《ᠪᠡᠶ᠎ᠡ᠎ᠶ᠋ᠢᠨ ᠲᠠᠮᠢᠷ
ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠵᠦ᠍
ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠬᠤ ᠲᠤᠬᠠᠶ ᠰᠠᠨᠠᠯ》 ᠢ᠋ ᠨᠡᠢᠲᠡᠯᠡᠭ᠌ᠰᠡᠨ᠎ᠡᠴᠡ ᠨᠠᠭᠠᠰᠢ᠂ ᠮᠠᠨ᠎ᠤ ᠤᠷᠤᠨ ᠪᠡᠶ᠎ᠡ᠎ᠶ᠋ᠢᠨ
ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠲᠤᠬᠠᠢ ᠲᠥᠷᠥ᠎ᠶ᠋ᠢᠨ ᠪᠣᠳᠣᠯᠭ᠎ᠠ᠎ᠶ᠋ᠢᠨ ᠤᠳᠤᠷᠢᠳᠤᠮᠵᠢ᠎ᠶ᠋ᠢᠨ
ᠬᠥᠲᠥᠯᠥᠨ ᠳᠠᠭᠠᠭᠤᠯᠬᠤ ᠦᠶ᠋ᠯᠡᠳᠦᠯ᠎ᠢ ᠪᠠᠳᠠᠷᠠᠭᠤᠯᠵᠤ᠂ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠤᠨ ᠭᠦᠨᠵᠡᠭᠡᠢᠷᠡᠨ ᠬᠥᠭ᠌ᠵᠢᠬᠦ᠌᠎ᠶ᠋ᠢ
ᠠᠬᠢᠭᠤᠯᠪᠠ᠃ 2021 ᠤᠨ ᠤ 12 ᠰᠠᠷ᠎ᠠ᠎ᠶ᠋ᠢᠨ 22
ᠤ᠋ᠨ ᠡᠳᠦᠷ᠎ᠦᠨ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠪᠡᠶ᠎ᠡ᠎ᠶ᠋ᠢᠨ ᠲᠠᠮᠢᠷ᠎ᠤᠨ
ᠦᠶ᠋ᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ》(ᠲᠤᠷᠤᠭᠰᠢ 《ᠲᠥᠯᠥᠪᠵᠢᠭᠦᠯᠭᠡ》 ᠭᠡᠵᠦ ᠲᠤᠪᠴᠢᠯᠠᠨ᠎ᠠ)᠎ᠳ᠋ᠤ ᠳᠤᠷᠠᠳᠤᠭ᠍ᠰᠠᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠠᠭᠤᠯᠭ᠎ᠠ᠎ᠳᠤ ᠭᠦᠨᠵᠡᠭᠡᠶ ᠲᠠᠢᠯᠤᠮᠵᠢ ᠬᠢᠪᠠ᠃

《ᠵᠠᠯᠠᠭᠤᠴᠤᠳ ᠬᠦᠴᠦᠷᠬᠡᠭ᠌ᠵᠢᠪᠡᠯ
ᠤᠯᠤᠰ ᠬᠦᠴᠦᠷᠬᠡᠭ᠌ᠵᠢᠨ᠎ᠡ᠂ ᠪᠡᠶ᠎ᠡ᠎ᠶ᠋ᠢᠨ ᠲᠠᠮᠢᠷ ᠬᠦᠴᠦᠷᠬᠡᠭ᠌ᠵᠢᠪᠡᠯ
ᠳᠤᠮᠳᠠᠳᠤ ᠤᠯᠤᠰ ᠬᠦᠴᠦᠷᠬᠡᠭ᠌ᠵᠢᠨ᠎ᠡ》᠃ ᠵᠠᠯᠠᠭᠤᠴᠤᠳ ᠪᠠᠭᠠᠴᠤᠳ ᠪᠤᠯ ᠤᠯᠤᠰ ᠦᠨᠳᠦᠰᠦᠲᠡᠨ᠎ᠦ ᠬᠥᠭ᠌ᠵᠢᠯᠲᠡ᠎ᠶ᠋ᠢᠨ ᠢᠷᠡᠭᠡᠳᠦᠢ᠂ ᠮᠠᠨ᠎ᠤ ᠠᠯᠢᠪᠠ ᠦᠢᠯᠡᠰ᠎ᠦᠨ
ᠬᠥᠭ᠌ᠵᠢᠯᠲᠡ᠎ᠶ᠋ᠢᠨ ᠰᠠᠭᠤᠷᠢ ᠪᠣᠯᠤᠨ᠎ᠠ᠃ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠣᠳ᠎ᠢ ᠴᠢᠭᠢᠷᠠᠭ᠍ᠵᠢᠭᠤᠯᠵᠤ᠂ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ
ᠠᠵᠢᠯ᠎ᠢ ᠴᠢᠩᠭᠠᠳᠭᠠᠬᠤ᠎ᠶ᠋ᠢᠨ ᠲᠥᠯᠥᠭᠡ᠂ 《ᠲᠥᠯᠥᠪᠵᠢᠭᠦᠯᠭᠡ》 ᠨᠢ ᠨᠠᠮ ᠪᠣᠯᠤᠨ ᠤᠯᠤᠰ᠎ᠤᠨ ᠱᠢᠨ᠎ᠡ
ᠴᠠᠭ ᠦᠶ᠎ᠡ᠂ ᠱᠢᠨ᠎ᠡ ᠪᠠᠢᠳᠠᠯ ᠳᠣᠣᠷ᠎ᠠ ᠵᠠᠯᠠᠭᠤᠴᠤᠳ ᠪᠠᠭᠠᠴᠤᠳ᠎ᠤᠨ
ᠪᠡᠶ᠎ᠡ᠎ᠶ᠋ᠢᠨ ᠲᠠᠮᠢᠷ᠎ᠤᠨ ᠠᠵᠢᠯ᠎ᠳᠤ ᠳᠤᠷᠠᠳᠤᠭ᠍ᠰᠠᠨ ᠱᠢᠨ᠎ᠡ ᠪᠠᠢᠷᠢᠯᠠᠭᠤᠯᠤᠯᠲᠠ᠂ ᠱᠢᠨ᠎ᠡ ᠱᠠᠭᠠᠷᠳᠠᠯᠭ᠎ᠠ᠎ᠶ᠋ᠢ
ᠭᠦᠨᠵᠡᠭᠡᠢ ᠳᠤᠭᠤᠰᠢᠯᠠᠭᠤᠯᠵᠤ᠂ ᠨᠡᠢᠭᠡᠮ᠎ᠦᠨ ᠠᠩᠬᠠᠷᠤᠯ᠎ᠳᠤ
ᠴᠠᠭ ᠲᠤᠬᠠᠶ᠎ᠳᠤᠨᠢ ᠬᠠᠷᠢᠭᠤᠯᠲᠠ ᠥᠭ᠌ᠴᠦ᠂ ᠪᠡᠶ᠎ᠡ᠎ᠶ᠋ᠢᠨ
ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠵᠤ᠂ ᠰᠤᠷᠭᠠᠭᠤᠯᠢ᠎ᠪᠠᠷ ᠭᠤᠤᠯ ᠪᠣᠯᠭᠠᠭ᠍ᠰᠠᠨ᠂ ᠨᠡᠢᠭᠡᠮ ᠨᠡᠢᠲᠡ᠎ᠪᠡᠷ᠎ᠢᠶᠡᠨ
ᠣᠷᠣᠯᠴᠠᠭ᠍ᠰᠠᠨ ᠪᠡᠶ᠎ᠡ᠎ᠶ᠋ᠢᠨ ᠲᠠᠮᠢᠷ᠎ᠤᠨ ᠮᠡᠷᠭᠡᠵᠢᠯ ᠴᠢᠳᠠᠪᠤᠷᠢ᠎ᠶ᠋ᠢ ᠬᠥᠮᠦᠵᠢᠭᠦᠯᠬᠦ᠌ ᠵᠠᠭ᠍ᠪᠤᠷ᠎ᠢ ᠪᠠᠢᠭᠤᠯᠵᠤ᠂
ᠪᠡᠶ᠎ᠡ᠎ᠶ᠋ᠢᠨ ᠲᠠᠮᠢᠷ᠎ᠤᠨ ᠬᠢᠷᠢ ᠪᠦᠲᠦᠮᠵᠢ᠎ᠶ᠋ᠢ ᠦᠨᠡᠯᠡᠨ ᠵᠢᠱ᠌ᠢᠬᠦ᠌ ᠱᠢᠰᠲ᠋ᠧᠮ᠎ᠢ ᠪᠦᠷᠢᠨᠰᠢᠭᠦᠯᠵᠦ᠂ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ
ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ ᠭᠡᠵᠠᠢ᠃
ᠪᠡᠶ᠎ᠡ᠎ᠶ᠋ᠢᠨ ᠲᠠᠮᠢᠷ᠎ᠤᠨ ᠤᠯᠠᠮᠵᠢᠯᠠᠯᠲᠤ ᠣᠨᠴᠠᠯᠢᠭ᠍ᠲᠤ ᠰᠤᠷᠭᠠᠭᠤᠯᠢ
ᠪᠠ ᠶᠡᠬᠡ ᠳᠡᠭᠡᠳᠦ ᠰᠤᠷᠭᠠᠭᠤᠯᠢ᠎ᠶ᠋ᠢᠨ ᠥᠨᠳᠥᠷ ᠬᠢᠷᠢ ᠲᠦᠪᠱᠢᠨ ᠪᠥᠬᠥᠶ ᠪᠡᠶ᠎ᠡ᠎ᠶ᠋ᠢᠨ ᠲᠠᠮᠢᠷ᠎ᠤᠨ ᠠᠩᠭᠢ᠎ᠶ᠋ᠢᠨ
ᠪᠠᠢᠭᠤᠯᠤᠯᠲᠠ᠎ᠪᠠᠷ ᠳᠠᠮᠵᠢᠭᠤᠯᠤᠨ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢ ᠬᠥᠲᠥᠯᠥᠨᠳᠠᠭᠠᠭᠤᠯᠬᠤ ᠱᠢᠨ᠎ᠡ ᠰᠡᠳᠭᠢᠴᠡ᠎ᠶ᠋ᠢ ᠲᠣᠳᠣᠷᠬᠠᠢᠯᠠᠪᠠ᠃ 《ᠲᠥᠯᠥᠪᠵᠢᠭᠦᠯᠭᠡ》᠎ᠳ᠋ᠤ᠂ ᠪᠡᠶ᠎ᠡ᠎ᠶ᠋ᠢᠨ ᠲᠠᠮᠢᠷ᠎ᠤᠨ ᠠᠵᠢᠯ᠎ᠠᠴᠠ᠎ᠪᠠᠨ ᠬᠠᠯᠠᠭᠳᠠᠭᠰᠠᠨ ᠲᠠᠮᠢᠷᠴᠢᠳ᠎ᠤᠨ ᠰᠤᠷᠭᠠᠭᠤᠯᠢ᠎ᠳᠤ ᠣᠴᠢᠵᠤ
ᠲᠤᠰᠭᠠᠶ ᠪᠤᠶᠤ ᠲᠤᠱᠢᠶᠠᠯ ᠬᠠᠪᠰᠤᠷᠭᠠᠭᠰᠠᠨ ᠪᠡᠶ᠎ᠡ᠎ᠶ᠋ᠢᠨ ᠲᠠᠮᠢᠷ᠎ᠤᠨ ᠪᠠᠭ᠍ᠰᠢ ᠪᠠ ᠳᠠᠰᠭᠠᠯᠵᠢᠭᠤᠯᠤᠭ᠍ᠴᠢ
ᠪᠣᠯᠬᠤ ᠠᠷᠭ᠎ᠠ ᠵᠠᠮ᠎ᠢ ᠱᠢᠯᠤᠭᠤᠳᠭᠠᠵᠤ᠂ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠪᠠᠭ᠍ᠰᠢ ᠪᠠ ᠲᠤᠰᠭᠠᠶ ᠳᠠᠰᠭᠠᠯᠵᠢᠭᠤᠯᠤᠭ᠍ᠴᠢ ᠳᠤᠲᠠᠭ᠍ᠳᠠᠵᠤ ᠪᠠᠢᠭ᠎ᠠ ᠬᠦᠴᠢᠷ ᠠᠰᠠᠭᠤᠳᠠᠯ᠎ᠢ
ᠱᠢᠶ᠋ᠳᠪᠦᠷᠢᠯᠡᠨ᠎ᠡ ᠭᠡᠵᠦ᠍ ᠳᠤᠷᠠᠳᠴᠠᠢ᠃ ᠡᠬᠦᠨ᠎ᠤ ᠬᠠᠮᠳᠤ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ
ᠴᠢᠳᠠᠪᠤᠷᠢᠲᠠᠨ᠎ᠢ ᠬᠥᠮᠦᠵᠢᠭᠦᠯᠬᠦ᠌ ᠂ ᠪᠡᠶ᠎ᠡ᠎ᠶ᠋ᠢᠨ ᠲᠠᠮᠢᠷ᠎ᠤᠨ
ᠰᠤᠷᠭᠠᠭᠤᠯᠢ᠎ᠶ᠋ᠢᠨ ᠥᠭᠡᠷᠡᠴᠢᠯᠡᠯᠲᠡ᠂ ᠤᠷᠤᠯᠳᠤᠭᠠᠨ᠎ᠤ ᠱᠢᠰᠲ᠋ᠧᠮ᠎ᠦᠨ ᠪᠠᠢᠭᠤᠯᠤᠯᠲᠠ᠂ ᠪᠡᠶ᠎ᠡ᠎ᠶ᠋ᠢᠨ ᠲᠠᠮᠢᠷ᠎ᠤᠨ
ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢ ᠦᠷᠭᠡᠳᠭᠡᠬᠦ ᠂ ᠭᠣᠣᠯᠯᠠᠭ᠍ᠴᠢ ᠡᠩᠨᠡᠭᠡᠨ᠎ᠦ ᠪᠠᠢᠭᠤᠯᠤᠯᠲᠠ ᠵᠢ ᠠᠬᠢᠭᠤᠯᠬᠤ
ᠵᠡᠷᠭᠡ ᠱᠢᠨ᠎ᠡ ᠪᠠᠢᠷᠢᠱᠢᠯ᠎ᠢ ᠪᠦᠷᠢᠯᠳᠦᠭᠦᠯᠵᠦ᠍᠂ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠠᠵᠢᠯ᠎ᠤᠨ ᠱᠢᠨ᠎ᠡ ᠠᠶᠠᠨ ᠵᠠᠮ᠎ᠢ ᠡᠬᠢᠯᠡᠭᠦᠯᠬᠦ᠌᠎ᠶ᠋ᠢ
ᠠᠬᠢᠭᠤᠯᠤᠨ᠎ᠠ ᠭᠡᠪᠡ᠃
ᠵᠠᠯᠠᠭᠤᠴᠤᠳ ᠪᠠᠭᠠᠴᠤᠳ᠎ᠤᠨ ᠡᠷᠡᠭᠦᠯ ᠮᠡᠨᠳᠦ᠍᠎ᠶ᠋ᠢ ᠠᠬᠢᠭᠤᠯᠬᠤ ᠱᠢᠰᠲ᠋ᠧᠮ᠎ᠢ ᠪᠠᠢᠭᠤᠯᠵᠤ᠂ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢᠨ ᠬᠡᠮᠵᠢᠶ᠎ᠡ ᠵᠢ
ᠳᠡᠭᠡᠭᠰᠢᠯᠡᠭᠦᠯᠦᠨ᠎ᠡ᠃ ᠪᠡᠶ᠎ᠡ᠎ᠶ᠋ᠢᠨ ᠲᠠᠮᠢᠷ᠎ᠤᠨ ᠬᠠᠮᠢᠶᠠᠷᠤᠯᠲᠠ᠎ᠶ᠋ᠢ
ᠴᠢᠩᠭᠠᠳᠭᠠᠬᠤ᠎ᠪᠠᠷ ᠳᠠᠮᠵᠢᠭᠤᠯᠤᠨ᠂ ᠪᠡᠶ᠎ᠡ ᠮᠠᠬᠠᠪᠣᠳ᠎ᠢ ᠬᠢᠨᠠᠨ ᠬᠡᠮᠵᠢᠬᠦ᠌ ᠪᠠ ᠪᠡᠶ᠎ᠡ ᠴᠢᠭᠢᠷᠠᠭ᠍ᠵᠢᠭᠤᠯᠬᠤ᠎ᠶ᠋ᠢ ᠵᠢᠯᠣᠭᠣᠳᠭᠤ ᠠᠷᠭ᠎ᠠ ᠮᠠᠶᠢᠭ᠎ᠢ
ᠴᠢᠩᠭᠠᠳᠭᠠᠨ᠎ᠠ᠃ ᠵᠠᠯᠠᠭᠤᠴᠤᠳ ᠪᠠᠭᠠᠴᠤᠳ᠎ᠤᠨ
ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢᠨ ᠬᠢᠷᠢ ᠬᠡᠮᠵᠢᠶ᠎ᠡ᠎ᠶ᠋ᠢ ᠦᠨᠡᠨ ᠬᠦ᠌ ᠳᠡᠭᠡᠭ᠌ᠰᠢᠯᠡᠭᠦᠯᠬᠦ᠌᠎ᠶ᠋ᠢᠨ
ᠲᠤᠰᠠᠳᠠ᠂ ᠵᠠᠯᠠᠭᠤᠴᠤᠳ ᠪᠠᠭᠠᠴᠤᠳ᠎ᠤᠨ ᠪᠡᠶ᠎ᠡ ᠴᠢᠭᠢᠷᠠᠭ᠍ᠵᠢᠭᠤᠯᠬᠤ ᠱᠢᠨᠵᠢᠯᠡᠬᠦ᠌ ᠤᠬᠠᠭᠠᠨᠴᠢ ᠴᠢᠨᠠᠷ᠎ᠢ ᠴᠢᠩᠭᠠᠳᠭᠠᠨ᠎ᠠ᠃
ᠠᠱᠢᠭ᠍ᠯᠠᠬᠤ ᠴᠢᠨᠠᠷ᠂ ᠬᠡᠷᠡᠭ᠌ᠯᠡᠭᠡᠨ᠎ᠦ ᠴᠢᠨᠠᠷ ᠂ ᠬᠠᠨᠳᠤᠯᠭᠠᠲᠤ ᠴᠢᠨᠠᠷ ᠪᠠ ᠣᠢᠷ᠎ᠠ ᠬᠠᠷᠠᠭ᠎ᠠ᠎ᠶ᠋ᠢ ᠰᠡᠷᠭᠡᠢᠯᠡᠨ
ᠡᠵᠡᠮᠳᠡᠬᠦ ᠲᠣᠭᠣᠷᠢᠨ᠎ᠳᠤ᠂ ᠱᠢᠨᠵᠢᠯᠡᠬᠦ᠌ ᠤᠬᠠᠭᠠᠨᠴᠢ᠎ᠪᠠᠷ ᠮᠠᠷᠢᠶ᠎ᠠ ᠱᠢᠭᠤᠷᠠᠭᠤᠯᠬᠤ᠂ ᠪᠡᠶ᠎ᠡ᠎ᠶ᠋ᠢᠨ ᠪᠠᠶ᠋ᠢᠳᠠᠯ᠎ᠢ
ᠰᠠᠢᠵᠢᠷᠠᠭᠤᠯᠬᠤ ᠵᠡᠷᠭᠡ ᠪᠦᠬᠦ᠌ ᠨᠡᠢᠭᠡᠮ᠎ᠳᠦ ᠬᠠᠨᠳᠤᠭᠤᠯᠤᠨ ᠨᠠᠢᠷᠠᠭᠤᠯᠤᠭ᠍ᠰᠠᠨ ᠪᠤᠶᠤ ᠡᠯᠰᠡᠨ ᠴᠤᠭ᠍ᠯᠠᠭᠤᠯᠤᠭ᠍ᠰᠠᠨ ᠵᠣᠬᠢᠬᠤ
ᠱᠢᠨ᠎ᠡ᠎ᠶ᠋ᠢ ᠡᠭᠦᠳᠬᠦ᠌ ᠴᠢᠨᠠᠷ ᠲᠠᠢ᠂ ᠳᠡᠯᠭᠡᠷᠡᠭᠦᠯᠬᠦ᠌ ᠦᠨ᠎ᠡ ᠥᠷᠲᠡᠭ᠎ᠲᠡᠶ ᠱᠢᠨᠵᠢᠯᠡᠬᠦ᠌ ᠤᠬᠠᠭᠠᠨᠴᠢ ᠪᠡᠶ᠎ᠡ
ᠴᠢᠭᠢᠷᠠᠭ᠍ᠵᠢᠭᠤᠯᠬᠤ ᠠᠷᠭ᠎ᠠ᠂ ᠸᠢᠳᠢᠣ᠋ ᠂ ᠵᠢᠷᠤᠭ ᠥᠰᠥᠭ᠎ᠦᠨ ᠲᠥᠷᠥᠯ᠂ ᠦᠢᠯᠡᠳᠬᠦᠨ᠎ᠦ ᠲᠦᠷᠦᠯ ᠪᠠ ᠰᠦᠯᠵᠢᠶᠡᠨ᠎ᠦ
ᠲᠦᠷᠦᠯ ᠵᠦᠢᠯ᠎ᠢ ᠲᠡᠯᠭᠡᠷᠡᠬᠦᠯᠵᠦ᠂ ᠪᠡᠶ᠎ᠡ᠎ᠶ᠋ᠢᠨ ᠲᠠᠮᠢᠷ᠎ᠤᠨ
ᠬᠥᠳᠡᠯᠭᠡᠭᠡᠨ᠎ᠢ ᠥᠷᠭᠡᠨ ᠢᠶᠡᠷ ᠲᠦᠭᠡᠮᠡᠯᠵᠢᠭᠦᠯᠦᠨ᠎ᠡ; ᠨᠠᠩ ᠣᠯᠠᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ᠎ᠶ᠋ᠢ
ᠬᠥᠲᠥᠯᠥᠨ ᠵᠢᠯᠣᠭᠣᠳᠴᠤ᠌ 1—2 ᠵᠦᠶ᠋ᠯ᠎ᠦᠨ ᠤᠷ᠎ᠠ
ᠴᠢᠳᠠᠪᠤᠷᠢ᠎ᠶ᠋ᠢ ᠡᠵᠡᠮᠱᠢᠭᠦᠯᠦᠨᠡ; ᠲᠡᠭᠡᠬᠦ᠌ ᠮᠥᠷᠲᠡᠭᠡᠨ ᠨᠠᠰᠤᠨ ᠲᠤᠷᠱᠢᠳᠠ᠎ᠶ᠋ᠢᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ
ᠲᠤᠬᠠᠢ ᠰᠠᠢᠨ ᠰᠠᠢᠬᠠᠨ ᠳᠠᠳᠭᠠᠯ᠎ᠢ ᠬᠥᠮᠦᠵᠢᠭᠦᠯᠦᠨ᠎ᠡ ᠃
《ᠲᠥᠯᠥᠪᠵᠢᠭᠦᠯᠭᠡ》᠎ᠳ᠋ᠤ ᠪᠡᠶ᠎ᠡ᠎ᠶ᠋ᠢᠨ
ᠲᠠᠮᠢᠷ᠎ᠤᠨ ᠬᠥᠮᠦᠵᠢᠯ᠎ᠦᠨ ᠶᠠᠰᠤ ᠴᠢᠨᠠᠷ᠎ᠤᠨ ᠣᠢᠯᠠᠭᠠᠭ᠍ᠳᠠᠬᠤᠨ᠎ᠢ ᠠᠩᠬ᠎ᠠ ᠤᠳᠠᠭ᠎ᠠ ᠳᠤᠷᠠᠳᠴᠤ᠌᠂ ᠥᠷᠭᠡᠨ
ᠣᠯᠠᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ ᠪᠠ ᠰᠣᠶᠣᠯ᠎ᠤᠨ ᠰᠤᠷᠤᠯᠴᠠᠯᠭ᠎ᠠ᠎ᠶ᠋ᠢ
ᠵᠡᠷᠭᠡ᠎ᠪᠡᠷ ᠴᠢᠬᠤᠯᠠᠴᠢᠯᠠᠬᠤ ᠦᠵᠡᠯ ᠰᠠᠨᠠᠭ᠎ᠠ᠎ᠶ᠋ᠢ ᠬᠥᠮᠦᠵᠢᠭᠦᠯᠦᠨ ᠪᠣᠶ ᠪᠣᠯᠭᠠᠵᠤ᠂ ᠶᠣᠰᠣ ᠰᠤᠷᠲᠠᠬᠤᠨ ᠣᠶᠤᠨ
ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠥᠬᠥ᠌ ᠲᠠᠯ᠎ᠠ᠎ᠪᠠᠷ ᠬᠥᠭ᠌ᠵᠢᠭ᠌ᠰᠡᠨ ᠨᠡᠢᠭᠡᠮ ᠵᠢᠷᠤᠮ᠎ᠤᠨ
ᠪᠥᠲᠥᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ᠎ᠶ᠋ᠢ ᠬᠥᠮᠦᠵᠢᠭᠦᠯᠬᠦ᠌᠎ᠪᠡᠷ ᠵᠣᠷᠢᠯᠭ᠎ᠠ ᠪᠤᠯᠭᠠᠨ᠎ᠠ ᠭᠡᠪᠡ᠃
ᠡᠭᠦᠨ᠎ᠦ ᠬᠠᠮᠲᠤ᠂ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ ᠡᠬᠢ ᠪᠠᠶᠠᠯᠢᠭ᠎ᠢ
ᠬᠠᠮᠲᠤ᠎ᠪᠠᠷ ᠡᠳ᠋ᠯᠡᠬᠦ᠌᠎ᠶ᠋ᠢ ᠤᠯᠠᠮ ᠨᠢᠭᠡ ᠠᠯᠬᠤᠮ ᠪᠡᠶᠡᠯᠡᠭᠦᠯᠵᠦ᠍᠂ ᠲᠤᠰᠭᠠᠶ ᠮᠡᠷᠭᠡᠵᠢᠯ᠎ᠦᠨ ᠪᠠᠭ᠍ᠰᠢ᠎ᠶ᠋ᠢᠨ
ᠬᠦᠴᠦᠨ᠎ᠢᠶᠡᠷ ᠴᠢᠩᠭ᠎ᠠ᠂ ᠨᠡᠢᠭᠡᠮ᠎ᠦᠨ ᠢᠲᠡᠭᠡᠮᠵᠢ᠎ᠶ᠋ᠢᠨ ᠬᠡᠮᠵᠢᠶ᠎ᠡ᠎ᠪᠡᠷ ᠥᠨᠳᠥᠷ ᠴᠢᠨᠠᠷ ᠰᠠᠢᠲᠠᠶ ᠪᠡᠶ᠎ᠡ᠎ᠶ᠋ᠢᠨ
ᠲᠠᠮᠢᠷ᠎ᠤᠨ ᠺᠯᠦᠪ᠎ᠦᠨ ᠰᠤᠷᠭᠠᠭᠤᠯᠢ᠎ᠶ᠋ᠢᠨ ᠬᠦᠷᠢᠶᠡᠨ᠎ᠳᠦ ᠣᠷᠣᠬᠤ᠎ᠶ᠋ᠢ ᠳᠡᠮᠵᠢᠵᠦ᠍᠂ ᠨᠠᠩ ᠣᠯᠠᠨ ᠵᠠᠯᠠᠭᠤᠴᠤᠳ
ᠪᠠᠭᠠᠴᠤᠳ᠎ᠲᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ ᠲᠠᠪᠴᠠᠩ ᠬᠠᠨᠭᠭᠠᠵᠦ᠂ ᠡᠭᠦᠨ᠎ᠢᠶᠡᠷ
ᠵᠠᠯᠠᠭᠤᠴᠤᠳ ᠪᠠᠭᠠᠴᠤᠳ᠎ᠤᠨ ᠡᠷᠡᠭᠦᠯ ᠮᠡᠨᠳᠦ᠍᠎ᠶ᠋ᠢᠨ ᠬᠢᠷᠢ ᠲᠦᠪᠱᠢᠨ᠎ᠦ ᠳᠡᠭᠡᠭ᠌ᠰᠢᠯᠡᠯᠲᠡ᠎ᠶ᠋ᠢ ᠠᠬᠢᠭᠤᠯᠤᠨ᠎ᠠ᠃
ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠱᠢᠰᠲ᠋ᠧᠮ᠎ᠢ ᠴᠢᠩᠭᠠᠳᠭᠠᠵᠤ᠂
ᠪᠡᠯᠡᠳᠭᠡᠯ ᠴᠢᠳᠠᠪᠤᠷᠢᠲᠠᠨ᠎ᠤ ᠰᠠᠭᠤᠷᠢ᠎ᠶ᠋ᠢ ᠪᠡᠬᠢᠵᠢᠭᠦᠯᠦᠨ᠎ᠡ᠃ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠨᠢ ᠵᠠᠯᠠᠭᠤᠴᠤᠳ ᠪᠠᠭᠠᠴᠤᠳ᠎ᠤᠨ
ᠪᠡᠯᠡᠳᠭᠡᠯ ᠴᠢᠳᠠᠪᠤᠷᠢᠲᠠᠨ᠎ᠤ ᠰᠠᠭᠤᠷᠢ᠎ᠠᠴᠠ ᠰᠠᠯᠵᠤ ᠴᠢᠳᠠᠬᠤ ᠥᠬᠡᠶ᠂ ᠲᠠᠩ ᠭᠠᠭ᠍ᠴᠠ ᠪᠡᠶ᠎ᠡ᠎ᠶ᠋ᠢᠨ ᠲᠠᠮᠢᠷ᠎ᠤᠨ
ᠰᠤᠷᠭᠠᠭᠤᠯᠢ᠎ᠶ᠋ᠢᠨ ᠪᠡᠶ᠎ᠡ ᠵᠢᠨ ᠲᠠᠮᠢᠷ᠎ᠤᠨ ᠴᠢᠳᠠᠪᠤᠷᠢᠲᠠᠨ ᠢ ᠬᠥᠮᠦᠵᠢᠭᠦᠯᠬᠦ᠌᠎ᠨᠢ ᠨᠢᠭᠡᠨᠲᠡ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠴᠢᠳᠠᠪᠤᠷᠢᠲᠠᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ ᠳᠡᠢᠯᠬᠦ᠌ ᠥᠬᠡᠶ
ᠪᠣᠯᠵᠠᠶ᠃《ᠲᠥᠯᠥᠪᠵᠢᠭᠦᠯᠭᠡ》 ᠳ᠋ᠤ ᠵᠠᠯᠠᠭᠤᠴᠤᠳ ᠪᠠᠭᠠᠴᠤᠳ᠎ᠤᠨ
ᠪᠡᠶ᠎ᠡ᠎ᠶ᠋ᠢᠨ ᠲᠠᠮᠢᠷ᠎ᠤᠨ ᠺᠯᠦᠪ ᠢ ᠶᠡᠬᠡ ᠪᠡᠷ ᠡᠭᠦᠳᠦᠨ
ᠪᠠᠢᠭᠤᠯᠬᠤ᠂ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠠᠵᠢᠯ᠎ᠢ ᠪᠦᠷᠢᠨᠱᠢᠭᠦᠯᠦᠨ ᠲᠡᠭᠦᠯᠳᠡᠷᠵᠢᠭᠦᠯᠬᠦ᠌᠂ ᠪᠡᠶ᠎ᠡ᠎ᠶ᠋ᠢᠨ ᠲᠠᠮᠢᠷ᠎ᠤᠨ
ᠰᠤᠷᠭᠠᠭᠤᠯᠢ᠎ᠶ᠋ᠢᠨ ᠳᠠᠪᠠᠭᠤᠯᠢᠭ ᠲᠥᠷᠥᠯ ᠵᠦᠶ᠋ᠯ᠎ᠢ ᠭᠤᠤᠯᠳᠠᠯᠭ᠎ᠠ᠎ᠲᠠᠶ ᠪᠥᠲᠥᠭᠡᠨ ᠪᠠᠢᠭᠤᠯᠵᠦ ᠬᠥᠭ᠌ᠵᠢᠭᠦᠯᠬᠦ᠌
ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠤᠷᠤᠯᠳᠤᠭᠠᠨ᠎ᠤ
ᠪᠡᠶ᠎ᠡ᠎ᠶ᠋ᠢᠨ ᠲᠠᠮᠢᠷ᠎ᠲᠤ ᠪᠡᠯᠡᠳᠭᠡᠯ ᠴᠢᠳᠠᠪᠤᠷᠢᠲᠠᠨ᠎ᠢ ᠬᠠᠮᠲᠤ᠎ᠪᠠᠷ ᠬᠥᠮᠦᠵᠢᠭᠦᠯᠦᠨ᠎ᠡ ᠭᠡᠵᠦ᠍
ᠳᠤᠷᠠᠳᠴᠠᠶ᠃ ᠰᠤᠷᠭᠠᠭᠤᠯᠢ᠎ᠶ᠋ᠢᠨ ᠪᠣᠯᠪᠠᠰᠤᠷᠠᠯ᠎ᠢ ᠲᠦᠭᠡᠮᠡᠯᠵᠢᠭᠦᠯᠬᠦ᠌᠂ ᠺᠯᠦᠪ᠎ᠦᠨ ᠪᠣᠯᠪᠠᠰᠤᠷᠠᠯ᠎ᠢ ᠥᠪᠡᠷᠮᠢᠴᠡᠵᠢᠭᠦᠯᠦᠭ᠌ᠰᠡᠨ᠂ ᠪᠡᠶ᠎ᠡ᠎ᠶ᠋ᠢᠨ ᠲᠠᠮᠢᠷ᠎ᠤᠨ ᠰᠤᠷᠭᠠᠭᠤᠯᠢ᠎ᠶ᠋ᠢᠨ ᠪᠣᠯᠪᠠᠰᠤᠷᠠᠯ᠎ᠢ
ᠲᠤᠰᠭᠠᠢᠵᠢᠭᠤᠯᠤᠭ᠍ᠰᠠᠨ ᠵᠠᠯᠠᠭᠤᠴᠤᠳ ᠪᠠᠭᠠᠴᠤᠳ᠎ᠤᠨ ᠪᠣᠯᠪᠠᠰᠤᠷᠠᠯ᠎ᠤᠨ ᠱᠢᠨ᠎ᠡ ᠱᠢᠰᠲ᠋ᠧᠮ᠎ᠢ ᠪᠠᠢᠭᠤᠯᠵᠤ᠂ ᠰᠤᠷᠭᠠᠭᠤᠯᠢ᠂ ᠺᠯᠦᠪ᠂ ᠪᠡᠶ᠎ᠡ᠎ᠶ᠋ᠢᠨ ᠲᠠᠮᠢᠷ᠎ᠤᠨ
ᠰᠤᠷᠭᠠᠭᠤᠯᠢ ᠬᠦᠴᠦ᠍᠎ᠪᠡᠨ ᠬᠠᠮᠲᠤᠳᠭᠠᠨ ᠪᠡᠯᠡᠳᠭᠡᠯ ᠴᠢᠳᠠᠪᠤᠷᠢᠲᠠᠨ᠎ᠢ
ᠬᠥᠮᠦᠵᠢᠭᠦᠯᠬᠦ᠌ ᠱᠢᠨ᠎ᠡ ᠬᠠᠷᠠᠯᠲᠠ᠎ᠶ᠋ᠢ ᠪᠡᠶᠡᠯᠡᠭᠦᠯᠦᠨ᠎ᠡ᠃ 《ᠲᠥᠯᠥᠪᠵᠢᠭᠦᠯᠭᠡ》 ᠳ᠋ᠤ ᠪᠠᠰᠠ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠲᠥᠪ᠎ᠢ ᠲᠤᠷᠱᠢᠨ
ᠪᠠᠢᠭᠤᠯᠤᠨ᠎ᠠ ᠬᠡᠪᠡ᠃ ᠡᠨᠡ᠎ᠨᠢ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠪᠣᠯᠪᠠᠰᠤᠷᠠᠯ᠎ᠤᠨ ᠱᠢᠰᠲ᠋ᠧᠮ᠎ᠦᠨ
ᠪᠠᠢᠭᠤᠯᠤᠯᠲᠠ᠂ ᠣᠯᠠᠨ ᠡᠱᠢᠲᠦ ᠴᠢᠳᠠᠪᠤᠷᠢᠲᠠᠨ᠎ᠢ ᠬᠥᠮᠦᠵᠢᠭᠦᠯᠬᠦ᠌ ᠪᠠ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠢ ᠱᠢᠨᠵᠢᠯᠡᠬᠦ᠌
ᠤᠬᠠᠭᠠᠨᠴᠢᠯᠠᠬᠤ ᠵᠡᠷᠭᠡ᠎ᠳᠦ ᠬᠦᠴᠦᠲᠡᠶ ᠪᠠᠲᠤᠯᠠᠭ᠎ᠠ ᠬᠠᠩᠭᠠᠵᠤ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ
ᠲᠠᠮᠢᠷ᠎ᠤᠨ ᠦᠶ᠋ᠯᠡᠰ᠎ᠦᠨ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠪᠣᠯᠤᠨ᠎ᠠ᠃
ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠱᠢᠰᠲ᠋ᠧᠮ᠎ᠢ ᠲᠡᠭᠦᠯᠳᠡᠷᠵᠢᠭᠦᠯᠵᠦ᠍᠂
ᠤᠷᠤᠯᠳᠤᠭᠠᠨ᠎ᠤ ᠡᠬᠢ ᠪᠠᠶᠠᠯᠢᠭ᠎ᠢ ᠱᠢᠯᠢᠳᠡᠭ᠌ᠵᠢᠭᠦᠯᠦᠨ ᠨᠡᠢᠳᠭᠡᠨᠡ᠃ ᠤᠷᠤᠯᠳᠤᠭᠠᠨ᠎ᠤ ᠠᠵᠢᠯᠯᠠᠭ᠎ᠠ᠎ᠨᠢ ᠵᠠᠯᠠᠭᠤᠴᠤᠳ
ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠠᠵᠢᠯ᠎ᠤᠨ ᠭᠤᠤᠯ ᠭᠠᠷᠳᠠᠴᠠ ᠪᠣᠯᠤᠭ᠍ᠰᠠᠨ᠎ᠤ ᠬᠤᠪᠢ᠎ᠳᠤ ᠂ ᠪᠡᠶ᠎ᠡ᠎ᠶ᠋ᠢᠨ
ᠲᠠᠮᠢᠷ ᠪᠠ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠡᠴᠡ ᠵᠠᠯᠠᠭᠤᠴᠤᠳ ᠪᠠᠭᠠᠴᠤᠳ᠎ᠤᠨ U ᠱᠢᠷᠢᠰ ᠤᠷᠤᠯᠳᠤᠭᠠᠨ᠂ ᠺᠯᠦᠪ᠎ᠦᠨ ᠬᠣᠯᠪᠣᠭᠠᠲᠤ ᠤᠷᠤᠯᠳᠤᠭᠠᠨ᠂ ᠵᠠᠯᠠᠭᠤᠴᠤᠳ ᠪᠠᠭᠠᠴᠤᠳ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ᠂
ᠰᠤᠷᠤᠭ᠍ᠴᠢᠳ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠪᠠ ᠪᠤᠰᠤᠳ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ
ᠠᠵᠢᠯᠯᠠᠭ᠎ᠠ᠎ᠶ᠋ᠢ ᠬᠠᠮᠲᠤ᠎ᠪᠠᠷ ᠵᠣᠬᠢᠶᠠᠨ ᠪᠠᠢᠭᠤᠯᠵᠤ᠂ ᠲᠥᠪ ᠭᠤᠤᠯᠴᠢ᠂ ᠡᠶ᠎ᠡ ᠵᠤᠬᠢᠴᠠᠩᠭᠤᠢ᠂ ᠠᠷᠢᠭᠤᠨ ᠴᠡᠪᠡᠷ
ᠤᠷᠤᠯᠳᠤᠭᠠᠨ᠎ᠤ ᠣᠷᠴᠢᠨ ᠨᠥᠬᠥᠴᠡᠯ᠎ᠢ ᠢᠳᠡᠪᠬᠢᠲᠡᠶ ᠪᠣᠶ ᠪᠣᠯᠭᠠᠵᠦ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠬᠥᠱᠢᠭᠦᠷᠭᠡ᠎ᠶ᠋ᠢᠨ
ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ᠎ᠢ ᠪᠡᠶ᠎ᠡ᠎ᠶ᠋ᠢᠨ ᠲᠠᠮᠢᠷ᠎ᠤᠨ
ᠤᠷᠤᠯᠳᠤᠭᠠᠨ᠎ᠳᠤ ᠥᠪᠡᠷ᠎ᠢ᠎ᠪᠡᠨ ᠳᠠᠪᠠᠬᠤ᠂ ᠡᠷᠴᠢ ᠵᠣᠷᠢᠭ᠎ᠢᠶᠠᠨ ᠬᠠᠲᠠᠭᠤᠵᠢᠭᠤᠯᠬᠤ᠂ ᠪᠦᠯᠬᠦᠮᠳᠡᠨ ᠬᠠᠮᠵᠢᠯᠴᠠᠬᠤ᠂
ᠵᠣᠷᠢᠭ᠍ᠲᠠᠶ᠎ᠪᠠᠷ ᠲᠦᠷᠦᠭᠦᠯᠡᠬᠦ᠌ ᠢᠳᠡᠭᠡᠯ ᠵᠤᠷᠢᠭ᠎ᠢ ᠪᠤᠢ ᠪᠣᠯᠭᠠᠨ᠎ᠠ᠃ 《ᠲᠥᠯᠥᠪᠵᠢᠭᠦᠯᠭᠡ》 ᠳ᠋ᠤ ᠪᠠᠰᠠ᠂ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠦᠨ ᠰᠠᠯᠠᠭ᠎ᠠ
ᠮᠥᠴᠢᠷ ᠬᠠᠮᠲᠤ᠎ᠪᠠᠷ ᠤᠷᠤᠯᠳᠤᠭᠠᠨ᠎ᠤ ᠲᠥᠯᠥᠪᠯᠡᠭᠡ ᠲᠣᠭ᠍ᠲᠠᠭᠠᠵᠤ᠂ ᠬᠠᠮᠲᠤ᠎ᠪᠠᠷ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠬᠠᠮᠲᠤ᠎ᠪᠠᠷ ᠬᠠᠮᠢᠶᠠᠷᠬᠤ ᠬᠡᠷᠡᠭᠳᠡᠢ ᠭᠡᠵᠦ ᠲᠤᠷᠠᠳᠤᠨ ᠭᠠᠷᠭᠠᠪᠠ᠃ ᠡᠨᠡ ᠭᠤᠷᠪᠠᠨ 《ᠬᠠᠮᠲᠤ᠎ᠪᠠᠷ》 ᠢ᠋ ᠳᠤᠷᠠᠳᠤᠭ᠍ᠰᠠᠨ ᠨᠢ ᠵᠠᠯᠠᠭᠤᠴᠤᠳ ᠪᠠᠭᠠᠴᠤᠳ᠎ᠤᠨ
ᠤᠷᠤᠯᠳᠤᠭᠠᠨ᠎ᠤ ᠱᠢᠰᠲ᠋ᠧᠮ᠎ᠢ ᠲᠡᠭᠦᠯᠳᠡᠷᠵᠢᠭᠦᠯᠬᠦ᠌᠎ᠶ᠋ᠢ ᠶᠡᠬᠡᠪᠡᠷ ᠠᠬᠢᠭᠤᠯᠵᠤ᠂ ᠱᠢᠨᠵᠢᠯᠡᠬᠦ᠌ ᠤᠬᠠᠭᠠᠨᠴᠢ᠎ᠪᠠᠷ
ᠤᠷᠤᠯᠳᠤᠭᠠᠨ ᠡᠷᠭᠢᠯᠡᠬᠦ᠌᠂ ᠡᠮᠬᠢ ᠵᠢᠷᠤᠮ᠎ᠲᠠᠶ᠎ᠪᠠᠷ ᠤᠷᠤᠯᠳᠤᠭᠠᠨ᠎ᠳᠤ ᠣᠷᠣᠯᠴᠠᠬᠤ᠎ᠳᠤ ᠴᠢᠬᠤᠯᠠ ᠲᠤᠯᠭᠠᠭᠤᠷᠢᠯᠠᠯ
ᠬᠠᠩᠭᠠᠭ᠍ᠰᠠᠨ ᠪᠠᠢᠨ᠎ᠠ᠃
ᠮᠠᠨ᠎ᠤ ᠤᠷᠤᠨ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ
ᠠᠵᠢᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ᠎ᠶ᠋ᠢ
ᠪᠠᠷᠢᠮᠲᠠᠯᠠᠨ᠂ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠠᠵᠢᠯ᠎ᠢ ᠨᠢᠭᠡᠳᠦᠯᠲᠡᠶ
ᠲᠥᠯᠥᠪᠵᠢᠭᠦᠯᠦᠨ ᠠᠬᠢᠭᠤᠯᠵᠤ᠂ ᠰᠤᠷᠭᠠᠭᠤᠯᠢ᠂ ᠪᠡᠶ᠎ᠡ᠎ᠶ᠋ᠢᠨ ᠲᠠᠮᠢᠷ ᠪᠠ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ
ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠳᠤᠮᠳᠠ ᠬᠠᠷᠢᠯᠴᠠᠨ ᠠᠬᠢᠭᠤᠯᠬᠤ᠂ ᠬᠠᠮᠵᠢᠯᠴᠠᠨ
ᠬᠥᠭ᠌ᠵᠢᠬᠦ᠌᠎ᠶ᠋ᠢ ᠦᠷᠭᠦᠯᠵᠢᠯᠡᠨ ᠠᠬᠢᠭᠤᠯᠵᠤ ᠰᠠᠭᠤᠷᠢ ᠪᠠᠨ ᠪᠡᠬᠢᠵᠢᠭᠦᠯᠦᠨ ᠤᠨᠢᠨ ᠳᠡᠭᠡᠷ᠎ᠡ ᠨᠢ ᠬᠦᠴᠦᠯᠡᠵᠦ
ᠰᠢᠨ᠎ᠡ ᠠᠶᠠᠨ᠎ᠳᠦ ᠪᠠᠨ ᠮᠤᠷᠳᠠᠨᠠᠮ᠃
( ᠬᠡᠷᠡᠯ ᠵᠢᠷᠤᠭ ᠤᠳ᠎ᠢ ᠰᠢᠨᠬᠤᠸᠠ
ᠰᠦᠯᠵᠢᠶ᠎ᠡ ᠡᠴᠡ ᠠᠪᠤᠪᠠ )