᠧᠨ ᠯᠠᠢ ᠮᠠᠤ ᠽᠧ ᠳ᠋ᠦᠩ ᠨᠡᠷ᠎ᠲᠤ ᠪᠠᠷ᠎ᠠ ᠪᠤᠯᠵᠤ᠂ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠲᠤᠮᠤ ᠬᠡᠯᠪᠡᠷᠢ᠎ᠶ᠋ᠢᠨ ᠳᠠᠭᠤᠤ ᠪᠥᠵᠢᠭ᠌ᠳᠦ ᠲᠤᠤᠯᠢᠰ 《ᠳ᠋ᠦᠩ ᠹᠠᠩ ᠬᠤᠩ》 ᠤᠨ ᠲᠣᠭ᠍ᠯᠠᠭ᠍ᠴᠢᠳ᠎ᠲᠠᠢ ᠠᠭᠤᠯᠵᠠᠪᠠ᠃ ᠲᠡᠷᠡ ᠡᠨᠡ ᠬᠦ᠌ ᠪᠠᠶᠠᠷ᠎ᠤᠨ ᠴᠢᠮᠡᠭᠡ᠎ᠶ᠋ᠢ ᠨᠡᠢᠲᠡᠯᠡᠵᠦ᠍᠂ ᠬᠥᠮᠦᠰ ᠪᠠᠶᠠᠷᠯᠠᠯᠳᠤᠨ ᠬᠥᠭᠡᠷᠦᠯᠳᠦᠪᠡ᠃ ᠲᠤᠰ ᠤᠷᠤᠢ᠎ᠨᠢ᠂ ᠲᠥᠪ᠎ᠤᠨ ᠠᠷᠠᠳ᠎ᠤᠨ ᠷᠠᠳᠢᠣ᠋ ᠨᠡᠪᠲᠡᠷᠡᠭᠦᠯᠭᠡ᠎ᠶ᠋ᠢᠨ ᠬᠤᠷᠢᠶ᠎ᠠ ᠵᠠᠯᠭᠠᠭ᠎ᠠ᠎ᠪᠠᠷ ᠮᠡᠳᠡᠭᠡ ᠨᠡᠪᠲᠡᠷᠡᠭᠦᠯᠵᠦ᠍᠂ 《ᠠᠷᠠᠳ᠎ᠤᠨ ᠡᠳᠦᠷ᠎ᠤᠨ ᠰᠣᠨᠢᠨ》 ᠡᠭᠦᠨ᠎ᠤ ᠲᠤᠬᠠᠢ ᠳ᠋ᠤᠭᠠᠷ ᠦᠭᠡᠢ ᠰᠤᠨᠢᠨ ᠨᠡᠢᠲᠡᠯᠡᠪᠡ᠃ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠢᠯᠡᠷᠬᠡᠢᠯᠡᠯᠲᠡ ᠨᠡᠢᠲᠡᠯᠡᠵᠦ᠍᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠴᠥᠮ᠎ᠡ᠎ᠶ᠋ᠢᠨ ᠵᠡᠪᠰᠡᠭ᠎ᠢ ᠪᠦᠬᠦ᠌ ᠲᠠᠯ᠎ᠠ᠎ᠪᠠᠷ ᠴᠠᠭᠠᠵᠠᠯᠠᠬᠤ ᠪᠠ ᠲᠦᠢᠯᠪᠤᠷᠢᠲᠠᠢ ᠤᠰᠠᠳᠭᠠᠬᠤ᠎ᠶ᠋ᠢ ᠢᠮᠠᠭ᠍ᠲᠠ ᠵᠣᠷᠢᠭ᠍ᠰᠠᠭᠠᠷ ᠢᠷᠡᠪᠡ᠃ ᠳᠤᠮᠳᠠᠳᠤ ᠤᠯᠤᠰ ᠴᠥᠮ᠎ᠡ᠎ᠶ᠋ᠢᠨ ᠵᠡᠪᠰᠡᠭ᠎ᠢ ᠬᠥᠭ᠌ᠵᠢᠭᠦᠯᠵᠦ᠍ ᠪᠠᠢᠭ᠎ᠠ᠎ᠨᠢ ᠰᠡᠷᠭᠡᠢᠯᠡᠯᠳᠡ ᠬᠢᠬᠦ᠌᠎ᠶ᠋ᠢᠨ ᠲᠥᠯᠥᠭᠡ ᠶᠤᠮ᠃ ᠳᠤᠮᠳᠠᠳᠤ ᠤᠯᠤᠰ ᠬᠡᠵᠢᠶ᠎ᠡ᠂ ᠶᠠᠮᠠᠷ ᠪᠠᠢᠳᠠᠯ᠎ᠤᠨ ᠳᠣᠣᠷ᠎ᠠ ᠴᠤ᠌ ᠭᠡᠰᠡᠨ ᠴᠥᠮ ᠤᠷᠢᠳ᠎ᠢᠶᠠᠷ ᠴᠥᠮ᠎ᠡ᠎ᠶ᠋ᠢᠨ ᠵᠡᠪᠰᠡᠭ᠎ᠢ ᠬᠡᠷᠡᠭ᠌ᠯᠡᠬᠦ᠌ ᠤᠢ᠍ᠭᠡᠢ ᠶᠤᠮ ᠬᠡᠪᠡ᠃
【 ᠬᠠᠵᠠᠭᠤ᠎ᠶ᠋ᠢᠨ ᠲᠠᠭᠤᠨ 】
《ᠬᠤᠶᠠᠷ ᠪᠥᠮᠪᠦᠭᠡ ᠨᠢᠭᠡ ᠤᠳᠤᠨ》 ᠤ ᠠᠩᠬᠠᠳᠠᠭ᠍ᠴᠢ ᠵᠠᠯᠠᠭᠤᠷᠲᠤ ᠰᠤᠮᠤ ᠪᠣᠯᠤᠨ ᠠᠩᠬᠠᠳᠠᠭ᠍ᠴᠢ ᠬᠢᠮᠡᠯ ᠳᠠᠭᠠᠭᠤᠯᠢ ᠤᠳᠤ᠎ᠶ᠋ᠢ ᠴᠥᠮ ᠵᠢᠦᠴᠢᠦᠸᠠᠨᠤ ᠳᠠᠭᠠᠭᠤᠯᠢ ᠤᠳᠤᠨ᠎ᠤ ᠬᠠᠷᠪᠤᠯᠳᠠ᠎ᠶ᠋ᠢᠨ ᠲᠦᠪ᠎ᠠᠴᠠ ᠬᠠᠷᠪᠤᠵᠤ ᠭᠠᠷᠭᠠᠭ᠍ᠰᠠᠨ ᠶᠤᠮ᠃ ᠵᠢᠦᠴᠢᠦᠸᠠᠨᠤ ᠳᠠᠭᠠᠭᠤᠯᠢ ᠣᠳᠣᠨ᠎ᠤ ᠬᠠᠷᠪᠤᠯᠲᠠ᠎ᠶ᠋ᠢᠨ ᠲᠥᠪ᠎ᠢ ᠪᠠᠰᠠ ᠳ᠋ᠦᠩᠹᠧᠩ ᠰᠠᠨᠰᠠᠷ᠎ᠤᠨ ᠬᠤᠲᠠ ᠭᠡᠳᠡᠭ᠂ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠯᠠᠱᠠ ᠠᠢᠮᠠᠭ᠎ᠤᠨ ᠡᠵᠡᠨ᠎ᠡ ᠬᠤᠱᠢᠭᠤᠨ᠎ᠳᠤ ᠪᠠᠢᠷᠢᠯᠠᠵᠤ᠂ 1958 ᠣᠨ᠎ᠤ 10 ᠰᠠᠷ᠎ᠠ᠎ᠶ᠋ᠢᠨ 20 ᠤ ᠡᠳᠦᠷ ᠪᠠᠢᠭᠤᠯᠵᠠᠢ᠂ ᠮᠠᠨ᠎ᠤ ᠤᠯᠤᠰ᠎ᠤᠨ ᠡᠭᠦᠳᠦᠨ ᠪᠠᠢᠭᠤᠯᠤᠭ᠍ᠰᠠᠨ ᠬᠠᠮᠤᠭ᠎ᠤᠨ ᠡᠷᠲᠡᠨ᠎ᠤ᠂ ᠬᠡᠪᠴᠢᠶ᠎ᠡ᠎ᠪᠠᠷ ᠬᠠᠮᠤᠭ᠎ᠤᠨ ᠶᠡᠭᠡ ᠶᠡᠷᠦᠩᠬᠡᠢᠯᠡᠭ᠌ᠰᠡᠨ ᠬᠡᠯᠪᠡᠷᠢ᠎ᠶ᠋ᠢᠨ ᠵᠠᠯᠠᠭᠤᠷᠲᠤ ᠰᠤᠮᠤ᠂ ᠳᠠᠭᠠᠭᠤᠯᠢ ᠤᠳᠤ ᠬᠠᠷᠪᠤᠬᠤ ᠲᠥᠪ ᠪᠠᠢᠵᠤ᠂ ᠪᠠᠢᠭᠤᠯᠤᠭ᠍ᠳᠠᠭ᠍ᠰᠠᠨ᠎ᠠᠴᠠ ᠨᠠᠭᠠᠰᠢ᠂ ᠤᠷᠢᠳ ᠬᠤᠵᠢᠳ 100 ᠭᠠᠷᠤᠶ ᠤᠳᠠᠭᠠᠨ᠎ᠤ ᠰᠠᠨᠰᠠᠷ᠎ᠤᠨ ᠠᠶᠠᠯᠠᠯ᠎ᠤᠨ ᠬᠠᠷᠪᠤᠯᠲᠠ᠎ᠶ᠋ᠢᠨ ᠡᠭᠦᠷᠭᠡ᠎ᠶ᠋ᠢ ᠭᠦᠢᠴᠡᠳᠭᠡᠵᠦ᠍᠂ 12 ᠨᠢᠰᠭᠦ ᠣᠩᠭᠤᠴᠠ᠂ 2 ᠰᠠᠨᠰᠠᠷ᠎ᠤᠨ ᠲᠤᠷᠱᠢᠯᠲᠠ᠎ᠶ᠋ᠢᠨ ᠲᠠᠰᠤᠭ᠂ 12 ᠰᠠᠨᠰᠠᠷᠴᠢᠨ᠎ᠢ ᠠᠮᠵᠢᠯᠲᠠ᠎ᠲᠠᠢ᠎ᠪᠠᠷ ᠰᠠᠨᠰᠠᠷ᠎ᠲᠤ ᠬᠦᠷᠭᠡᠪᠡ᠃
ᠳ᠋ᠦᠩᠹᠧᠩ ᠰᠠᠨᠰᠠᠷ᠎ᠤᠨ ᠬᠤᠲᠠ ᠪᠣᠯ ᠪᠠᠷᠠᠭᠤᠨ ᠬᠤᠢᠲᠤ᠎ᠶ᠋ᠢᠨ ᠡᠯᠡᠰᠦᠨ ᠭᠤᠪᠢ᠎ᠳᠠᠬᠢ 《ᠬᠦᠮᠦᠨ᠎ᠤ ᠬᠦᠴᠦ᠎ᠪᠠᠷ ᠪᠠᠢᠭᠤᠯᠤᠭ᠍ᠰᠠᠨ ᠬᠤᠲᠠ》 ᠪᠣᠯᠤᠨ᠎ᠠ᠃ ᠰᠠᠨᠰᠠᠷ᠎ᠤᠨ ᠬᠤᠲᠠ᠎ᠶ᠋ᠢᠨ ᠲᠥᠪ᠎ᠲᠤ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠠᠮᠵᠢᠯᠲᠠ ᠪᠦᠲᠦᠮᠵᠢ᠎ᠶ᠋ᠢ ᠪᠡᠯᠭᠡᠳᠡᠭ᠌ᠰᠡᠨ ᠲᠠᠢᠷᠤᠯᠲᠤ ᠰᠤᠮᠤᠨ ᠬᠡᠯᠪᠡᠷᠢᠳᠦ ᠱᠤᠭᠤᠮᠠᠯ ᠪᠠᠢᠳᠠᠭ᠃ ᠠᠳᠡᠬᠢ ᠵᠡᠭᠡᠯᠢ ᠭᠤᠳᠤᠮᠵᠢ᠂ ᠵᠣᠴᠢᠳ᠎ᠤᠨ ᠪᠠᠭᠤᠳᠠᠯ᠎ᠨᠢ ᠴᠦ᠍ ᠰᠠᠨᠰᠠᠷ᠎ᠤᠨ ᠬᠤᠲᠠ᠎ᠶ᠋ᠢᠨ ᠣᠨᠴᠠᠯᠢᠭ᠎ᠢᠶᠠᠷ ᠳᠤᠪᠤᠢᠮ᠎ᠠ ᠪᠠᠢᠵᠤ᠂ ᠵᠡᠭᠡᠯᠢ᠎ᠪᠠᠨ ᠰᠠᠨᠰᠠᠷ᠎ᠤᠨ ᠵᠠᠮ᠂ ᠤᠷᠴᠢᠯᠠᠩ᠎ᠤᠨ ᠵᠠᠮ ᠬᠡᠬᠦᠴᠢᠯᠡᠨ ᠨᠡᠷᠡᠢᠳᠦᠭ᠌ᠰᠡᠨ ᠲᠡᠳᠦᠢ ᠦᠭᠡᠢ᠂ ᠲᠣᠮᠣ ᠬᠡᠯᠪᠡᠷᠢ᠎ᠶ᠋ᠢᠨ ᠵᠣᠴᠢᠳ᠎ᠤᠨ ᠪᠠᠭᠤᠳᠠᠯ᠎ᠢᠶᠠᠨ 《ᠬᠤᠪᠢᠯᠭᠠᠨ ᠣᠩᠭᠤᠴᠠ》᠂ 《ᠳ᠋ᠦᠩᠹᠧᠩ》᠂ 《ᠰᠠᠨᠰᠠᠷ᠎ᠤᠨ ᠠᠶᠠᠯᠠᠯ》 ᠭᠡᠬᠦ᠌ ᠵᠡᠷᠭᠡ᠎ᠪᠠᠷ ᠨᠡᠷᠡᠢᠳᠴᠡᠶ᠃
ᠰᠠᠨᠰᠠᠷ᠎ᠤᠨ ᠬᠤᠳᠠ᠎ᠶ᠋ᠢᠨ ᠲᠥᠪ᠎ᠠᠴᠠ 5 ᠺᠢᠯᠣᠮᠧᠲᠷ ᠵᠠᠢᠲᠠᠢ ᠭᠠᠵᠠᠷ᠎ᠲᠤ᠌᠂ ᠬᠤᠪᠢᠰᠭᠠᠯᠳᠤ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ ᠪᠠᠢᠷᠢᠯᠠᠨ᠎ᠠ᠃ ᠪᠤᠩᠬᠤᠨ᠎ᠤ ᠬᠦᠷᠢᠶᠡᠯᠡᠩ᠎ᠳᠤ ᠴᠡᠴᠡᠭ ᠬᠤᠸᠠᠷ ᠳᠡᠯᠭᠡᠷᠡᠵᠦ᠍᠂ ᠨᠣᠮᠢᠨ ᠨᠣᠭᠤᠭᠠᠨ ᠨᠠᠷᠠᠰᠤ ᠰᠡᠬᠦ᠋ᠢᠨ ᠰᠦᠨᠳᠡᠷᠯᠡᠨ᠎ᠡ᠃ 3 ᠲᠦᠮᠡᠨ ᠲᠡᠭ᠌ᠰᠢ ᠳᠥᠷᠪᠡᠯᠵᠢᠨ ᠮᠧᠲᠷ ᠪᠦᠬᠦᠢ ᠡᠨᠡ ᠬᠦ᠌ ᠬᠤᠪᠢᠰᠭᠠᠯᠳᠤ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠎ᠳᠤ᠂ 1958 ᠣᠨ᠎ᠳᠤ ᠵᠢᠦᠴᠢᠦᠸᠠᠨᠤ ᠳᠠᠭᠠᠭᠤᠯᠢ ᠤᠳᠤᠨ᠎ᠤ ᠬᠠᠷᠪᠤᠯᠳᠠ᠎ᠶ᠋ᠢᠨ ᠲᠥᠪ ᠪᠠᠢᠭᠤᠯᠤᠭ᠍ᠳᠠᠭ᠍ᠰᠠᠨ᠎ᠠᠴᠠ ᠨᠠᠭᠠᠰᠢ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠦᠢᠯᠡᠰ᠎ᠲᠤ ᠠᠮᠢ ᠪᠡᠶ᠎ᠡ᠎ᠪᠠᠨ ᠵᠣᠷᠢᠭᠤᠯᠤᠭ᠍ᠰᠠᠨ 13 ᠵᠠᠩᠵᠤᠨ᠂ 685 ᠳᠠᠷᠤᠭ᠎ᠠ ᠪᠠᠢᠯᠳᠤᠭ᠍ᠴᠢ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠳᠠᠨ ᠮᠥᠩᠬᠡ ᠨᠦᠢᠷᠰᠤᠵᠤ ᠪᠠᠢᠳᠠᠭ᠃
ᠤᠯᠤᠰ ᠪᠠᠢᠭᠤᠯᠤᠭ᠍ᠰᠠᠨ ᠥᠷᠯᠥᠭ ᠭᠠᠪᠢᠶᠠᠳᠠᠨ ᠨᠢᠶᠧ ᠷᠥᠡᠭ ᠵᠧᠨ ᠮᠠᠷᠱᠠᠯ᠎ᠤᠨ ᠬᠡᠰᠡᠭ ᠴᠢᠨᠳᠠᠷ᠎ᠢ ᠴᠤ᠌ ᠠᠳᠡ ᠣᠷᠣᠱᠢᠭᠤᠯᠵᠠᠶ᠃ ᠲᠡᠷᠡ ᠠᠮᠢᠳᠤ ᠰᠡᠷᠡᠭᠦᠨ ᠪᠠᠢᠬᠤ᠎ᠳᠠᠭᠠᠨ ᠶᠡᠭᠡ ᠬᠡᠮᠵᠢᠶᠡᠨ᠎ᠤ ᠬᠦᠴᠦ᠍ ᠬᠥᠯᠥᠰᠥ᠎ᠪᠠᠨ ᠱᠢᠪᠬᠠᠵᠤ᠂ ᠥᠪᠡᠷ᠎ᠤᠨ ᠪᠡᠶ᠎ᠡ᠎ᠪᠠᠷ᠎ᠢᠶᠠᠨ ᠵᠢᠯᠣᠭᠤᠳᠤᠨ ᠡᠨᠡ ᠬᠦ᠌ ᠰᠠᠨᠰᠠᠷ᠎ᠤᠨ ᠬᠤᠳᠠ᠎ᠶ᠋ᠢ ᠡᠭᠦᠳᠦᠨ ᠪᠠᠢᠭᠤᠯᠪᠠ᠃ ᠲᠡᠭᠦᠨ᠎ᠤ ᠪᠤᠩᠬᠤᠨ᠎ᠤ ᠬᠠᠪᠢ᠎ᠪᠠᠷ ᠭᠤᠪᠢ ᠴᠦᠯ᠎ᠳᠤ ᠯᠠ ᠪᠠᠢᠳᠠᠭ ᠲᠣᠤᠷᠠᠶ ᠮᠤᠳᠤ ᠰᠠᠬᠤᠯᠢᠬ ᠤᠷᠭᠤᠵᠤ ᠪᠤᠢ᠃
ᠮᠠᠷᠱᠠᠯ᠎ᠠᠴᠠ ᠪᠠᠢᠯᠳᠤᠭ᠍ᠴᠢ ᠬᠦᠷᠲᠡᠯ᠎ᠡ᠂ ᠰᠠᠨᠰᠠᠷ᠎ᠤᠨ ᠦᠢᠯᠡᠰ᠎ᠤᠨ ᠪᠠᠭᠠᠲᠤᠷᠴᠤᠳ ᠠᠳᠡ ᠵᠡᠷᠭᠡ ᠲᠤᠱᠢᠶᠠᠯ᠎ᠤᠨ ᠶᠡᠭᠡ ᠪᠠᠭ᠎ᠠ᠎ᠶ᠋ᠢᠨ ᠢᠯᠭᠠᠭ᠎ᠠ ᠪᠠᠢᠬᠤ ᠦᠭᠡᠢ᠃ ᠡᠳᠡᠭᠡᠷ ᠪᠠᠭᠠᠲᠤᠷ᠎ᠤᠨ ᠰᠦᠭ ᠰᠦᠨᠡᠰᠦ ᠠᠳᠡ ᠰᠠᠬᠢᠨ ᠰᠠᠭᠤᠵᠤ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠦᠢᠯᠡᠰ᠎ᠤᠨ ᠬᠥᠭ᠌ᠵᠢᠯᠲᠡ᠎ᠶ᠋ᠢ ᠦᠷᠭᠦᠯᠵᠢᠯᠡᠨ ᠠᠩᠬᠠᠷᠴᠤ᠌ ᠪᠠᠢᠨ᠎ᠠ᠂ ᠶᠠᠭ ᠡᠳᠡᠭᠡᠷ ᠦᠷᠡᠭ᠌ᠳᠡᠭ᠌ᠰᠡᠨ ᠪᠠᠭᠠᠲᠤᠷᠴᠤᠳ ᠠᠮᠢ ᠨᠠᠰᠤ᠎ᠪᠠᠷ᠎ᠢᠶᠠᠨ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠬᠦᠰᠡᠯ ᠵᠡᠭᠦᠳᠦ᠎ᠶ᠋ᠢ ᠴᠣᠭ᠍ᠴᠠᠯᠠᠭ᠍ᠰᠠᠨ ᠱᠢᠭ᠋᠎ᠢᠶᠠᠷ᠂ ᠲᠡᠳᠡᠨ᠎ᠤ ᠪᠤᠩᠬᠤᠨ᠎ᠤ ᠬᠦᠱᠢᠶ᠎ᠡ᠎ᠨᠢ ᠴᠦ᠍ ᠠᠳᠡ ᠡᠩᠨᠡᠷᠡᠨ ᠵᠢᠭ᠍ᠰᠠᠵᠤ᠂ ᠰᠠᠨᠰᠠᠷ᠎ᠤᠨ ᠠᠶᠠᠯᠠᠯ᠎ᠤᠨ ᠬᠤᠳᠠ᠎ᠶ᠋ᠢᠨ ᠨᠤᠲᠤᠭ ᠳᠡᠪᠢᠰᠭᠡᠷ᠎ᠢ ᠰᠠᠬᠢᠨ ᠬᠠᠮᠠᠭᠠᠯᠠᠵᠤ ᠪᠠᠢᠭ᠎ᠠ ᠶᠤᠮ᠃
【 ᠦᠨᠳᠦᠰᠦᠨ ᠱᠠᠳᠤᠨ᠎ᠤ ᠲᠠᠭᠤᠨ 】
ᠡᠨᠡ ᠪᠤᠯ ᠰᠠᠶᠢ ᠪᠢᠳᠡᠨ᠎ᠤ ᠬᠥᠭᠡᠭᠡᠴᠡᠯᠳᠦᠭᠦᠱᠢᠲᠡᠶ 《ᠣᠳᠣᠨ》 ᠮᠥᠨ!
ᠲᠤᠰ ᠰᠣᠨᠢᠨ᠎ᠤ ᠰᠤᠷᠪᠤᠯᠵᠢᠯᠠᠭ᠍ᠴᠢ ᠰᠦᠨ ᠵᠢᠩ ᠬᠤᠸᠠ
《ᠬᠤᠶᠠᠷ ᠪᠥᠮᠪᠦᠭᠡ ᠨᠢᠭᠡ ᠣᠳᠣᠨ》 ᠤ ᠵᠣᠷᠢᠭ ᠰᠠᠨᠠᠭ᠎ᠠ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠴᠦᠭᠦᠷᠡᠯ ᠦᠭᠡᠢ ᠴᠢᠷᠮᠠᠢᠵᠤ ᠲᠡᠰᠪᠦᠷᠢ ᠬᠠᠲᠠᠭᠤᠵᠢᠯᠲᠠᠶ᠎ᠪᠠᠷ ᠲᠡᠮᠡᠴᠡᠬᠦ᠌ ᠡᠷᠬᠢᠮ ᠨᠠᠨᠳᠢᠨ ᠦᠨᠳᠦᠰᠦᠲᠡᠨ᠎ᠤ ᠵᠣᠷᠢᠭ ᠰᠠᠨᠠᠭ᠎ᠠ ᠮᠥᠨ᠃ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠤᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠪᠢ ᠠᠬᠠᠮᠠᠳ ᠨᠢᠭᠡ ᠦᠶ᠎ᠡ᠎ᠶ᠋ᠢᠨ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ ᠪᠠ ᠦᠯᠢᠭᠡᠷ᠎ᠢᠶᠠᠷ ᠴᠠᠭ ᠢᠮᠠᠭ᠍ᠲᠠ ᠥᠪᠡᠷ᠎ᠢ᠎ᠪᠠᠨ ᠵᠣᠷᠢᠭ᠍ᠵᠢᠭᠤᠯᠤᠨ᠎ᠠ᠃ ᠡᠢᠮᠦᠷᠬᠦᠦ ᠵᠣᠷᠢᠭ ᠰᠠᠨᠠᠭ᠎ᠠ᠎ᠨᠢ ᠨᠡᠩ ᠴᠤ᠌ ᠰᠤᠷᠤᠭ᠍ᠴᠢᠳ᠎ᠤᠨ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠬᠥᠮᠦᠵᠢᠭᠦᠯᠵᠦ᠍᠂ ᠰᠤᠷᠤᠭ᠍ᠴᠢᠳ᠎ᠢ ᠬᠠᠷᠠᠬᠠᠨ ᠪᠠᠭ᠎ᠠ᠎ᠠᠴᠠ᠎ᠨᠢ ᠵᠥᠪ ᠶᠢᠷᠲᠢᠨᠴᠦ᠎ᠶ᠋ᠢᠨ ᠦᠵᠡᠯᠲᠡ᠂ ᠠᠮᠢᠳᠤᠷᠠᠬᠤᠢ᠎ᠶ᠋ᠢᠨ ᠦᠵᠡᠯᠲᠡ᠂ ᠦᠷᠳᠡᠭ᠎ᠤᠨ ᠦᠵᠡᠯᠲᠡ᠎ᠲᠠᠢ ᠪᠤᠯᠭᠠᠬᠤ ᠲᠦᠢᠯ᠎ᠤᠨ ᠰᠠᠢᠨ ᠵᠢᠭᠠᠬᠤ ᠮᠠᠲ᠋ᠧᠷᠢᠶᠠᠯ ᠪᠤᠯᠤᠨ᠎ᠠ᠂ ᠪᠢ ᠡᠢᠮᠦᠷᠬᠦᠦ ᠵᠣᠷᠢᠭ ᠰᠠᠨᠠᠭ᠎ᠠ᠎ᠶ᠋ᠢ ᠬᠡᠦᠬᠡᠳ᠎ᠤᠨ ᠰᠡᠳᠭᠢᠯ᠎ᠳᠤ ᠳᠠᠮᠵᠢᠭᠤᠯᠵᠤ᠂ ᠡᠢᠮᠦᠷᠬᠦᠦ ᠠᠬᠠᠮᠠᠳ ᠨᠢᠭᠡ ᠦᠶ᠎ᠡ᠎ᠶ᠋ᠢᠨ ᠱᠢᠨᠵᠢᠯᠡᠬᠦ᠌ ᠤᠬᠠᠭᠠᠨᠲᠠᠳ ᠪᠣᠯ ᠰᠠᠶᠢ ᠪᠢᠳᠡᠨ᠎ᠤ ᠬᠥᠭᠡᠭᠡᠴᠡᠯᠳᠦᠭᠦᠱᠢᠲᠡᠢ 〈ᠣᠳᠣᠨ〉 ᠮᠥᠨ ᠭᠡᠳᠡᠭ᠎ᠢ ᠲᠠᠨᠢᠭᠤᠯᠤᠨ᠎ᠠ》 ᠭᠡᠵᠦ᠍ ᠬᠥᠬᠡᠬᠤᠲᠠ᠎ᠶ᠋ᠢᠨ ᠳ᠋ᠦᠩ ᠹᠧᠩ ᠵᠠᠮ᠎ᠤᠨ ᠪᠠᠭ᠎ᠠ ᠰᠤᠷᠭᠠᠭᠤᠯᠢ᠎ᠶ᠋ᠢᠨ ᠪᠠᠭ᠍ᠰᠢ ᠵᠤᠤ ᠳ᠋ᠠᠨ ᠶᠠᠷᠢᠨ᠎ᠠ᠃
ᠬᠥᠬᠡᠬᠤᠲᠠ᠎ᠶ᠋ᠢᠨ ᠱᠢᠨ᠎ᠡ ᠬᠤᠳᠠ ᠲᠣᠭᠤᠷᠢᠭ᠎ᠤᠨ ᠵᠦᠩ ᠱᠠᠨ ᠵᠡᠭᠦᠨ ᠵᠠᠮ᠎ᠤᠨ ᠵᠡᠭᠡᠯᠢ ᠭᠤᠳᠤᠮᠵᠢ᠎ᠶ᠋ᠢᠨ ᠨᠠᠮ ᠤᠯᠠᠨ ᠲᠦᠮᠡᠨ᠎ᠤ ᠦᠢᠯᠡᠴᠢᠯᠡᠭᠡᠨ᠎ᠤ ᠲᠥᠪ᠎ᠤᠨ ᠳᠡᠳ᠋ ᠡᠷᠬᠢᠯᠡᠭ᠌ᠴᠢ ᠰᠠᠷᠠᠭᠤᠯ᠄ 《ᠴᠡᠷᠢᠭ᠎ᠠᠴᠠ ᠬᠠᠯᠠᠭ᠍ᠳᠠᠭ᠍ᠰᠠᠳ ᠪᠣᠯᠤᠭ᠍ᠰᠠᠨ᠎ᠤ ᠬᠤᠪᠢ᠎ᠳᠤ᠂ ᠪᠢ ᠢᠮᠠᠭ᠍ᠲᠠ ᠥᠪᠡᠷ᠎ᠤᠨ ᠠᠵᠢᠯ᠎ᠤᠨ ᠪᠠᠢᠷᠢ ᠳᠡᠭᠡᠷ᠎ᠡ᠎ᠪᠠᠨ ᠥᠪᠡᠷ᠎ᠤᠨ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠡᠪ ᠬᠠᠮᠲᠤ ᠨᠠᠮ᠎ᠤᠨ ᠭᠡᠱᠢᠭᠦᠨ᠎ᠤ ᠬᠠᠷᠢᠭᠤᠴᠠᠯᠭ᠎ᠠ ᠡᠭᠦᠷᠭᠡᠯᠡᠯ᠎ᠢᠶᠠᠨ ᠬᠦᠢᠴᠡᠳᠭᠡᠨ᠎ᠡ᠃ ᠱᠢᠨ᠎ᠡ ᠴᠠᠭ ᠦᠶ᠎ᠡ᠎ᠶ᠋ᠢᠨ ᠪᠢᠳᠠ ᠨᠡᠩ ᠴᠤ᠌ 〈ᠬᠤᠶᠠᠷ ᠪᠥᠮᠪᠦᠭᠡ ᠨᠢᠭᠡ ᠤᠳᠤᠨ〉 ᠤ ᠥᠷᠯᠥᠭ ᠭᠠᠪᠢᠶᠠᠳᠠᠨ᠎ᠢᠶᠠᠷ ᠳᠠᠭᠤᠷᠢᠶᠠᠯ ᠪᠣᠯᠭᠠᠵᠤ᠂ ᠲᠡᠦᠬᠡ᠎ᠶ᠋ᠢᠨ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠤᠬᠠᠮᠰᠠᠷ᠎ᠠᠴᠠ᠎ᠪᠠᠨ ᠬᠤᠪᠢ ᠬᠥᠮᠦᠨ᠎ᠤ ᠬᠦᠰᠡᠯᠡᠩ᠎ᠢᠶᠠᠨ ᠡᠬᠡ ᠤᠯᠤᠰ᠎ᠤᠨ ᠬᠤᠪᠢ ᠵᠠᠶᠠᠭ᠎ᠠ᠂ ᠬᠤᠪᠢ ᠬᠥᠮᠦᠨ᠎ᠤ ᠰᠣᠩᠭᠤᠯᠲᠠ᠎ᠪᠠᠨ ᠨᠠᠮ᠎ᠤᠨ ᠬᠡᠷᠡᠭ᠌ᠴᠡᠭᠡ᠂ ᠬᠤᠪᠢ ᠬᠥᠮᠦᠨ᠎ᠤ ᠠᠱᠢᠭ ᠲᠤᠰᠠ᠎ᠪᠠᠨ ᠠᠷᠠᠳ ᠲᠦᠮᠡᠨ᠎ᠤ ᠠᠱᠢᠭ ᠲᠤᠰᠠᠲᠠᠢ ᠨᠢᠭ᠍ᠲᠠ ᠬᠤᠯᠪᠣᠵᠤ᠂ ᠢᠮᠠᠭ᠍ᠲᠠ ᠨᠠᠮ ᠪᠣᠯᠤᠨ ᠠᠷᠠᠳ ᠲᠦᠮᠡᠨ᠎ᠤ ᠦᠢᠯᠡᠰ᠎ᠢᠶᠠᠷ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ᠎ᠪᠠᠨ ᠪᠤᠯᠭᠠᠨ᠎ᠠ》 ᠬᠡᠵᠦ᠍ ᠶᠠᠷᠢᠨ᠎ᠠ᠃