ᠳᠤᠮᠳᠠᠳᠤ ᠤᠯᠤᠰ᠎ᠤᠨ ᠠᠩᠭᠢ ᠲᠦᠷᠭᠡᠨ ᠲᠡᠱᠢᠯᠲᠡ᠎ᠶ᠋ᠢᠨ ᠤᠷᠤᠯᠳᠤᠭᠠᠨ᠎ᠳᠦ ᠤᠷᠤᠯᠴᠠᠬᠤ 22 ᠣᠷᠣᠨ ᠲᠣᠭ᠎ᠠ ᠣᠯᠪᠠ
2022-01-10 12:05:41
ᠵᠣᠬᠢᠶᠠᠭ᠍ᠴᠢ᠄
ᠤᠯᠠᠭᠠᠨᠳᠤᠶᠠᠭ᠎ᠠ
ᠣᠩᠱᠢᠭ᠍ᠰᠠᠨ ᠣᠳᠠᠭ᠎ᠠ᠄
★★★☆☆

2021—2022 ᠣᠨ᠎ᠤ ᠤᠷᠤᠯᠳᠤᠭᠠᠨ᠎ᠤ ᠤᠯᠠᠷᠢᠯ᠎ᠤᠨ ᠳᠡᠯᠡᠬᠡᠶ᠎ᠶ᠋ᠢᠨ ᠬᠤᠨᠳᠠᠭᠠᠲᠤ ᠤᠷᠤᠯᠳᠤᠭᠠᠨ ᠦᠨᠳᠦᠷᠯᠡᠬᠦ᠎ᠶ᠋ᠢ ᠳᠠᠭᠠᠯᠳᠤᠨ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠦᠷᠭᠡᠨ ᠲᠡᠱᠢᠯᠲᠡ᠎ᠶ᠋ᠢᠨ ᠲᠥᠷᠥᠯ ᠵᠦᠶ᠋ᠯ᠎ᠦᠨ ᠡᠯ᠎ᠡ ᠤᠯᠤᠰ᠎ᠤᠨ ᠣᠷᠣᠨ ᠲᠣᠭ᠎ᠠ᠎ᠶ᠋ᠢᠨ ᠬᠤᠪᠢᠶᠠᠷᠢᠯᠠᠯᠲᠠ᠎ᠶ᠋ᠢᠨ ᠦᠷ᠎ᠡ ᠳ᠋ᠦᠩ᠎ᠢ ᠨᠡᠢᠲᠡᠯᠡᠪᠡ᠃ ᠳᠤᠮᠳᠠᠳᠤ ᠤᠯᠤᠰ᠎ᠤᠨ ᠠᠩᠭᠢ ᠨᠡᠢᠲᠡ 22 ᠤᠷᠤᠯᠳᠤᠭᠠᠨ᠎ᠳᠤ ᠣᠷᠣᠯᠴᠠᠬᠤ ᠣᠷᠣᠨ ᠳᠤᠭ᠎ᠠ᠎ᠣᠯᠵᠤ᠂ ᠬᠠᠮᠤᠭ᠎ᠤᠨ ᠣᠯᠠᠨ᠎ᠳᠠᠭᠠᠨ 8 ᠡᠮᠡᠭ᠌ᠲᠡᠶ ᠲᠠᠮᠢᠷᠴᠢᠨ᠂ 6 ᠡᠷᠡᠭ᠌ᠲᠡᠶ ᠲᠠᠮᠢᠷᠴᠢᠨ᠎ᠢ ᠲᠣᠮᠢᠯᠠᠨ ᠤᠷᠤᠯᠳᠤᠭᠠᠨ᠎ᠳᠤ ᠣᠷᠣᠯᠴᠠᠭᠤᠯᠵᠤ ᠪᠣᠯᠤᠨ᠎ᠠ᠂ ᠡᠨᠡ ᠨᠢ  ᠫᠢᠨᠭᠴᠠᠨᠭ᠌᠎ᠤᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠡᠴᠡ᠎ᠢᠯᠡᠭᠦᠦ 8 ᠡᠮᠡᠭ᠌ᠲᠡᠶ ᠲᠠᠮᠢᠷᠴᠢᠨ᠂ 3 ᠡᠷᠡᠭ᠌ᠲᠡᠶ ᠲᠠᠮᠢᠷᠴᠢᠨ᠎ᠤ ᠤᠷᠤᠨ ᠲᠤᠭ᠎ᠠ ᠤᠯᠤᠭᠰᠠᠨ᠎ᠢ ᠬᠠᠷᠠᠭᠤᠯᠵᠤ ᠪᠠᠢᠭ᠎ᠠ ᠶᠤᠮ᠃


QQ图片20220110095508.png


ᠲᠤᠰ ᠤᠳᠠᠭ᠎ᠠ ᠵᠢᠨ ᠳᠡᠯᠡᠬᠡᠶ᠎ᠶ᠋ᠢᠨ ᠬᠤᠨᠳᠠᠭᠠᠲᠤ ᠤᠷᠤᠯᠳᠤᠭᠠᠨ᠎ᠳᠤ᠂ ᠮᠠᠨ᠎ᠤ ᠤᠯᠤᠰ᠎ᠤᠨ ᠲᠠᠮᠢᠷᠴᠢᠨ ᠨᠢᠩ ᠵᠥᠩ ᠶᠠᠨ᠂ ᠭᠤᠤ ᠲᠢᠩ ᠢᠦᠶ ᠮᠠᠩᠯᠠᠢᠯᠠᠭ᠍ᠰᠠᠨ᠎ᠠᠴᠠ ᠭᠠᠳᠠᠨ᠎ᠠ᠂ ᠳᠤᠮᠳᠠᠳᠤ ᠤᠯᠤᠰ᠎ᠤᠨ ᠪᠤᠰᠤᠳ ᠲᠠᠮᠢᠷᠴᠢᠳ ᠴᠤ᠌ ᠤᠷᠤᠯᠳᠤᠭᠠᠨ᠎ᠳᠤ ᠣᠷᠣᠯᠴᠠᠬᠤ ᠤᠷᠤᠨ ᠲᠤᠭ᠎ᠠ ᠤᠯᠵᠠᠢ᠂ ᠡᠭᠦᠨ᠎ᠳᠦ ᠡᠮᠡᠭ᠌ᠲᠡᠶ᠎ᠶ᠋ᠢᠨ 500 ᠮᠧᠲ᠋ᠷ᠂ 1000 ᠮᠧᠲ᠋ᠷ᠂ 1500 ᠮᠧᠲ᠋ᠷ ᠂ 3000 ᠮᠧᠲ᠋ᠷ ᠂ 5000 ᠮᠧᠲ᠋ᠷ᠂ ᠡᠷᠡᠭ᠌ᠲᠡᠶ᠎ᠶ᠋ᠢᠨ 500 ᠮᠧᠲ᠋ᠷ᠂ 1000 ᠮᠧᠲ᠋ᠷ ᠂ 1500 ᠮᠧᠲ᠋ᠷ᠎ᠤᠨ ᠤᠷᠤᠯᠳᠤᠭᠠᠨ᠎ᠤ ᠲᠦᠷᠦᠯ ᠵᠦᠢᠯ᠎ᠢ  ᠪᠠᠭᠲᠠᠭᠠᠪᠠ᠃ ᠣᠯᠠᠨ ᠤᠯᠤᠰ᠎ᠤᠨ ᠲᠡᠱᠢᠯᠲᠡ᠎ᠶ᠋ᠢᠨ ᠬᠣᠯᠪᠣᠭᠠᠨ᠎ᠤ ᠲᠣᠭ᠍ᠲᠠᠭᠠᠯ᠎ᠢ ᠦᠨᠳᠦᠰᠦᠯᠡᠪᠡᠯ᠂ ᠳᠤᠮᠳᠠᠳᠤ ᠤᠯᠤᠰ᠎ᠤᠨ ᠠᠩᠭᠢ ᠬᠠᠮᠤᠭ᠎ᠤᠨ ᠣᠯᠠᠨ᠎ᠳᠠᠭᠠᠨ 8 ᠡᠮᠡᠭ᠌ᠲᠡᠶ ᠲᠠᠮᠢᠷᠴᠢᠨ ᠪᠠ 6 ᠡᠷᠡᠭ᠌ᠲᠡᠶ ᠲᠠᠮᠢᠷᠴᠢᠨ ᠲᠣᠮᠢᠯᠠᠨ ᠤᠷᠤᠯᠳᠤᠭᠠᠨ᠎ᠳᠤ ᠣᠷᠣᠯᠴᠠᠭᠤᠯᠵᠤ ᠪᠣᠯᠤᠨ᠎ᠠ᠃ ᠡᠭᠦᠨ᠎ᠡᠴᠡ ᠡᠮᠦᠨ᠎ᠡ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠎ᠶ᠋ᠢᠨ ᠡᠪᠦᠯ᠎ᠦᠨ ᠤᠯᠠᠷᠢᠯ᠎ᠤᠨ ᠪᠡᠶ᠎ᠡ᠎ᠶ᠋ᠢᠨ ᠲᠠᠮᠢᠷ᠎ᠤᠨ ᠬᠠᠮᠢᠶᠠᠷᠤᠯᠲᠠ᠎ᠶ᠋ᠢᠨ ᠲᠥᠪ᠎ᠡᠴᠡ ᠲᠦᠷᠭᠡᠨ ᠲᠡᠱᠢᠯᠲᠡ᠎ᠶ᠋ᠢᠨ ᠳᠡᠯᠡᠬᠡᠶ᠎ᠶ᠋ᠢᠨ ᠬᠤᠨᠳᠠᠭᠠᠲᠤ ᠤᠷᠤᠯᠳᠤᠭᠠᠨ᠎ᠳᠤ ᠮᠠᠩᠯᠠᠢᠯᠠᠭ᠍ᠰᠠᠨ ᠨᠢᠩ ᠵᠥᠩ ᠶᠠᠨ᠂ ᠭᠤᠤ ᠲᠢᠩ ᠢᠦᠶ ᠨᠢᠭᠡᠨᠲᠡ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠱᠢᠭᠤᠳ ᠣᠷᠣᠯᠴᠠᠬᠤ ᠬᠢᠷᠢ ᠬᠡᠮ᠎ᠢ ᠣᠯᠵᠤ ᠂ ᠪᠤᠰᠤᠳ ᠲᠦᠷᠭᠡᠨ ᠲᠡᠱᠢᠯᠲᠡ᠎ᠶ᠋ᠢᠨ ᠲᠠᠮᠢᠷᠴᠢᠨ᠎ᠢ ᠱᠢᠯᠢᠨ ᠰᠣᠩᠭᠣᠬᠤ ᠬᠡᠷᠡᠭ᠌ᠲᠡᠶ ᠭᠡᠵᠦ᠍ ᠨᠡᠢᠲᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号