ᠪᠢᠳᠡ ᠬᠠᠮᠢᠭ᠎ᠠ ᠣᠴᠢᠵᠤ ᠪᠡᠶ᠎ᠡ ᠴᠢᠭᠢᠷᠠᠭ᠍ᠵᠢᠭᠤᠯᠬᠤ ᠪᠢᠯᠡ⁈
2022-01-10 11:04:14
ᠵᠣᠬᠢᠶᠠᠭ᠍ᠴᠢ᠄
ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠣᠳᠣᠬᠠᠨ᠎ᠳᠤ᠂ ᠪᠡᠶ᠎ᠡ ᠴᠢᠭᠢᠷᠠᠭ᠍ᠵᠢᠭᠤᠯᠬᠤ ᠬᠥᠳᠡᠯᠭᠡᠭᠡᠨ᠎ᠨᠢ ᠬᠥᠮᠦᠰ᠎ᠦᠨ ᠠᠮᠢᠳᠤᠷᠠᠯ᠎ᠤᠨ ᠳᠤᠲᠠᠭ᠍ᠳᠠᠵᠤ ᠪᠣᠯᠤᠰᠢ ᠥᠬᠡᠶ ᠨᠢᠭᠡ ᠬᠡᠰᠡᠭ ᠪᠣᠯᠵᠣ᠂ ᠬᠥᠮᠦᠰ᠎ᠦᠨ ᠪᠡᠶ᠎ᠡ ᠴᠢᠭᠢᠷᠠᠭ᠍ᠵᠢᠭᠤᠯᠬᠤ ᠤᠬᠠᠮᠰᠠᠷ ᠲᠠᠰᠤᠷᠠᠯᠲᠠ ᠥᠬᠡᠶ ᠳᠡᠭᠡᠭ᠌ᠰᠢᠯᠡᠵᠦ᠍᠂ ᠣᠯᠠᠨ ᠲᠦᠮᠡᠨ᠎ᠦ  ᠪᠡᠶ᠎ᠡ ᠴᠢᠭᠢᠷᠠᠭ᠍ᠵᠢᠭᠤᠯᠬᠤ ᠬᠡᠷᠡᠭ᠌ᠴᠡᠭᠡ ᠱᠠᠭᠠᠷᠳᠠᠯᠭ᠎ᠠ ᠴᠤ᠌ ᠡᠳᠦᠷ ᠢᠷᠡᠬᠦᠶ᠎ᠡ ᠨᠡᠮᠡᠭ᠌ᠳᠡᠵᠦ᠍ ᠪᠠᠢᠨ᠎ᠠ᠃ ᠡᠢᠨ ᠬᠦ᠌《ᠬᠠᠮᠢᠭ᠎ᠠ ᠣᠴᠢᠵᠤ ᠪᠡᠶ᠎ᠡ ᠴᠢᠭᠢᠷᠠᠭ᠍ᠵᠢᠭᠤᠯᠬᠤ ᠪᠢᠯᠡ⁈》 ᠭᠡᠬᠦ  ᠨᠢ ᠤᠯᠠᠨ ᠲᠦᠮᠡᠨ᠎ᠤ  ᠡᠮᠦᠨ᠎ᠡ ᠲᠠᠯᠪᠢᠭᠳᠠᠭᠰᠠᠨ ᠲᠤᠯᠭᠠᠮ᠎ᠠᠰᠠᠭᠤᠳᠠᠯ ᠪᠤᠯᠵᠠᠢ᠃ ᠡᠨᠡ ᠬᠦ᠌ ᠠᠰᠠᠭᠤᠳᠠᠯ᠎ᠢ ᠱᠢᠶ᠋ᠳᠪᠦᠷᠢᠯᠡᠵᠦ᠍᠂ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠣᠷᠳᠣᠨ ᠵᠡᠷᠭᠡ ᠪᠡᠶ᠎ᠡ᠎ᠶ᠋ᠢᠨ ᠲᠠᠮᠢᠷ᠎ᠤᠨ ᠦᠢᠯᠡᠰ᠎ᠤ᠋ᠨ᠌ ᠦᠶ᠋ᠯᠡᠴᠢᠯᠡᠭᠡᠨ᠎ᠦ ᠬᠢᠷᠢ ᠲᠦᠪᠰᠢᠨ᠎ᠢ ᠳᠡᠭᠡᠭ᠌ᠰᠢᠯᠡᠭᠦᠯᠪᠡᠯ ᠰᠠᠶᠢ ᠣᠯᠠᠨ ᠲᠦᠮᠡᠨ᠎ᠦ ᠪᠡᠶ᠎ᠡ ᠴᠢᠭᠢᠷᠠᠭ᠍ᠵᠢᠭᠤᠯᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠩ ᠰᠠᠢᠳᠤᠷ ᠬᠠᠩᠭᠠᠵᠤ᠂ ᠠᠷᠠᠳ ᠣᠯᠠᠨ᠎ᠳᠤ ᠦᠨᠡᠨ ᠬᠦ᠌ ᠪᠤᠳᠠᠳᠤ ᠶᠠᠪᠤᠳᠠᠯ ᠬᠢᠵᠦ ᠦᠭᠴᠦ ᠪᠤᠳᠠᠳᠠᠢ ᠠᠱᠢᠭ ᠬᠦᠷᠳᠡᠭᠡᠵᠦ ᠴᠢᠳᠠᠨ᠎ᠡ᠃

ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠤᠯᠳᠠ ᠪᠣᠯ ᠤᠯᠠᠨ ᠲᠦᠮᠡᠨ᠎ᠦ ᠡᠷᠡᠭᠦᠯ ᠰᠠᠷᠠᠭᠤᠯ ᠠᠮᠢᠳᠤᠷᠠᠯ᠎ᠢ ᠡᠳ᠋ᠯᠡᠬᠦ᠎ᠶ᠋ᠢᠨ ᠰᠠᠭᠤᠷᠢ ᠪᠠ ᠪᠠᠲᠤᠯᠠᠭ᠎ᠠ ᠮᠥᠨ ᠂ ᠠᠷᠠᠳ ᠤᠯᠠᠨ᠎ᠦ  ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ ᠪᠣᠯ ᠴᠢᠨᠡᠭᠡᠯᠢᠭ ᠨᠡᠢᠭᠡᠮ᠎ᠢ  ᠪᠥᠬᠥ᠌ ᠲᠠᠯ᠎ᠠ᠎ᠪᠠᠷ ᠪᠡᠶᠡᠯᠡᠬᠦᠯᠬᠦ ᠶ᠋ᠢᠨ ᠴᠢᠬᠤᠯᠠ ᠠᠭᠤᠯᠤᠭ᠍ᠳᠠᠬᠤᠨ᠂ ᠵᠣᠯ ᠵᠢᠷᠭᠠᠯᠲᠤ ᠠᠮᠢᠳᠤᠷᠠᠯ᠎ᠢ ᠴᠤᠭᠴᠠᠯᠠᠬᠤ᠎ᠶ᠋ᠢᠨ ᠵᠠᠡᠭᠭᠢᠯᠠᠭ᠎ᠠ᠎ᠶᠢᠨ ᠰᠠᠭᠤᠷᠢ ᠮᠥᠨ᠃ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢᠨ ᠶᠠᠰᠤ ᠴᠢᠨᠠᠷ ᠨᠢ ᠬᠥᠮᠦᠰ᠎ᠦᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠵᠣᠯ ᠵᠢᠷᠭᠠᠯᠲᠤ ᠠᠮᠢᠳᠤᠷᠠᠯ᠎ᠤᠨ ᠬᠦᠢᠴᠡᠳᠭᠡᠯ ᠲᠣᠭ᠎ᠠ᠎ᠲᠠᠶ ᠱᠢᠭᠤᠳ ᠬᠣᠯᠪᠣᠭ᠍ᠳᠠᠵᠤ ᠪᠠᠢᠳᠠᠭ᠃ ᠡᠬᠦᠨ ᠳ᠋ᠤ ᠮᠠᠨ᠎ᠤ ᠤᠷᠤᠨ ᠮᠠᠰᠢ ᠤᠯᠠᠨ ᠪᠦᠲᠦᠮᠵᠢᠲᠠᠢ ᠠᠷᠭ᠎ᠠ ᠬᠡᠮᠵᠢᠶ᠎ᠡ ᠠᠪᠴᠤ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠷᠭ᠎ᠠ ᠵᠠᠮ᠎ᠢ ᠰᠢᠯᠤᠭᠤᠳᠬᠠᠵᠦ᠂ ᠡᠷᠡᠭᠦᠯ ᠡᠨᠭᠭᠡ ᠦᠪᠦᠷ ᠮᠤᠨᠭᠭᠤᠯ᠎ᠤᠨ ᠪᠠᠢᠭᠤᠯᠤᠯᠳᠠ᠎ᠳᠦ ᠬᠦᠴᠦᠨ ᠨᠡᠮᠡᠷᠢᠯᠡᠵᠦ ᠪᠤᠢ᠃

ᠲᠦᠷᠦᠭᠦᠭᠡᠨ᠂ ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠠᠯᠪᠠᠨ ᠲᠢᠨᠭᠭᠢᠮ ᠰᠤᠨᠢᠨ ᠮᠡᠳᠡᠭᠡ ᠨᠡᠢᠲᠡᠯᠡᠬᠦ ᠬᠤᠷᠠᠯ ᠬᠢᠵᠦ᠂ 《ᠠᠷᠪᠠᠨ ᠳᠥᠷᠪᠡᠳᠦᠭᠡᠷ ᠲᠠᠪᠤᠨ ᠵᠢᠯ》 ᠎ᠤ᠋ᠨ ᠬᠤᠭᠤᠴᠠᠭᠠᠨ᠎ᠳᠤ᠂ ᠮᠠᠨ᠎ᠤ ᠤᠷᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ  ᠲᠠᠯᠠᠪᠤᠷ ᠲᠠᠯᠠᠪᠠᠶ ᠶ᠋ᠢᠨ ᠪᠥᠲᠥᠭᠡᠨ ᠪᠠᠢᠭᠤᠯᠤᠯᠲᠠ᠎ᠶ᠋ᠢᠨ ᠭᠤᠤᠯᠳᠠᠯᠭ᠎ᠠ᠎ᠲᠠᠶ ᠬᠦᠷᠢᠶ᠎ᠡ ᠪᠠ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠠᠨ ᠲᠦᠮᠡᠨ᠎ᠳ᠋ᠤ ᠲᠥᠬᠥᠮ ᠲᠦᠳᠡ ᠪᠡᠶ᠎ᠡ᠎ᠶ᠋ᠢᠨ ᠲᠠᠮᠢᠷ᠎ᠤᠨ ᠴᠡᠴᠡᠷᠯᠢᠭ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠶᠠᠪᠠᠭᠠᠨ ᠵᠠᠮ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠥᠪ᠂ ᠨᠡᠢᠭᠡᠮ᠎ᠦᠨ ᠬᠥᠯ ᠪᠥᠮᠪᠥᠭᠡ᠎ᠶ᠋ᠢᠨ ᠲᠠᠯᠠᠪᠤᠷ ᠵᠡᠷᠭᠡ᠎ᠶ᠋ᠢ ᠲᠥᠯᠥᠪᠵᠢᠭᠦᠯᠦᠨ ᠪᠥᠲᠥᠭᠡᠨ ᠪᠠᠢᠭᠤᠯᠵᠤ᠂ ᠬᠣᠱᠢᠭᠤ ᠱᠢᠶᠠᠨ(ᠬᠣᠲᠠ᠂ ᠲᠣᠭᠣᠷᠢᠭ)᠂ ᠰᠤᠮᠤ ᠱᠢᠶᠠᠩ ᠪᠠᠯᠭᠠᠰᠤ᠂ ᠵᠠᠰᠠᠭ ᠵᠠᠬᠢᠷᠭᠠᠨ᠎ᠤ ᠲᠣᠰᠭᠣᠨ(ᠨᠡᠢᠭᠡᠮ ᠲᠣᠭᠣᠷᠢᠭ) ᠭᠤᠷᠪᠠᠨ ᠱᠠᠲᠤᠨ᠎ᠤ ᠣᠯᠠᠨ ᠨᠡᠢᠲᠡ᠎ᠶ᠋ᠢᠨ ᠪᠡᠶ᠎ᠡ ᠴᠢᠭᠢᠷᠠᠭ᠍ᠵᠢᠭᠤᠯᠬᠤ ᠲᠤᠨᠤᠭ ᠲᠦᠬᠦᠭᠡᠷᠦᠮᠵᠢ ᠪᠠ ᠬᠣᠲᠠ᠎ᠶ᠋ᠢᠨ ᠨᠡᠢᠭᠡᠮ ᠲᠣᠭᠣᠷᠢᠭ᠎ᠤᠨ《15 ᠮᠢᠨᠦ᠋ᠲ᠎ᠦᠨ ᠪᠡᠶ᠎ᠡ ᠴᠢᠭᠢᠷᠠᠭ᠍ᠵᠢᠭᠤᠯᠬᠤ ᠲᠣᠭᠣᠷᠢᠭ》 ᠎ᠢ᠋ ᠪᠥᠷᠬᠥᠭᠦᠯᠬᠦ᠌᠎ᠶ᠋ᠢ ᠠᠬᠢᠭᠤᠯᠵᠤ᠂ ᠣᠯᠠᠨ ᠲᠦᠮᠡᠨ᠎ᠦ 《ᠬᠠᠮᠢᠭ᠎ᠠ ᠣᠴᠢᠵᠤ ᠪᠡᠶ᠎ᠡ ᠴᠢᠭᠢᠷᠠᠭ᠍ᠵᠢᠭᠤᠯᠬᠤ》 ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠵᠦ ᠦᠭᠭᠦᠨ᠎ᠡ ᠭᠡᠪᠡ᠃ 2025 ᠤᠨ ᠪᠣᠯᠬᠤ᠎ᠳᠤ᠂ ᠠᠷᠠᠳ ᠣᠯᠠᠨ᠎ᠤ ᠪᠡᠶ᠎ᠡ ᠴᠢᠭᠢᠷᠠᠭ᠍ᠵᠢᠭᠤᠯᠬᠤ᠎ᠳ᠋ᠤ ᠨᠠᠩ ᠲᠥᠬᠥᠮ ᠨᠦᠬᠦᠴᠡᠯ ᠬᠠᠩᠭᠠᠵᠤ᠂ ᠪᠡᠶ᠎ᠡ ᠴᠢᠭᠢᠷᠠᠭ᠍ᠵᠢᠭᠤᠯᠬᠤ ᠬᠠᠯᠠᠭᠤᠨ ᠰᠡᠳᠭᠢᠯᠭᠡ᠎ᠶ᠋ᠢ ᠤᠯᠠᠮ ᠬᠦᠭᠵᠢᠬᠡᠵᠤ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ᠎ᠳᠤ ᠣᠷᠣᠯᠴᠠᠬᠤ ᠬᠥᠮᠦᠨ᠎ᠦ ᠲᠣᠭ᠎ᠠ᠎ᠶ᠋ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠂ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠳᠤ  ᠪᠠᠢᠩᠭᠤ ᠣᠷᠣᠯᠴᠠᠬᠤ ᠬᠥᠮᠦᠨ᠎ᠦ ᠲᠣᠭ᠎ᠠ᠎ᠶ᠋ᠢᠨ ᠬᠠᠷᠢᠴᠠᠯ᠎ᠢ 38.5% ᠎ᠳ᠋ᠤ ᠬᠦᠷᠦᠭᠦᠯᠵᠦ᠍᠂ ᠮᠢᠩᠭᠠᠨ ᠬᠥᠮᠦᠨ ᠪᠦᠷᠢ᠎ᠳᠦ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠵᠢᠭᠠᠨ ᠵᠢᠯᠣᠭᠣᠳᠣᠭ᠍ᠴᠢ 2.5 ᠬᠦᠮᠦᠨ ᠪᠠᠢᠬᠤ ᠵᠢ ᠪᠠᠳᠤᠯᠠᠵᠤ᠂ ᠬᠥᠮᠦᠨ ᠳᠤᠮᠳᠠᠴᠢ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠲᠠᠯᠠᠪᠠᠶ ᠎ᠶ᠋ᠢ 2.6 ᠲᠡᠭ᠌ᠰᠢ ᠳᠥᠷᠪᠡᠯᠵᠢᠨ ᠮᠧᠲ᠋ᠷ᠎ᠲᠦ ᠬᠦᠷᠦᠭᠦᠯᠵᠦ᠍᠂ ᠤᠯᠤᠰ ᠠᠷᠠᠳ᠎ᠤᠨ ᠪᠡᠶ᠎ᠡ ᠮᠠᠬᠠᠪᠣᠳ᠎ᠤᠨ ᠬᠢᠨᠠᠨ ᠱᠢᠨᠵᠢᠯᠳᠡ ᠳ᠋ᠤ ᠬᠢᠷᠢ ᠲᠡᠩᠴᠡᠭ᠌ᠰᠡᠨ ᠨᠣᠷᠮ᠎ᠠ᠎ᠶ᠋ᠢ 90% ᠎ᠳ᠋ᠤ ᠬᠦᠷᠦᠭᠦᠯᠦᠨ᠎ᠡ ᠭᠡᠵᠠᠢ᠃

ᠠᠷᠠᠳ ᠣᠯᠠᠨ᠎ᠤ  ᠪᠡᠶ᠎ᠡ᠎ᠶ᠋ᠢᠨ ᠲᠠᠮᠢᠷ᠎ᠲᠤ ᠣᠷᠣᠯᠴᠠᠬᠤ ᠵᠣᠯ ᠵᠢᠷᠭᠠᠯᠲᠤ ᠲᠥᠷᠥᠭ᠌ᠳᠡᠯ᠎ᠢ ᠳᠡᠭᠡᠭ᠌ᠰᠢᠯᠡᠭᠦᠯᠪᠡᠯ ᠰᠠᠶᠢ ᠪᠡᠶ᠎ᠡ᠎ᠶ᠋ᠢᠨ ᠲᠠᠮᠢᠷ᠎ᠤᠨ ᠭᠤᠤᠯᠯᠠᠬᠤ ᠥᠷᠢᠰᠦᠯᠳᠦᠬᠦ᠌ ᠬᠦᠴᠦᠨ᠎ᠢ ᠴᠢᠩᠭᠠᠷᠠᠭᠤᠯᠵᠤ ᠴᠢᠳᠠᠨ᠎ᠠ᠃ ᠬᠦᠬᠡᠬᠤᠲᠠ᠎ᠶᠢᠨ ᠪᠠᠶ᠎ᠡ᠎ᠶᠢᠨ ᠲᠠᠮᠢᠷ᠎ᠤᠨ ᠲᠤᠪᠴᠢᠶ᠎ᠠ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠬᠦ᠌᠂ ᠲᠠᠯᠠᠪᠤᠷ ᠭᠠᠵᠠᠷ᠎ᠤᠨ ᠲᠥᠬᠥᠭᠡᠷᠦᠮᠵᠢ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌ ᠪᠡᠷ ᠳᠠᠮᠵᠢᠨ《10 ᠮᠢᠨᠦ᠋ᠲ᠎ᠦᠨ ᠪᠡᠶ᠎ᠡ ᠴᠢᠭᠢᠷᠠᠭ᠍ᠵᠢᠭᠤᠯᠬᠤ ᠲᠣᠭᠣᠷᠢᠭ》 ᠎ᠢ᠋ ᠪᠠᠢᠭᠤᠯᠬᠤ᠎ᠵᠢ ᠭᠣᠣᠯᠳᠠᠯᠭ᠎ᠠ᠎ᠲᠠᠶ ᠠᠵᠢᠯ᠎ᠤᠨ ᠬᠠᠷᠠᠯᠲᠠ ᠪᠣᠯᠭᠠᠪᠠ᠃ 《ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ  ᠪᠠᠢᠭᠤᠯᠤᠯᠲᠠ᠎ᠶ᠋ᠢᠨ ᠬᠥᠲᠥᠯᠪᠦᠷᠢ》᠂ 《ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠥᠯᠥᠪᠯᠡᠭᠡ》ᠵᠢᠴᠢ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠳᠤᠭᠤᠰᠢᠯᠠᠭᠤᠯᠤᠨ ᠨᠠᠢᠳᠠᠪᠤᠷᠢᠵᠢᠭᠤᠯᠤᠭ᠍ᠰᠠᠨ ᠰᠠᠭᠤᠷᠢᠨ ᠳᠡᠭᠡᠷ᠎ᠡ 2025 ᠣᠨ᠎ᠤ ᠰᠡᠭᠦᠯᠴᠢ ᠪᠣᠯᠬᠤ᠎ᠳᠤ᠂ 《10 ᠮᠢᠨᠦ᠋ᠲ᠎ᠦᠨ ᠪᠡᠶ᠎ᠡ ᠴᠢᠭᠢᠷᠠᠭ᠍ᠵᠢᠭᠤᠯᠬᠤ ᠲᠣᠭᠣᠷᠢᠭ》᠎ᠤ᠋ᠨ ᠬᠠᠷᠠᠯᠲᠠ᠎ᠶ᠋ᠢ ᠪᠡᠶᠡᠯᠡᠭᠦᠯᠬᠦ᠌᠎ᠪᠡᠷ ᠪᠠᠢᠨ᠎ᠠ᠃ ᠡᠯ᠎ᠡ ᠲᠠᠯ᠎ᠠ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ ᠳᠠᠮᠵᠢᠭᠤᠯᠤᠨ᠂ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠣᠷᠳᠣᠨ᠎ᠢ ᠨᠠᠩ ᠤᠯᠠᠨ ᠬᠦᠮᠦᠨ ᠳ᠋ᠤ ᠨᠠᠩ ᠲᠥᠬᠥᠮ᠂ ᠨᠠᠩ ᠠᠱᠢᠭ᠍ᠲᠠᠶ ᠪᠣᠯᠭᠠᠵᠤ᠂ ᠡᠭᠦᠨ᠎ᠦ ᠤᠯᠠᠮ᠎ᠠᠴᠠ ᠥᠷᠭᠡᠨ ᠣᠯᠠᠨ ᠲᠦᠮᠡᠨ᠎ᠳᠦ ᠨᠠᠩ ᠡᠶ᠎ᠡ ᠵᠣᠬᠢᠴᠠᠩᠭᠤᠢ ᠨᠡᠩ ᠰᠠᠢᠨ ᠰᠠᠢᠬᠠᠨ ᠪᠡᠶ᠎ᠡ ᠴᠢᠭᠢᠷᠠᠭ᠍ᠵᠢᠭᠤᠯᠬᠤ ᠣᠷᠴᠢᠨ ᠨᠥᠬᠥᠴᠡᠯ᠎ᠢ  ᠪᠣᠶ ᠪᠤᠯᠭᠠᠪᠠᠯ ᠵᠤᠬᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号